2015 ᠤᠨ ᠤ 6 ᠳ᠋ᠤᠭᠠᠷ ᠰᠠᠷ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ ᠶᠢᠨ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ ᠶᠢ 7 ᠳ᠋ᠤᠭᠠᠷ | ᠰᠠᠷ᠎ᠠ ᠶᠢᠨ 29 ᠤ ᠡᠳᠦᠷ ᠨᠡᠶᠢᠲᠡᠯᠡᠵᠤ᠂ ᠲᠤᠰ ᠤᠳᠠᠭᠠᠨ ᠤ ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ ᠶᠢ | ᠪᠦᠬᠦ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠥᠨᠳᠥᠷ ᠳᠤᠮᠳᠠᠳᠤ ᠶᠢᠨ ᠨᠢᠭᠡᠳᠦᠭᠡᠷ | ᠣᠨ᠂ ᠥᠨᠳᠥᠷ ᠳᠤᠮᠳᠠᠳᠤ ᠶᠢᠨ ᠬᠤᠶᠠᠳᠤᠭᠠᠷ ᠣᠨ ᠤ ᠰᠤᠷᠤᠭᠴᠢ ᠳᠤ ᠬᠠᠨᠳᠤᠭᠤᠯᠤᠭᠰᠠᠨ ᠪᠦᠭᠡᠳ ᠡᠨᠡ | ᠤᠳᠠᠭᠠᠨ ᠤ ᠰᠢᠯᠭᠠᠯᠲᠠ ᠳᠤ ᠤᠷᠤᠯᠴᠠᠭᠰᠠᠨ ᠰᠢᠯᠭᠠᠭᠤᠭᠴᠢ ᠨᠡᠶᠢᠲᠡ 163348 ᠬᠥᠮᠦᠨ ᠪᠠᠶᠢᠵᠤ᠂ ᠡᠭᠦᠨ ᠳᠤ | ᠬᠢᠲᠠᠳ ᠢᠶᠠᠷ ᠰᠤᠷᠤᠭᠰᠠᠨ ᠰᠢᠯᠭᠠᠭᠤᠯᠤᠭᠴᠢ 149905 ᠬᠦᠮᠦᠨ᠂ ᠮᠣᠩᠭᠤᠯ ᠢᠶᠠᠷ ᠰᠤᠷᠤᠭᠰᠠᠨ ᠰᠢᠯᠭᠠᠭᠤᠯᠤᠭᠴᠢ | 13443 ᠬᠦᠮᠦᠨ ᠪᠠᠶᠢᠨ᠎ᠠ᠃ ᠰᠢᠯᠭᠠᠯᠲᠠ ᠶᠢᠨ ᠲᠦᠷᠦᠯ ᠨᠢ ᠹᠢᠽᠢᠺ᠂ ᠹᠢᠽᠢᠺ ︵ᠮᠣᠩᠭᠤᠯ︶᠂ ᠬᠢᠮᠢ᠂ ᠬᠢᠮᠢ ︵ | ᠮᠣᠩᠭᠤᠯ︶᠂ ᠤᠯᠤᠰ ᠲᠥᠷᠥ᠂ ᠤᠯᠤᠰ ᠲᠥᠷᠥ ︵ᠮᠣᠩᠭᠤᠯ︶ ᠪᠤᠯᠤᠨ᠎ᠠ᠃ ᠰᠢᠯᠭᠠᠭᠤᠯᠤᠭᠰᠠᠳ ᠰᠤᠷᠤᠯᠭ᠎ᠠ ᠶᠢᠨ | ᠬᠢᠷᠢ ᠬᠡᠮᠵᠢᠶ᠎ᠡ ᠶᠢᠨ ᠰᠢᠯᠭᠠᠯᠲᠠ ᠶᠢᠨ ᠰᠢᠯᠭᠠᠭᠤᠯᠬᠤ ᠬᠠᠷᠢᠶ᠎ᠠ ᠶᠢᠨ ᠬᠠᠮᠢᠶᠠᠷᠤᠯᠲᠠ ᠶᠢᠨ ᠰᠢᠰᠲ᠋ᠧᠮ ᠳᠠᠬᠢ | ᠰᠢᠯᠭᠠᠭᠤᠯᠤᠭᠰᠠᠳ ᠲᠤ ᠦᠢᠯᠡᠴᠢᠯᠡᠬᠦ ᠳᠠᠪᠲᠠᠭ ︵http://www1.nm.zsks. | cn/xjzcweb/prelogin_kjzc.jsp) ᠲᠤ ᠤᠷᠤᠵᠤ᠂ ᠪᠡᠶ᠎ᠡ ᠶᠢᠨ ᠦᠨᠡᠮᠯᠡᠯ ᠤᠨ ᠨᠣᠮᠧᠷ᠂ ᠣᠪᠣᠭ | ᠨᠡᠷ᠎ᠡ᠂ ᠬᠤᠪᠢ ᠬᠥᠮᠦᠨ ᠤ ᠨᠢᠭᠤᠴᠠ ᠲᠤᠭ᠎ᠠ ᠪᠠᠨ ᠲᠠᠭᠯᠠᠪᠠᠯ᠂ ᠬᠢᠷᠢ ᠪᠦᠲᠦᠮᠵᠢ ᠪᠠᠨ ᠪᠠᠶᠢᠴᠠᠭᠠᠨ ᠯᠠᠪᠯᠠᠵᠤ | ᠪᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ ᠶᠢᠨ ᠡᠷᠭᠡ ᠲᠡᠭᠰᠢ᠂ ᠲᠥᠪ ᠭᠤᠣᠯᠴᠢ ᠪᠠᠶᠢᠬᠤ ᠶᠢ ᠪᠠᠲᠤᠯᠠᠵᠤ᠂ | ᠥᠷᠭᠡᠨ ᠣᠯᠠᠨ ᠰᠢᠯᠭᠠᠭᠤᠯᠤᠭᠴᠢ ᠶᠢᠨ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠤᠰᠠᠳᠠ᠂ | ᠰᠢᠯᠭᠠᠭᠤᠯᠤᠭᠰᠠᠳ ᠬᠡᠷᠪᠡ ᠬᠢᠷᠢ ᠪᠦᠲᠦᠮᠵᠢ ᠳᠡᠭᠡᠨ ᠰᠡᠵᠢᠭ ᠲᠠᠢ ᠪᠤᠯ 2015 ᠤᠨ ᠤ 7 ᠳ᠋ᠤᠭᠠᠷ ᠰᠠᠷ᠎ᠠ ᠶᠢᠨ | 29 ᠤ ᠡᠳᠦᠷ ᠠᠴᠠ 8 ᠳ᠋ᠤᠭᠠᠷ ᠰᠠᠷ᠎ᠠ ᠶᠢᠨ 5 ᠤ ᠡᠳᠦᠷ ᠬᠦᠷᠲᠡᠯ᠎ᠡ ᠴᠥᠮ ᠳᠠᠪᠲᠠᠨ ᠪᠠᠶᠢᠴᠠᠭᠠᠵᠤ ᠪᠤᠯᠤᠨ᠎ᠠ᠃ | ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ ᠶᠢᠨ ᠰᠢᠯᠭᠠᠭᠤᠯᠬᠤ ᠬᠠᠷᠢᠶ᠎ᠠ ᠶᠢᠨ ᠬᠠᠮᠢᠶᠠᠷᠤᠯᠲᠠ ᠶᠢᠨ | ᠰᠢᠰᠲ᠋ᠧᠮ ᠤᠨ ᠰᠢᠯᠭᠠᠭᠤᠯᠤᠭᠰᠠᠳ ᠲᠤ ᠦᠢᠯᠡᠴᠢᠯᠡᠬᠦ ᠳᠠᠪᠲᠠᠭ ︵http://www1.nm.zsks. | cn/xjzcweb/prelogin_kjzc.jsp︶ ᠲᠤ ᠭᠠᠷᠴᠤ᠂ ︽ᠰᠢᠯᠭᠠᠯᠲᠠ ᠶᠢᠨ ᠬᠠᠭᠤᠳᠠᠰᠤ ᠪᠠᠨ ᠳᠠᠪᠲᠠᠨ | ᠪᠠᠶᠢᠴᠠᠭᠠᠬᠤ︾ ᠳᠤ ᠤᠷᠤᠵᠤ᠂ ᠳᠠᠪᠲᠠᠨ ᠪᠠᠶᠢᠴᠠᠭᠠᠬᠤ ᠭᠤᠶᠤᠴᠢᠯᠠᠯ ᠢᠶᠠᠨ ᠰᠠᠨᠠᠭᠤᠯᠤᠮᠵᠢ ᠶᠢᠨ ᠱᠠᠭᠠᠷᠳᠠᠭᠰᠠᠨ | ᠶᠣᠰᠣᠭᠠᠷ ᠲᠠᠭᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ | ᠡᠯᠰᠡᠬᠦ ᠰᠢᠯᠭᠠᠯᠲᠠ ᠶᠢᠨ ᠲᠥᠪ ᠠᠴᠠ ᠳᠠᠪᠲᠠᠨ ᠪᠠᠶᠢᠴᠠᠭᠠᠭᠰᠠᠨ ᠤ ᠳᠠᠷᠠᠭ᠎ᠠ ᠰᠦᠯᠵᠢᠶᠡᠨ ᠳᠤ ᠭᠠᠷᠴᠤ ᠳᠠᠪᠲᠠᠨ | ᠪᠠᠶᠢᠴᠠᠭᠠᠬᠤ ᠦᠷ᠎ᠡ ᠳ᠋ᠦᠩ ᠢᠶᠠᠨ ᠪᠠᠶᠢᠴᠠᠭᠠᠨ ᠠᠰᠠᠭᠤᠵᠤ ᠪᠤᠯᠤᠨ᠎ᠠ᠃ |