7 ᠳ᠋ᠤᠭᠠᠷ ᠰᠠᠷ᠎ᠠ ᠶᠢᠨ 23 ᠤ ᠡᠳᠦᠷ᠂ ᠪᠦᠬᠦ ᠣᠷᠣᠨ ᠤ ᠵᠠᠮ ᠲᠡᠭᠡᠭᠡᠪᠦᠷᠢ ᠶᠢᠨ ᠡᠳ᠋ ᠪᠠᠷᠠᠭᠠᠨ ᠤ | ᠭᠦᠢᠯᠭᠡᠭᠡᠨ ᠤ ᠬᠥᠭᠵᠢᠯᠲᠡ ᠶᠢ ᠳᠥᠯᠭᠢᠨ ᠠᠬᠢᠭᠤᠯᠬᠤ ᠲᠤᠬᠠᠶ ᠶᠢᠨ ᠲᠠᠯᠠᠪᠠᠢ ᠶᠢᠨ ᠬᠤᠷᠠᠯ ᠢ ᠤᠯᠠᠭᠠᠨᠬᠠᠳᠠ ᠬᠤᠲᠠ | ᠳᠤ ᠬᠤᠷᠠᠯᠳᠤᠭᠤᠯᠪᠠ᠃ ᠬᠤᠷᠠᠯ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ︽8337︾ ᠬᠥᠭᠵᠢᠯᠲᠡ ᠶᠢᠨ ᠰᠡᠳᠬᠢᠮᠵᠢ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠵᠠᠮ ᠲᠡᠭᠡᠭᠡᠪᠦᠷᠢ ᠶᠢᠨ | ᠡᠳ᠋ ᠪᠠᠷᠠᠭᠠᠨ ᠤ ᠭᠦᠢᠯᠭᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠳᠥᠯᠭᠢᠨ | ᠠᠬᠢᠭᠤᠯᠬᠤ᠂ ᠤᠯᠠᠭᠠᠨᠬᠠᠳᠠ ᠬᠤᠲᠠ ᠶᠢᠨ ᠵᠠᠮ ᠲᠡᠭᠡᠭᠡᠪᠦᠷᠢ ᠶᠢᠨ ᠡᠳ᠋ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ | ᠦᠷ᠎ᠡ ᠪᠦᠲᠦᠭᠡᠯ ᠢ ᠰᠢᠨᠵᠢᠯᠡᠨ ᠪᠠᠶᠢᠴᠠᠭᠠᠬᠤ᠂ ᠪᠦᠬᠦ ᠣᠷᠣᠨ ᠤ ᠵᠠᠮ ᠲᠡᠭᠡᠭᠡᠪᠦᠷᠢ ᠶᠢᠨ ᠡᠳ᠋ ᠪᠠᠷᠠᠭᠠᠨ ᠤ | ᠭᠦᠢᠯᠭᠡᠭᠡᠨ ᠤ ᠬᠥᠭᠵᠢᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠭ᠎ᠠ ᠶᠢ ᠳ᠋ᠦᠩᠨᠡᠬᠦ᠂ ᠪᠦᠬᠦ ᠣᠷᠣᠨ ᠤ ᠵᠠᠮ | ᠲᠡᠭᠡᠭᠡᠪᠦᠷᠢ ᠶᠢᠨ ᠡᠳ᠋ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢ ᠳᠥᠯᠭᠢᠨ ᠠᠬᠢᠭᠤᠯᠬᠤ ᠳᠠᠷᠠᠭ᠎ᠠ ᠠᠯᠬᠤᠮ ᠤᠨ | ᠠᠵᠢᠯ ᠢ ᠰᠤᠳᠤᠯᠤᠨ ᠪᠠᠶᠢᠷᠢᠯᠠᠭᠤᠯᠬᠤ ᠪᠠᠷ ᠭᠤᠣᠯ ᠡᠭᠦᠷᠭᠡ ᠪᠠᠨ ᠪᠣᠯᠭᠠᠪᠠ᠃ | ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠨ ᠲᠥᠯᠦᠭᠡᠯᠡᠭᠴᠢᠳ ᠤᠯᠠᠭᠠᠨᠬᠠᠳᠠ | ᠬᠤᠲᠠ ᠶᠢᠨ ᠮᠥᠩᠭᠦᠨ ᠭᠦᠢᠯᠭᠡᠭᠡ ᠶᠢᠨ ᠡᠳ᠋ ᠪᠠᠷᠠᠭᠠᠨ ᠤ ᠭᠦᠢᠯᠭᠡᠭᠡᠨ ᠤ ᠭᠠᠷᠠᠮ ᠤᠨ ᠲᠣᠭᠤᠷᠢᠭ ᠤᠨ ᠪᠦᠲᠦᠭᠡᠨ | ᠪᠠᠶᠢᠭᠤᠯᠤᠯᠲᠠ ᠪᠣᠯᠣᠨ ᠲᠤᠬᠠᠶᠢᠯᠠᠭᠰᠠᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠲᠠᠯᠠᠪᠠᠢ ᠳᠤᠨᠢ | ᠲᠣᠭᠤᠷᠢᠨ ᠦᠵᠡᠪᠡ᠃ ᠣᠶᠢᠷ᠎ᠠ ᠶᠢᠨ ᠵᠢᠯ ᠤᠳ ᠲᠤ᠂ ᠤᠯᠠᠭᠠᠨᠬᠠᠳᠠ ᠬᠤᠲᠠ ᠶᠢᠨ ᠡᠳ᠋ ᠪᠠᠷᠠᠭᠠᠨ ᠤ ᠭᠦᠢᠯᠭᠡᠭᠡᠨ ᠤ | ᠦᠢᠯᠡᠰ ᠦᠳᠲᠡᠷ ᠲᠦᠷᠭᠡᠨ ᠬᠥᠭᠵᠢᠵᠦ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠲᠠᠰᠤᠷᠠᠯᠲᠠ | ᠦᠭᠡᠶ ᠴᠢᠩᠭᠠᠳᠴᠤ᠂ ᠤᠯᠠᠮᠵᠢᠯᠠᠯᠲᠤ ᠡᠳ᠋ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠠᠯᠬᠤᠮ ᠠᠯᠬᠤᠮ ᠢᠶᠠᠷ | ᠣᠳᠣ ᠦᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ᠦᠢᠯᠡᠰ ᠲᠡᠰᠢ ᠤᠯᠠᠷᠢᠨ ᠬᠤᠪᠢᠷᠠᠵᠤ᠂ ᠲᠡᠭᠡᠭᠡᠪᠦᠷᠢ ᠶᠢᠨ | ᠦᠢᠯᠡᠴᠢᠯᠡᠭᠡᠨ ᠤ ᠬᠢᠷᠢ ᠬᠡᠮᠵᠢᠶ᠎ᠡ ᠲᠠᠰᠤᠷᠠᠯᠲᠠ ᠦᠭᠡᠶ ᠳᠡᠭᠡᠭᠰᠢᠯᠡᠪᠡ᠃ ᠤᠯᠠᠭᠠᠨᠬᠠᠳᠠ ᠶᠢᠨ ᠮᠥᠩᠭᠦᠨ | ᠭᠦᠢᠯᠭᠡᠭᠡ ᠶᠢᠨ ᠡᠳ᠋ ᠪᠠᠷᠠᠭᠠᠨ ᠤ ᠭᠦᠢᠯᠭᠡᠭᠡᠨ ᠤ ᠭᠠᠷᠠᠮ ᠪᠣᠯ ᠥᠪᠥᠷ ᠮᠣᠩᠭᠤᠯ ᠤᠨ ᠵᠢᠦ ᠲᠥᠡᠭ ᠡᠳ᠋ ᠪᠠᠷᠠᠭᠠᠨ ᠤ | ᠭᠦᠢᠯᠭᠡᠭᠡᠨ ᠤ ᠬᠢᠵᠠᠭᠠᠷᠲᠤ ᠺᠣᠮᠫᠠᠨᠢ ᠠᠴᠠ ᠤᠯᠠᠭᠠᠨᠬᠠᠳᠠ ᠣᠷᠣᠨ ᠳᠤ ᠨᠠᠷᠢᠨ ᠬᠢᠨᠠᠮᠠᠭᠠᠢ ᠴᠤᠭᠴᠠᠯᠠᠨ ᠪᠠᠶᠢᠭᠤᠯᠤᠭᠰᠠᠨ | ᠣᠳᠣ ᠦᠶ᠎ᠡ ᠶᠢᠨ ᠲᠣᠮᠣ ᠬᠡᠯᠪᠡᠷᠢ ᠶᠢᠨ ᠡᠳ᠋ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠤᠨ | ᠲᠥᠷᠥᠯ ᠵᠦᠢᠯ ᠮᠦᠨ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ᠂ ᠬᠤᠩᠱᠠᠨ ᠲᠣᠭᠤᠷᠢᠭ ᠤᠨ | ᠭᠤᠷᠪᠠᠨ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠳᠥᠯᠭᠢᠨ ᠠᠬᠢᠭᠤᠯᠵᠤ | ᠪᠥᠲᠦᠭᠡᠨ ᠪᠠᠶᠢᠭᠤᠯᠤᠭᠰᠠᠨ ᠠᠵᠤ ᠦᠢᠯᠡᠰ ᠤᠨ ᠲᠥᠷᠥᠯ ᠵᠦᠢᠯ ᠮᠦᠨ ᠪᠥᠭᠡᠳ ᠵᠠᠮ ᠲᠡᠭᠡᠭᠡᠪᠦᠷᠢ ᠶᠢᠨ ᠶᠠᠮᠤᠨ ᠤ | ᠭᠤᠷᠪᠠᠳᠤᠭᠠᠷ ᠪᠦᠯᠦᠭ ᠤᠨ ᠪᠦᠬᠦ ᠤᠯᠤᠰ ᠤᠨ ᠵᠠᠰᠠᠮᠠᠯ ᠵᠠᠮ ᠤᠨ ᠴᠢᠷᠭᠡᠦᠯ ᠣᠷᠬᠢᠬᠤ ᠲᠡᠭᠡᠭᠡᠪᠦᠷᠢ ᠶᠢᠨ | ᠲᠤᠷᠰᠢᠯᠲᠠ ᠶᠢᠨ ᠨᠢᠭᠡᠴᠡ ᠪᠣᠯᠣᠨ᠎ᠠ᠃ ᠴᠢᠷᠭᠡᠦᠯ ᠣᠷᠬᠢᠬᠤ ᠲᠡᠭᠡᠭᠡᠪᠦᠷᠢ ᠶᠢᠨ ᠲᠥᠷᠥᠯ ᠵᠦᠢᠯ ᠢ ᠤᠷᠤᠭᠰᠢᠲᠠᠶ | ᠬᠡᠷᠡᠭᠵᠢᠭᠦᠯᠦᠭᠰᠡᠨ ᠶᠠᠪᠤᠳᠠᠯ ᠨᠢ ᠤᠯᠠᠭᠠᠨᠬᠠᠳᠠ ᠬᠤᠲᠠ ᠶᠢᠨ ᠤᠯᠠᠮᠵᠢᠯᠠᠯᠲᠤ ᠲᠡᠭᠡᠭᠡᠪᠦᠷᠢ ᠶᠢᠨ ᠬᠡᠪ ᠵᠠᠭᠪᠤᠷ ᠢ | ᠬᠤᠪᠢᠷᠠᠭᠤᠯᠬᠤ ᠳᠤ ᠢᠳᠡᠪᠬᠢᠲᠡᠶ ᠳᠠᠭᠠᠭᠤᠯᠤᠨ ᠵᠢᠱᠢᠶ᠎ᠡ ᠦᠵᠡᠭᠦᠯᠬᠦ ᠦᠢᠯᠡᠳᠦᠯ ᠦᠵᠡᠭᠦᠯᠵᠦ᠂ ᠴᠢᠷᠭᠡᠦᠯ ᠣᠷᠬᠢᠬᠤ | ᠲᠡᠭᠡᠭᠡᠪᠦᠷᠢ ᠪᠠᠷ ᠵᠠᠩᠭᠢᠯᠠᠭ᠎ᠠ ᠪᠣᠯᠭᠠᠨ᠂ ᠰᠢᠯᠢᠳᠡᠭᠵᠢᠭᠦᠯᠦᠨ ᠲᠣᠬᠢᠷᠠᠭᠤᠯᠵᠤ᠂ ᠲᠡᠭᠡᠭᠡᠪᠦᠷᠢ ᠵᠣᠬᠢᠶᠠᠨ ᠪᠠᠶᠢᠭᠤᠯᠬᠤ | ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠡᠨᠧᠷᠭᠢ ᠠᠷᠪᠢᠯᠠᠨ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠠᠬᠢᠭᠤᠯᠬᠤ ᠳᠤ ᠰᠠᠶᠢᠲᠤᠷ ᠰᠠᠭᠤᠷᠢ ᠲᠠᠯᠪᠢᠵᠤ ᠥᠭᠭᠦᠭᠰᠡᠨ | ᠪᠠᠶᠢᠨ᠎ᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠳ᠋ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ | ᠬᠡᠪᠴᠢᠶ᠎ᠡ ᠪᠠᠨ ᠥᠳᠲᠡᠷ ᠲᠦᠷᠭᠡᠨ ᠥᠷᠭᠡᠳᠬᠡᠬᠦ ᠪᠠ ᠶᠠᠰᠤ ᠴᠢᠨᠠᠷ ᠢᠶᠠᠨ ᠪᠦᠬᠦ ᠲᠠᠯ᠎ᠠ ᠪᠠᠷ ᠳᠡᠭᠡᠭᠰᠢᠯᠡᠬᠦᠯᠬᠦ | ᠵᠠᠩᠭᠢᠯᠠᠭ᠎ᠠ ᠶᠢᠨ ᠦᠶ᠎ᠡ ᠳᠤ ᠣᠷᠣᠵᠤ᠂ ᠵᠠᠮ ᠲᠡᠭᠡᠭᠡᠪᠦᠷᠢ ᠶᠢᠨ ᠡᠳ᠋ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ | ᠣᠷᠣᠨ ᠵᠠᠶ ᠨᠢ ᠤᠯᠠᠮ ᠠᠴᠠ ᠤᠯᠠᠮ ᠥᠷᠭᠡᠨ ᠠᠭᠤᠳᠠᠮ ᠪᠣᠯᠬᠤ ᠪᠣᠯᠣᠨ᠎ᠠ᠃ ᠣᠳᠣ ᠦᠶ᠎ᠡ ᠶᠢᠨ ᠡᠳ᠋ ᠪᠠᠷᠠᠭᠠᠨ ᠤ | ᠭᠦᠢᠯᠭᠡᠭᠡᠨ ᠤ ᠦᠢᠯᠡᠰ ᠪᠣᠯᠣᠨ ᠦᠢᠯᠡᠳᠬᠦ ᠦᠢᠯᠡᠰ᠂ ᠭᠦᠢᠯᠭᠡᠭᠡᠨ ᠤ ᠦᠢᠯᠡᠰ ᠵᠡᠷᠭᠡ ᠶᠢᠨ ᠬᠤᠯᠪᠤᠭᠠᠯᠠᠨ | ᠬᠥᠳᠡᠯᠦᠯᠴᠡᠬᠦ ᠪᠠᠷ ᠳᠠᠮᠵᠢᠭᠤᠯᠤᠨ᠂ ᠦᠢᠯᠡᠳᠪᠦᠷᠢᠯᠡᠯ ᠬᠡᠷᠡᠭᠯᠡᠭᠡ ᠶᠢ ᠵᠣᠯᠭᠠᠭᠤᠯᠬᠤ ᠶᠢ ᠠᠬᠢᠭᠤᠯᠵᠤ᠂ ᠠᠵᠤ | ᠠᠬᠤᠶ ᠶᠢᠨ ᠨᠡᠮᠡᠭᠳᠡᠯ ᠤᠨ ᠰᠢᠨ᠎ᠡ ᠴᠢᠭ᠋ ᠢ ᠪᠣᠶᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠡᠳ᠋ ᠪᠠᠷᠠᠭᠠᠨ ᠤ | ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠠ ᠠᠵᠤ ᠠᠬᠤᠶ ᠶᠢᠨ ᠡᠵᠡᠩᠨᠡᠯᠲᠡ ᠶᠢᠨ ᠣᠷᠴᠢᠨ | ᠲᠣᠭᠤᠷᠢᠨ ᠢ ᠰᠠᠶᠢᠵᠢᠷᠠᠭᠤᠯᠬᠤ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠭᠤᠣᠯᠯᠠᠬᠤ | ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ᠂ ᠡᠭᠦᠨ ᠤ ᠤᠯᠠᠮ ᠢᠶᠠᠷ ᠥᠪᠡᠷᠲᠡᠭᠡᠨ ᠵᠠᠰᠠᠬᠤ ᠣᠷᠣᠨ ᠤ ᠠᠵᠤ | ᠠᠬᠤᠶ ᠶᠢᠨ ᠨᠡᠩ ᠥᠨᠳᠥᠷ ᠲᠦᠪᠰᠢᠨ ᠲᠡᠰᠢ ᠬᠥᠭᠵᠢᠬᠦ ᠶᠢ ᠬᠥᠲᠥᠯᠥᠨ ᠵᠢᠯᠣᠭᠤᠳᠬᠤ ᠪᠠ ᠠᠬᠢᠭᠤᠯᠵᠤ᠂ ᠠᠵᠤ | ᠠᠬᠤᠶ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠪᠡᠶᠡᠯᠡᠭᠦᠯᠬᠦ ᠪᠣᠯᠣᠨ᠎ᠠ᠃ |