ᠪᠦᠬᠦ ᠣᠷᠣᠨ ᠤ ᠵᠠᠮ ᠲᠡᠭᠡᠭᠡᠪᠦᠷᠢ ᠶᠢᠨ ᠡᠳ᠋ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢ ᠳᠥᠯᠭᠢᠨ ᠠᠬᠢᠭᠤᠯᠬᠤ ᠲᠤᠬᠠᠶ ᠶᠢᠨ ᠲᠠᠯᠠᠪᠠᠢ ᠶᠢᠨ ᠬᠤᠷᠠᠯ ᠢ ᠤᠯᠠᠭᠠᠨᠬᠠᠳᠠ ᠬᠤᠲᠠ ᠳᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2015/8/4
     7 ᠳ᠋ᠤᠭᠠᠷ ᠰᠠᠷ᠎ᠠ ᠶᠢᠨ 23 ᠤ ᠡᠳᠦᠷ᠂ ᠪᠦᠬᠦ ᠣᠷᠣᠨ ᠤ ᠵᠠᠮ ᠲᠡᠭᠡᠭᠡᠪᠦᠷᠢ ᠶᠢᠨ ᠡᠳ᠋ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢ ᠳᠥᠯᠭᠢᠨ ᠠᠬᠢᠭᠤᠯᠬᠤ ᠲᠤᠬᠠᠶ ᠶᠢᠨ ᠲᠠᠯᠠᠪᠠᠢ ᠶᠢᠨ ᠬᠤᠷᠠᠯ ᠢ ᠤᠯᠠᠭᠠᠨᠬᠠᠳᠠ ᠬᠤᠲᠠ  ᠳᠤ ᠬᠤᠷᠠᠯᠳᠤᠭᠤᠯᠪᠠ᠃ ᠬᠤᠷᠠᠯ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽8337︾ ᠬᠥᠭᠵᠢᠯᠲᠡ ᠶᠢᠨ ᠰᠡᠳᠬᠢᠮᠵᠢ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠵᠠᠮ ᠲᠡᠭᠡᠭᠡᠪᠦᠷᠢ ᠶᠢᠨ ᠡᠳ᠋ ᠪᠠᠷᠠᠭᠠᠨ ᠤ ᠭᠦᠢᠯᠭᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠳᠥᠯᠭᠢᠨ ᠠᠬᠢᠭᠤᠯᠬᠤ᠂ ᠤᠯᠠᠭᠠᠨᠬᠠᠳᠠ ᠬᠤᠲᠠ ᠶᠢᠨ ᠵᠠᠮ ᠲᠡᠭᠡᠭᠡᠪᠦᠷᠢ ᠶᠢᠨ ᠡᠳ᠋ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠦᠷ᠎ᠡ ᠪᠦᠲᠦᠭᠡᠯ ᠢ ᠰᠢᠨᠵᠢᠯᠡᠨ ᠪᠠᠶᠢᠴᠠᠭᠠᠬᠤ᠂ ᠪᠦᠬᠦ ᠣᠷᠣᠨ ᠤ ᠵᠠᠮ ᠲᠡᠭᠡᠭᠡᠪᠦᠷᠢ ᠶᠢᠨ ᠡᠳ᠋ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠭ᠎ᠠ ᠶᠢ ᠳ᠋ᠦᠩᠨᠡᠬᠦ᠂ ᠪᠦᠬᠦ ᠣᠷᠣᠨ ᠤ ᠵᠠᠮ ᠲᠡᠭᠡᠭᠡᠪᠦᠷᠢ ᠶᠢᠨ ᠡᠳ᠋ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢ ᠳᠥᠯᠭᠢᠨ ᠠᠬᠢᠭᠤᠯᠬᠤ ᠳᠠᠷᠠᠭ᠎ᠠ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠬᠤ ᠪᠠᠷ ᠭᠤᠣᠯ ᠡᠭᠦᠷᠭᠡ ᠪᠠᠨ ᠪᠣᠯᠭᠠᠪᠠ᠃       ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠨ ᠲᠥᠯᠦᠭᠡᠯᠡᠭᠴᠢᠳ ᠤᠯᠠᠭᠠᠨᠬᠠᠳᠠ ᠬᠤᠲᠠ ᠶᠢᠨ ᠮᠥᠩᠭᠦᠨ ᠭᠦᠢᠯᠭᠡᠭᠡ ᠶᠢᠨ ᠡᠳ᠋ ᠪᠠᠷᠠᠭᠠᠨ ᠤ ᠭᠦᠢᠯᠭᠡᠭᠡᠨ ᠤ ᠭᠠᠷᠠᠮ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠣᠯᠣᠨ ᠲᠤᠬᠠᠶᠢᠯᠠᠭᠰᠠᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠲᠠᠯᠠᠪᠠᠢ ᠳᠤᠨᠢ ᠲᠣᠭᠤᠷᠢᠨ ᠦᠵᠡᠪᠡ᠃ ᠣᠶᠢᠷ᠎ᠠ ᠶᠢᠨ ᠵᠢᠯ ᠤᠳ ᠲᠤ᠂ ᠤᠯᠠᠭᠠᠨᠬᠠᠳᠠ ᠬᠤᠲᠠ ᠶᠢᠨ ᠡᠳ᠋ ᠪᠠᠷᠠᠭᠠᠨ ᠤ ᠭᠦᠢᠯᠭᠡᠭᠡᠨ ᠤ ᠦᠢᠯᠡᠰ ᠦᠳᠲᠡᠷ ᠲᠦᠷᠭᠡᠨ ᠬᠥᠭᠵᠢᠵᠦ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠲᠠᠰᠤᠷᠠᠯᠲᠠ ᠦᠭᠡᠶ ᠴᠢᠩᠭᠠᠳᠴᠤ᠂ ᠤᠯᠠᠮᠵᠢᠯᠠᠯᠲᠤ ᠡᠳ᠋ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠠᠯᠬᠤᠮ ᠠᠯᠬᠤᠮ ᠢᠶᠠᠷ ᠣᠳᠣ ᠦᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ᠦᠢᠯᠡᠰ ᠲᠡᠰᠢ ᠤᠯᠠᠷᠢᠨ ᠬᠤᠪᠢᠷᠠᠵᠤ᠂ ᠲᠡᠭᠡᠭᠡᠪᠦᠷᠢ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠲᠠᠰᠤᠷᠠᠯᠲᠠ ᠦᠭᠡᠶ ᠳᠡᠭᠡᠭᠰᠢᠯᠡᠪᠡ᠃ ᠤᠯᠠᠭᠠᠨᠬᠠᠳᠠ ᠶᠢᠨ ᠮᠥᠩᠭᠦᠨ ᠭᠦᠢᠯᠭᠡᠭᠡ ᠶᠢᠨ ᠡᠳ᠋ ᠪᠠᠷᠠᠭᠠᠨ ᠤ ᠭᠦᠢᠯᠭᠡᠭᠡᠨ ᠤ ᠭᠠᠷᠠᠮ ᠪᠣᠯ ᠥᠪᠥᠷ ᠮᠣᠩᠭᠤᠯ ᠤᠨ ᠵᠢᠦ ᠲᠥᠡᠭ ᠡᠳ᠋ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠠᠴᠠ ᠤᠯᠠᠭᠠᠨᠬᠠᠳᠠ ᠣᠷᠣᠨ ᠳᠤ ᠨᠠᠷᠢᠨ ᠬᠢᠨᠠᠮᠠᠭᠠᠢ ᠴᠤᠭᠴᠠᠯᠠᠨ ᠪᠠᠶᠢᠭᠤᠯᠤᠭᠰᠠᠨ ᠣᠳᠣ ᠦᠶ᠎ᠡ ᠶᠢᠨ ᠲᠣᠮᠣ ᠬᠡᠯᠪᠡᠷᠢ ᠶᠢᠨ ᠡᠳ᠋ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠮᠦᠨ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ᠂ ᠬᠤᠩᠱᠠᠨ ᠲᠣᠭᠤᠷᠢᠭ ᠤᠨ ᠭᠤᠷᠪᠠᠨ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠳᠥᠯᠭᠢᠨ ᠠᠬᠢᠭᠤᠯᠵᠤ ᠪᠥᠲᠦᠭᠡᠨ ᠪᠠᠶᠢᠭᠤᠯᠤᠭᠰᠠᠨ ᠠᠵᠤ ᠦᠢᠯᠡᠰ ᠤᠨ ᠲᠥᠷᠥᠯ ᠵᠦᠢᠯ ᠮᠦᠨ ᠪᠥᠭᠡᠳ ᠵᠠᠮ ᠲᠡᠭᠡᠭᠡᠪᠦᠷᠢ ᠶᠢᠨ ᠶᠠᠮᠤᠨ ᠤ ᠭᠤᠷᠪᠠᠳᠤᠭᠠᠷ ᠪᠦᠯᠦᠭ ᠤᠨ ᠪᠦᠬᠦ ᠤᠯᠤᠰ ᠤᠨ ᠵᠠᠰᠠᠮᠠᠯ ᠵᠠᠮ ᠤᠨ ᠴᠢᠷᠭᠡᠦᠯ ᠣᠷᠬᠢᠬᠤ ᠲᠡᠭᠡᠭᠡᠪᠦᠷᠢ ᠶᠢᠨ ᠲᠤᠷᠰᠢᠯᠲᠠ ᠶᠢᠨ ᠨᠢᠭᠡᠴᠡ ᠪᠣᠯᠣᠨ᠎ᠠ᠃ ᠴᠢᠷᠭᠡᠦᠯ ᠣᠷᠬᠢᠬᠤ ᠲᠡᠭᠡᠭᠡᠪᠦᠷᠢ ᠶᠢᠨ ᠲᠥᠷᠥᠯ ᠵᠦᠢᠯ ᠢ ᠤᠷᠤᠭᠰᠢᠲᠠᠶ ᠬᠡᠷᠡᠭᠵᠢᠭᠦᠯᠦᠭᠰᠡᠨ ᠶᠠᠪᠤᠳᠠᠯ ᠨᠢ ᠤᠯᠠᠭᠠᠨᠬᠠᠳᠠ ᠬᠤᠲᠠ ᠶᠢᠨ ᠤᠯᠠᠮᠵᠢᠯᠠᠯᠲᠤ ᠲᠡᠭᠡᠭᠡᠪᠦᠷᠢ ᠶᠢᠨ ᠬᠡᠪ ᠵᠠᠭᠪᠤᠷ ᠢ ᠬᠤᠪᠢᠷᠠᠭᠤᠯᠬᠤ ᠳᠤ ᠢᠳᠡᠪᠬᠢᠲᠡᠶ ᠳᠠᠭᠠᠭᠤᠯᠤᠨ ᠵᠢᠱᠢᠶ᠎ᠡ ᠦᠵᠡᠭᠦᠯᠬᠦ ᠦᠢᠯᠡᠳᠦᠯ ᠦᠵᠡᠭᠦᠯᠵᠦ᠂ ᠴᠢᠷᠭᠡᠦᠯ ᠣᠷᠬᠢᠬᠤ ᠲᠡᠭᠡᠭᠡᠪᠦᠷᠢ ᠪᠠᠷ ᠵᠠᠩᠭᠢᠯᠠᠭ᠎ᠠ ᠪᠣᠯᠭᠠᠨ᠂ ᠰᠢᠯᠢᠳᠡᠭᠵᠢᠭᠦᠯᠦᠨ ᠲᠣᠬᠢᠷᠠᠭᠤᠯᠵᠤ᠂ ᠲᠡᠭᠡᠭᠡᠪᠦᠷᠢ ᠵᠣᠬᠢᠶᠠᠨ ᠪᠠᠶᠢᠭᠤᠯᠬᠤ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠡᠨᠧᠷᠭᠢ ᠠᠷᠪᠢᠯᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠠᠬᠢᠭᠤᠯᠬᠤ ᠳᠤ ᠰᠠᠶᠢᠲᠤᠷ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠳ᠋ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠬᠡᠪᠴᠢᠶ᠎ᠡ ᠪᠠᠨ ᠥᠳᠲᠡᠷ ᠲᠦᠷᠭᠡᠨ ᠥᠷᠭᠡᠳᠬᠡᠬᠦ ᠪᠠ ᠶᠠᠰᠤ ᠴᠢᠨᠠᠷ ᠢᠶᠠᠨ ᠪᠦᠬᠦ ᠲᠠᠯ᠎ᠠ ᠪᠠᠷ ᠳᠡᠭᠡᠭᠰᠢᠯᠡᠬᠦᠯᠬᠦ ᠵᠠᠩᠭᠢᠯᠠᠭ᠎ᠠ ᠶᠢᠨ ᠦᠶ᠎ᠡ ᠳᠤ ᠣᠷᠣᠵᠤ᠂ ᠵᠠᠮ ᠲᠡᠭᠡᠭᠡᠪᠦᠷᠢ ᠶᠢᠨ ᠡᠳ᠋ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠣᠷᠣᠨ ᠵᠠᠶ ᠨᠢ ᠤᠯᠠᠮ ᠠᠴᠠ ᠤᠯᠠᠮ ᠥᠷᠭᠡᠨ ᠠᠭᠤᠳᠠᠮ ᠪᠣᠯᠬᠤ ᠪᠣᠯᠣᠨ᠎ᠠ᠃ ᠣᠳᠣ ᠦᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ᠦᠢᠯᠡᠰ ᠪᠣᠯᠣᠨ ᠦᠢᠯᠡᠳᠬᠦ ᠦᠢᠯᠡᠰ᠂ ᠭᠦᠢᠯᠭᠡᠭᠡᠨ ᠤ ᠦᠢᠯᠡᠰ ᠵᠡᠷᠭᠡ ᠶᠢᠨ ᠬᠤᠯᠪᠤᠭᠠᠯᠠᠨ ᠬᠥᠳᠡᠯᠦᠯᠴᠡᠬᠦ ᠪᠠᠷ ᠳᠠᠮᠵᠢᠭᠤᠯᠤᠨ᠂ ᠦᠢᠯᠡᠳᠪᠦᠷᠢᠯᠡᠯ ᠬᠡᠷᠡᠭᠯᠡᠭᠡ ᠶᠢ ᠵᠣᠯᠭᠠᠭᠤᠯᠬᠤ ᠶᠢ ᠠᠬᠢᠭᠤᠯᠵᠤ᠂ ᠠᠵᠤ ᠠᠬᠤᠶ ᠶᠢᠨ ᠨᠡᠮᠡᠭᠳᠡᠯ ᠤᠨ ᠰᠢᠨ᠎ᠡ ᠴᠢᠭ᠋ ᠢ ᠪᠣᠶᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠡᠳ᠋ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠠ ᠠᠵᠤ ᠠᠬᠤᠶ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠭᠤᠣᠯᠯᠠᠬᠤ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ᠂ ᠡᠭᠦᠨ ᠤ ᠤᠯᠠᠮ ᠢᠶᠠᠷ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠨᠡᠩ ᠥᠨᠳᠥᠷ ᠲᠦᠪᠰᠢᠨ ᠲᠡᠰᠢ ᠬᠥᠭᠵᠢᠬᠦ ᠶᠢ ᠬᠥᠲᠥᠯᠥᠨ ᠵᠢᠯᠣᠭᠤᠳᠬᠤ ᠪᠠ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠪᠡᠶᠡᠯᠡᠭᠦᠯᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号