ᠥᠪᠥᠷ ᠮᠣᠩᠭᠤᠯ ᠤᠨ ᠵᠡᠭᠦᠨ ᠲᠠᠪᠤᠨ ᠠᠶᠢᠮᠠᠭ ᠬᠤᠲᠠ ᠶᠢᠨ ᠠᠶᠤᠯ ᠦᠭᠡᠢ ᠦᠢᠯᠡᠳᠪᠦᠷᠢᠯᠡᠯ ᠵᠢᠴᠢ ᠵᠡᠭᠡᠯᠢ ᠭᠤᠳᠤᠮᠵᠢ ᠶᠢ ᠬᠠᠲᠠᠭᠤᠷᠠᠭᠤᠯᠬᠤ ᠪᠠ ᠲᠣᠰᠬᠤᠨ ᠳᠤ ᠨᠡᠪᠲᠡᠷᠡᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯᠳᠤᠭᠠᠨ ᠤᠯᠠᠭᠠᠨᠬᠠᠳᠠ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2015/8/6
     8 ᠳ᠋ᠤᠭᠠᠷ ᠰᠠᠷ᠎ᠠ ᠶᠢᠨ 5᠎ ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠡᠭᠦᠨ ᠲᠠᠪᠤᠨ ᠠᠶᠢᠮᠠᠭ ᠬᠤᠲᠠ ᠶᠢᠨ ᠠᠶᠤᠯ ᠦᠭᠡᠢ ᠦᠢᠯᠡᠳᠪᠦᠷᠢᠯᠡᠯ ᠵᠢᠴᠢ ᠵᠡᠭᠡᠯᠢ ᠭᠤᠳᠤᠮᠵᠢ ᠶᠢ ᠬᠠᠲᠠᠭᠤᠷᠠᠭᠤᠯᠬᠤ᠂ ᠲᠣᠰᠬᠤᠨ ᠳᠤ ᠨᠡᠪᠲᠡᠷᠡᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯᠳᠤᠭᠠᠨ ᠤᠯᠠᠭᠠᠨᠬᠠᠳᠠ ᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠸᠠᠩ ᠪᠥᠸᠧ ᠬᠤᠷᠠᠯ ᠡᠷᠭᠢᠯᠡᠵᠦ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠶᠢᠨ ᠳᠠᠷᠤᠭ᠎ᠠ ᠯᠦᠸᠧ ᠶᠦᠡᠭ ᠭᠠᠩ᠂ ᠵᠠᠮ ᠬᠠᠷᠢᠯᠴᠠᠭᠠᠨ ᠤ ᠲᠢᠩᠬᠢᠮ ᠤᠨ ᠳᠠᠷᠤᠭ᠎ᠠ ᠰᠥᠩ ᠯᠢᠶᠠᠩ᠂ ᠤᠯᠠᠭᠠᠨᠬᠠᠳᠠ ᠬᠤᠲᠠ ᠶᠢᠨ ᠳᠠᠷᠤᠭ᠎ᠠ ᠪᠢᠯᠢᠭᠬᠦᠦ ᠬᠤᠷᠠᠯ ᠳᠤ ᠣᠷᠣᠯᠴᠠᠪᠠ      ᠸᠠᠩ ᠪᠦᠸᠧ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠨᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠵᠤ᠂ ᠡᠯ᠎ᠡ ᠵᠦᠢᠯ ᠤᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠬᠤ ᠲᠤᠯᠠ᠂ ᠡᠯ᠎ᠡ ᠠᠶᠢᠮᠠᠭ ᠬᠤᠲᠠ ᠭᠤᠣᠯᠳᠠᠯᠭ᠎ᠠ ᠪᠠᠨ ᠳᠤᠪᠤᠶᠢᠯᠭᠠᠨ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠬᠤ ᠬᠡᠷᠡᠭᠲᠡᠶ ᠬᠡᠵᠠᠢ᠃ ᠲᠡᠷᠡ ᠴᠢᠬᠤᠯᠠᠴᠢᠯᠠᠭᠰᠠᠨ ᠨᠢ᠂ ᠡ᠊ᠨᠳᠡᠯ ᠤᠨ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠴᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠤᠯᠤᠨ ᠡᠭᠦᠷᠭᠡᠲᠦ ᠰᠡᠳᠬᠢᠯᠭᠡ ᠪᠠᠨ ᠦᠨᠡᠨ ᠬᠦ ᠨᠡᠮᠡᠭᠳᠡᠭᠦᠯᠬᠦ ᠬᠡᠷᠡᠭᠲᠠᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠤᠨ ᠡᠯ᠎ᠡ ᠨᠢᠭᠡᠴᠡ ᠠᠮᠢ ᠨᠠᠰᠤᠨ ᠤ ᠲᠤᠬᠠᠢ ᠤᠯᠠᠭᠠᠨ ᠱᠤᠭᠤᠮ ᠤᠨ ᠦᠵᠡᠯ ᠤᠬᠠᠮᠰᠠᠷ ᠪᠣᠯᠤᠨ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠤᠨ ᠦᠵᠡᠯ ᠤᠬᠠᠮᠰᠠᠷ ᠢ ᠪᠠᠲᠤ ᠪᠠᠬᠢ ᠪᠤᠶ ᠪᠣᠯᠭᠠᠵᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠬᠢᠭᠡᠳ ᠣᠳᠣᠬᠠᠨ ᠤ ᠠᠶᠤᠯ ᠦᠭᠡᠢ ᠦᠢᠯᠡᠳᠪᠦᠷᠢᠯᠡᠯ ᠳᠤ ᠲᠤᠯᠭᠠᠷᠠᠵᠤ ᠪᠠᠶᠢᠭ᠎ᠠ ᠬᠠᠲᠠᠭᠤ ᠴᠢᠩᠭ᠎ᠠ ᠪᠠᠶᠢᠳᠠᠯ ᠳᠤ ᠤᠯᠠᠮ ᠨᠢᠭᠡ ᠠᠯᠬᠤᠮ ᠰᠡᠷᠭᠡᠭ ᠲᠠᠨᠢᠯᠲᠠ ᠲᠠᠢ ᠪᠠᠶᠢᠵᠤ᠂ ᠣᠷᠣᠨ ᠤ ᠳᠣᠲᠣᠷ᠎ᠠ ᠭᠠᠳᠠᠨᠠᠬᠢ ᠬᠦᠨᠳᠦ ᠶᠡᠭᠡ ᠠᠶᠤᠯ ᠦᠭᠡᠢ ᠦᠢᠯᠡᠳᠪᠦᠷᠢᠯᠡᠯ ᠤᠨ ᠡ᠊ᠨᠳᠡᠯ ᠤᠨ ᠭᠦᠨ ᠰᠤᠷᠭᠠᠮᠵᠢ ᠶᠢ ᠬᠢᠨᠠᠮᠠᠭᠠᠶ ᠰᠢᠩᠭᠡᠭᠡᠨ ᠠᠪᠴᠤ᠂ ᠡᠯ᠎ᠡ ᠵᠦᠢᠯ ᠤᠨ ᠠᠶᠤᠯ ᠦᠭᠡᠢ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠡ᠊ᠨᠳᠡᠯ ᠣᠯᠠᠨ ᠭᠠᠷᠴᠤ ᠪᠠᠶᠢᠭ᠎ᠠ ᠪᠠᠶᠢᠳᠠᠯ ᠢ ᠡᠷᠡᠰ ᠬᠤᠷᠢᠭᠯᠠᠨ ᠵᠣᠭᠰᠣᠭᠠᠵᠤ᠂ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠴᠤᠭ ᠢᠶᠠᠷ ᠠᠳᠬᠤᠵᠤ ᠬᠠᠮᠲᠤᠪᠠᠷ ᠬᠠᠮᠢᠶᠠᠷᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠳᠦᠷᠢᠮ ᠢᠶᠠᠨ ᠲᠡᠭᠦᠯᠳᠡᠷᠵᠢᠭᠦᠯᠵᠦ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠯᠭᠠᠬᠤ᠂ ᠴᠤᠭ ᠢᠶᠠᠷ ᠠᠳᠬᠤᠵᠤ ᠬᠠᠮᠲᠤᠪᠠᠷ ᠬᠠᠮᠢᠶᠠᠷᠬᠤ︾ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠬᠠᠷᠢᠶ᠎ᠠ ᠤᠷᠤᠨ ᠢᠶᠠᠨ ᠬᠠᠮᠢᠶᠠᠷᠬᠤ ᠬᠠᠷᠢᠭᠤᠴᠠᠯᠭ᠎ᠠ ᠶᠢ ᠱᠠᠲᠤ ᠱᠠᠲᠤ ᠪᠠᠷ ᠵᠠᠳᠠᠯᠵᠤ᠂ ᠬᠠᠷᠢᠶ᠎ᠠ ᠣᠷᠣᠨ ᠤ ᠪᠠᠨ ᠳᠣᠲᠣᠷᠠᠬᠢ ᠡᠯ᠎ᠡ ᠲᠥᠷᠥᠯ ᠤᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠴᠥᠭᠡᠨ ᠳᠤᠭᠠᠳᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠭᠤᠴᠠᠭᠠᠨ ᠳᠠᠬᠢ ᠠᠶᠤᠯ ᠦᠭᠡᠢ ᠦᠢᠯᠡᠳᠪᠦᠷᠢᠯᠡᠯ ᠤᠨ ᠰᠢᠮᠳᠠᠭᠤᠯᠤᠨ ᠪᠠᠶᠢᠴᠠᠭᠠᠬᠤ ᠠᠵᠢᠯ ᠢ ᠦᠨᠡᠨ ᠬᠦ ᠰᠠᠶᠢᠲᠤᠷ ᠠᠳᠬᠤᠨ᠂ ᠨᠢᠭᠡ ᠴᠤ ᠠᠯᠳᠠᠰᠢ ᠭᠠᠷᠭᠠᠬᠤ ᠦᠭᠡᠢ ᠪᠠᠷ ᠴᠢᠷᠮᠠᠶᠢᠨ ᠬᠢᠵᠤ᠂ ᠪᠦᠬᠦ ᠤᠯᠤᠰ ᠤᠨ ᠴᠦᠭᠡᠨ ᠲᠤᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠲᠤᠷ ᠬᠢᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠶ ᠪᠤᠯᠭᠠᠬᠤ ᠭᠡᠷᠡᠭᠲᠠᠢ᠃ ᠦᠶᠡᠷ ᠤᠨ ᠬᠤᠭᠤᠴᠠᠭᠠᠨ ᠤ ᠠᠶᠤᠯ ᠦᠭᠡᠢ ᠶᠢᠨ ᠰᠡᠷᠭᠡᠶᠢᠯᠡᠯᠲᠡ ᠶᠢ ᠴᠢᠩᠭᠠᠷᠠᠭᠤᠯᠤᠨ᠂ ᠪᠠᠶᠢᠭᠠᠯᠢ ᠶᠢᠨ ᠭᠠᠮᠰᠢᠭ ᠠᠴᠠ ᠡᠭᠦᠰᠬᠦ ᠠᠶᠤᠯ ᠦᠭᠡᠢ ᠦᠢᠯᠡᠳᠪᠦᠷᠢᠯᠡᠯ ᠤᠨ ᠡ᠊ᠨᠳᠡᠯ ᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠪᠡ᠃      ᠸᠠᠩ ᠪᠦᠸᠧ ᠴᠢᠬᠤᠯᠠᠴᠢᠯᠠᠭᠰᠠᠨ ᠨᠢ᠂ ᠵᠡᠭᠡᠯᠢ ᠭᠤᠳᠤᠮᠵᠢ ᠶᠢ ᠬᠠᠲᠠᠭᠤᠷᠠᠭᠤᠯᠬᠤ᠂ ᠲᠣᠰᠬᠤᠨ ᠳᠤ ᠨᠡᠪᠲᠡᠷᠡᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠤᠯᠬᠤ ᠪᠦᠭᠡᠳ ᠢᠯᠠᠩᠭᠤᠶ᠎ᠠ ᠵᠡᠭᠡᠯᠢ ᠭᠤᠳᠤᠮᠵᠢ ᠶᠢ ᠬᠠᠲᠠᠭᠤᠷᠠᠭᠤᠯᠬᠤ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠠᠴᠠ ᠳᠤᠷᠠᠳᠤᠭᠰᠠᠨ ︽ᠠᠷᠪᠠ ᠪᠠᠷ ᠪᠦᠬᠦᠨ ᠢ ᠬᠠᠮᠤᠷᠬᠤ︾ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠭᠤᠣᠯᠳᠠᠯᠭ᠎ᠠ ᠪᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠨᠡᠨ ᠬᠦ ᠳᠥᠯᠭᠢᠨ ᠠᠬᠢᠭᠤᠯᠵᠤ᠂ ᠡᠷᠲᠡᠭᠡᠨ ᠠᠵᠢᠯ ᠡᠬᠢᠯᠡᠭᠦᠯᠵᠦ᠂ ᠡᠷᠲᠡᠭᠡᠨ ᠪᠠᠶᠢᠭᠤᠯᠤᠨ ᠪᠦᠲᠦᠭᠡᠵᠤ᠂ ᠡᠷᠲᠡᠭᠡᠨ ᠠᠰᠢᠭᠯᠠᠯᠲᠠ ᠳᠤ ᠤᠷᠤᠭᠤᠯᠬᠤ ᠪᠠᠷ ᠴᠢᠷᠮᠠᠶᠢᠨ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠴᠤᠭᠯᠠᠭᠤᠯᠤᠨ᠂ ᠤᠨ ᠤ ᠪᠡᠯᠡ ᠣᠷᠣᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠪᠤᠯᠤᠨ ᠣᠷᠴᠢᠨ ᠲᠤᠭᠤᠷᠢᠨ ᠤ ᠬᠠᠮᠠᠭᠠᠯᠠᠯᠲᠠ ᠶᠢ ᠴᠢᠩᠭᠠᠳᠬᠠᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠠᠴᠠ ᠪᠤᠯᠵᠤ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ ᠶᠠᠪᠤᠳᠠᠯ ᠢ ᠴᠢᠷᠮᠠᠶᠢᠨ ᠪᠠᠭᠤᠷᠠᠭᠤᠯᠬᠤ ᠶᠢᠨ ᠵᠡᠷᠭᠡᠴᠡᠪᠡᠷ ᠨᠣᠭᠤᠭᠠᠷᠠᠭᠤᠯᠤᠨ ᠭᠤᠶᠤᠵᠢᠭᠤᠯᠬᠤ ᠠᠵᠢᠯ ᠢ ᠴᠢᠩᠭᠠᠳᠬᠠᠨ᠂ ᠪᠠᠷᠢᠯᠭ᠎ᠠ ᠬᠢᠭᠡᠳ ᠪᠠᠶᠢᠭᠠᠯᠢ᠂ ᠠᠮᠢ ᠠᠬᠤᠶ ᠬᠢᠭᠡᠳ ᠬᠥᠮᠦᠨ ᠰᠣᠶᠣᠯ ᠤᠨ ᠦᠵᠡᠮᠵᠢ ᠶᠢᠨ ᠪᠦᠷᠢᠮᠦᠰᠦᠨ ᠰᠠᠶᠢᠬᠠᠨ ᠠᠭᠤᠰᠤᠯᠴᠠᠨ ᠨᠡᠶᠢᠯᠡᠬᠦ ᠶᠢ ᠪᠡᠶᠡᠯᠡᠭᠦᠯᠬᠦ ᠬᠡᠷᠡᠭᠲᠡᠶ᠃ ᠡᠯ᠎ᠡ ᠵᠦᠢᠯ ᠤᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠳᠤᠷᠢᠳᠬᠤ ᠲᠣᠭᠲᠠᠴᠠ ᠪᠤᠯᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠴᠤᠭᠯᠠᠭᠤᠯᠬᠤ ᠱᠠᠲᠤ ᠬᠤᠪᠢᠶᠠᠨ ᠬᠠᠷᠢᠭᠤᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠤ᠂ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠠᠷᠢᠶ᠎ᠠ ᠤᠷᠤᠨ ᠤ ᠬᠠᠷᠢᠭᠤᠴᠠᠯᠭ᠎ᠠ ᠶᠢ ᠲᠤᠲᠤᠷᠬᠠᠶᠢᠯᠠᠨ᠂ ᠪᠣᠳᠠᠲᠠᠶ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠶ᠃ ᠡᠩᠨᠡᠭᠡᠨ ᠤ ᠬᠠᠮᠢᠶᠠᠷᠤᠯᠲᠠ ᠶᠢ ᠴᠢᠩᠭᠠᠳᠬᠠᠨ᠂ ᠨᠠᠮ ᠤᠨ ᠰᠤᠷᠲᠠᠯ ᠪᠤᠯᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠥᠬᠦᠷᠡᠰᠢ ᠦᠭᠡᠶ ᠰᠠᠶᠢᠲᠤᠷ ᠠᠳᠬᠤᠵᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠵᠡᠷᠭᠡ ᠡᠯ᠎ᠡ ᠵᠦᠢᠯ ᠤᠨ ᠳᠦᠷᠢᠮ ᠢ ᠴᠢᠩᠳᠠᠯᠠᠵᠤ᠂ ᠳᠦᠷᠢᠮ ᠢᠶᠠᠷ ᠬᠥᠮᠦᠨ ᠢ ᠬᠠᠮᠢᠶᠠᠷᠤᠨ ᠬᠡᠷᠡᠭ ᠶᠠᠪᠤᠳᠠᠯ ᠢ ᠬᠠᠮᠢᠶᠠᠷᠴᠤ᠂ ᠵᠠᠯᠬᠠᠭᠠᠨ ᠰᠢᠳᠬᠡᠬᠦ ᠪᠠ ᠰᠡᠷᠭᠡᠶᠢᠯᠡᠬᠦ ᠰᠢᠰᠲ᠋ᠧᠮᠵᠢ ᠶᠢ ᠪᠦᠷᠢᠨᠰᠢᠭᠦᠯᠵᠤ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠴᠢᠳᠠᠪᠤᠷᠢ ᠪᠠᠨ ᠨᠡᠮᠡᠭᠳᠡᠭᠦᠯᠵᠦ᠂ ᠪᠠᠷᠢᠯᠭ᠎ᠠ  ᠴᠢᠨᠠᠷ ᠰᠠᠶᠢᠲᠠᠢ᠂ ᠺᠠᠳ᠋ᠷ ᠰᠢᠯᠢᠳᠡᠭ᠂ ᠪᠡᠯᠡ ᠮᠦᠡᠭᠭᠦ ᠠᠮᠤᠷ ᠲᠦᠪᠰᠢᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠠᠢ ᠬᠡᠪᠡ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠢᠩᠬᠢᠮ ᠲᠤᠰ ᠲᠤᠰ ᠳᠡᠭᠡᠷ᠎ᠡ ᠬᠠᠭᠠᠰ ᠵᠢᠯ ᠤᠨ ᠪᠦᠬᠦ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠪᠤᠯᠤᠨ ᠵᠡᠭᠡᠯᠢ ᠭᠤᠳᠤᠮᠵᠢ ᠶᠢ ᠬᠠᠲᠠᠭᠤᠷᠠᠭᠤᠯᠤᠭᠰᠠᠨ᠂ ᠲᠣᠰᠬᠤᠨ ᠳᠤ ᠨᠡᠪᠲᠡᠷᠡᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢᠶᠠᠨ ᠨᠡᠪᠲᠡᠷᠡᠭᠦᠯᠵᠤ ᠵᠠᠳᠠᠯᠤᠯᠲᠠ ᠬᠢᠭᠰᠡᠨ ᠤ ᠬᠠᠮᠲᠤ᠂ ᠳᠠᠷᠠᠭ᠎ᠠ ᠠᠯᠬᠤᠮ ᠤᠨ ᠠᠵᠢᠯ ᠢᠶᠠᠨ ᠪᠠᠶᠢᠷᠢᠯᠠᠭᠤᠯᠤᠨ ᠲᠤᠬᠢᠷᠠᠭᠤᠯᠪᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号