ᠪᠠᠶᠠᠨᠨᠠᠭᠤᠷ ᠬᠤᠲᠠ ᠶᠢᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠤᠷᠤᠭᠰᠢᠲᠠᠶ ᠪᠠᠶᠢᠨ᠎ᠠ
ᠨᠡᠶᠢᠲᠡᠯᠡᠭᠰᠡᠨ ᠴᠠᠭ᠄
2015/8/5
     ᠡᠨᠡ ᠵᠢᠯ ᠤᠨ ᠳᠡᠭᠡᠳᠦ ᠬᠠᠭᠠᠰ ᠵᠢᠯ ᠳᠤ᠂ ᠪᠠᠶᠠᠨᠨᠠᠭᠤᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠦᠷᠭᠡᠨ ᠨᠡᠮᠡᠭᠳᠡᠵᠦ᠂ ᠲᠤᠭᠲᠠᠭᠤᠨ ᠢᠶᠠᠷ ᠨᠡᠮᠡᠭᠳᠡᠭᠦᠯᠬᠦ ᠦᠢᠯᠡᠳᠦᠯ ᠲᠣᠪᠤᠶᠢᠮ᠎ᠠ ᠪᠣᠯᠵᠤ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ 1-6 ᠳ᠋ᠤᠭᠠᠷ ᠰᠠᠷ᠎ᠠ ᠪᠤᠯᠲᠠᠯ᠎ᠠ ᠪᠦᠬᠦ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 14.9 ᠳ᠋ᠦᠡᠭᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 43.3%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ1-5 ᠳ᠋ᠤᠭᠠᠷ ᠰᠠᠷ᠎ᠠ ᠪᠤᠯᠲᠠᠯᠠᠬᠢ ᠬᠢ ᠠᠴᠠ ᠵᠠᠭᠤᠨ ᠤ ᠴᠡᠭ ᠤᠨ 5.4 ᠳᠡᠭᠡᠭᠰᠢᠯᠡᠪᠡ᠃ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠡᠮᠬᠢ ᠵᠢᠷᠤᠮ ᠲᠠᠢ ᠪᠠᠷ ᠳᠥᠯᠭᠢᠨ ᠠᠬᠢᠭᠤᠯᠵᠤ᠂ ᠨᠡᠶᠢᠭᠡᠮ ᠤᠨ ᠠᠵᠤ ᠠᠬᠤᠶ ᠶᠢᠨ ᠨᠡᠮᠡᠭᠳᠡᠯ  ᠳᠤ ᠦᠢᠯᠡᠴᠢᠯᠡᠬᠦ ᠦᠢᠯᠡᠳᠦᠯ ᠲᠣᠪᠤᠶᠢᠮ᠎ᠠ ᠪᠣᠯᠵᠤ ᠪᠠᠶᠢᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠪᠡᠯᠡ ᠣᠷᠣᠭᠤᠯᠤᠯᠲᠠ ᠶᠢ ᠭᠤᠣᠯᠳᠠᠭᠤ ᠬᠥᠳᠡᠭᠡ ᠲᠣᠰᠬᠤᠨ ᠤ ᠵᠠᠮ ᠢ ᠰᠢᠨᠡᠳᠭᠡᠨ ᠵᠠᠰᠠᠬᠤ᠂ ᠪᠡᠭᠡᠵᠢᠩ ᠠᠴᠠ ᠲᠦᠪᠡᠳ ᠬᠦᠷᠬᠦ ᠲᠦᠷᠭᠡᠨ ᠬᠤᠷᠳᠤ ᠶᠢᠨ ᠵᠠᠮ᠂ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠵᠢᠴᠢ ᠤᠯᠤᠰ ᠤᠨ ᠵᠠᠮ ᠪᠤᠯᠤᠨ ᠮᠤᠵᠢ ᠶᠢᠨ ᠵᠠᠮ ᠢ ᠰᠢᠨᠡᠳᠭᠡᠨ ᠵᠠᠰᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠵᠡᠷᠭᠡ ᠳᠤ ᠬᠡᠷᠡᠭᠯᠡᠨ᠎ᠡ᠃      ᠪᠦᠷᠢᠳᠬᠡᠯ ᠢ ᠦᠨᠳᠦᠰᠦᠯᠡᠪᠡᠯ᠂ 1-6 ᠳ᠋ᠤᠭᠠᠷ ᠰᠠᠷ᠎ᠠ ᠪᠤᠯᠲᠠᠯ᠎ᠠ᠂ ᠪᠠᠶᠠᠨᠨᠠᠭᠤᠷ ᠬᠤᠲᠠ ᠶᠢᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠶᠢᠭᠤᠯᠵᠤ ᠪᠠᠶᠢᠭ᠎ᠠ ᠴᠢᠬᠤᠯᠠ ᠶᠡᠭᠡ ᠲᠦᠷᠦᠯ ᠵᠦᠢᠯ 48 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9 ᠨᠡᠮᠡᠭᠳᠡᠵᠤ᠂ 23.1%᠎ ᠪᠠᠷ ᠦᠰᠴᠦ᠂ 91.4 ᠳ᠋ᠦᠡᠭᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 20.6%᠎ ᠪᠠᠷ ᠨᠡᠮᠡᠭᠳᠡᠪᠡ᠃ ᠴᠢᠬᠤᠯᠠ ᠶᠡᠭᠡ ᠲᠦᠷᠦᠯ ᠵᠦᠢᠯ ᠤᠨ ᠪᠡᠯᠡ ᠣᠷᠣᠭᠤᠯᠤᠯᠲᠠ ᠨᠢ ᠪᠦᠬᠦ ᠬᠤᠲᠠ ᠶᠢᠨ ᠪᠡᠯᠡ ᠣᠷᠣᠭᠤᠯᠤᠯᠲᠠ ᠶᠢᠨ ᠪᠦᠬᠦ ᠲᠤᠭᠠᠨ ᠤ 30.6᠎ %᠎ ᠶᠢ ᠡᠵᠡᠯᠡᠵᠦ᠂ ᠡᠵᠡᠯᠡᠭᠰᠡᠨ ᠨᠤᠷᠮ᠎ᠠ ᠨᠢ ᠲᠦᠷᠦᠭᠦᠦ ᠵᠢᠯ ᠤᠨ ᠬᠢ ᠠᠴᠠ ᠵᠠᠭᠤᠨ ᠤ ᠴᠡᠭ ᠤᠨ 1.6 ᠳᠡᠭᠡᠭᠰᠢᠯᠡᠪᠡ᠃ ᠴᠢᠬᠤᠯᠠ ᠶᠡᠭᠡ ᠲᠦᠷᠦᠯ ᠵᠦᠢᠯ ᠳᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠠᠵᠤ ᠦᠢᠯᠡᠳᠪᠦᠷᠢ ᠶᠢᠨ ᠲᠥᠷᠥᠯ ᠵᠦᠢᠯ 33 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3 ᠨᠡᠮᠡᠭᠳᠡᠵᠤ᠂ 69.6 ᠳ᠋ᠦᠡᠭᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠭᠡᠳ᠂ ᠠᠳᠠᠯᠢ ᠬᠤᠭᠤᠴᠠᠭᠠᠨ ᠤ ᠬᠢ ᠠᠴᠠ 16.7%᠎ ᠪᠠᠷ ᠨᠡᠮᠡᠭᠳᠡᠵᠡᠶ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号