ᠳᠤᠮᠳᠠᠳᠤ ᠤᠯᠤᠰ · ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠨ ᠠᠶᠢᠮᠠᠭ ᠬᠤᠲᠠ | ᠪᠣᠯᠤᠨ ᠮᠣᠩᠭᠤᠯ ᠤᠯᠤᠰ ᠤᠨ ᠭᠤᠷᠪᠠᠨ ᠠᠶᠢᠮᠠᠭ ᠤᠨ ᠣᠷᠣᠨ ᠪᠦᠰᠡ ᠶᠢᠨ ᠠᠩᠬᠠᠳᠤᠭᠠᠷ ᠤᠳᠠᠭᠠᠨ ᠤ | ᠬᠠᠮᠲᠤᠷᠠᠯᠴᠠᠭ᠎ᠠ ᠶᠢᠨ ᠬᠤᠷᠠᠯ᠂ ᠲᠤᠬᠠᠶᠢᠯᠠᠪᠠᠯ ︽3 + 3︾ ᠣᠷᠣᠨ ᠪᠦᠰᠡ ᠶᠢᠨ ᠬᠠᠮᠲᠤᠷᠠᠯᠴᠠᠭ᠎ᠠ ᠶᠢᠨ ᠬᠤᠷᠠᠯ | 7 ᠳ᠋ᠤᠭᠠᠷ ᠰᠠᠷ᠎ᠠ ᠶᠢᠨ 31 ᠤ ᠡᠳᠦᠷ ᠰᠢᠯᠢ ᠶᠢᠨ ᠬᠤᠲᠠ ᠶᠢᠨ ᠶᠤᠸᠠᠨ ᠡᠾᠧ ᠵᠢᠶᠠᠨ ᠭᠦᠸᠧ ᠪᠠᠭᠤᠳᠠᠯ ᠳᠤ | ᠦᠪᠡᠳᠡᠭᠰᠢ ᠶᠡᠬᠡᠪᠡᠷ ᠬᠤᠷᠠᠯᠳᠤᠪᠠ᠃ | ᠲᠤᠰ ᠤᠳᠠᠭᠠᠨ ᠤ ᠬᠤᠷᠠᠯ ᠨᠢ ᠮᠣᠩᠭᠤᠯ ᠤᠯᠤᠰ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠤᠯᠠᠮ | ᠨᠢᠭᠡ ᠠᠯᠬᠤᠮ ᠴᠢᠩᠭᠠᠳᠬᠠᠨ᠂ ᠮᠠᠨ ᠤ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠦᠲᠦᠭᠡᠨ | ᠪᠠᠶᠢᠭᠤᠯᠤᠯᠲᠠ ᠳᠤ ᠢᠳᠡᠪᠬᠢᠲᠡᠶ ᠨᠡᠶᠢᠯᠡᠨ ᠤᠷᠤᠵᠤ ᠂ ᠳᠤᠮᠳᠠᠳᠤ ᠮᠣᠩᠭᠤᠯ ᠬᠤᠶᠠᠷ ᠤᠯᠤᠰ ᠤᠨ ︽ᠬᠠᠷᠢᠯᠴᠠᠨ | ᠬᠦᠨᠳᠦᠳᠬᠡᠬᠦ᠂ ᠬᠠᠷᠢᠯᠴᠠᠨ ᠳᠡᠮᠵᠢᠬᠦ᠂ ᠬᠠᠷᠢᠯᠴᠠᠨ ᠬᠠᠷᠠᠭᠠᠯᠵᠠᠯ ᠦᠵᠡᠭᠦᠯᠵᠦ ᠬᠠᠷᠢᠯᠴᠠᠨ ᠠᠰᠢᠭᠲᠠᠶ ᠪᠠᠶᠢᠬᠤ᠂ | ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠳᠡᠬᠦ︾ ᠵᠠᠷᠴᠢᠮ ᠤᠨ ᠶᠤᠰᠤᠭᠠᠷ᠂ ᠮᠠᠨ ᠤ ᠤᠷᠤᠨ ᠤ ᠰᠢᠯᠢ ᠶᠢᠨ | ᠭᠤᠤᠯ ᠠᠶᠢᠮᠠᠭ᠂ ᠤᠯᠠᠭᠠᠨᠬᠠᠳᠠ ᠬᠤᠲᠠ᠂ ᠲᠦᠩᠯᠢᠶᠤᠤ ᠬᠤᠲᠠ ᠵᠡᠷᠭᠡ ᠭᠤᠷᠪᠠᠨ ᠠᠶᠢᠮᠠᠭ ᠬᠤᠲᠠ ᠪᠣᠯᠤᠨ | ᠮᠣᠩᠭᠤᠯ ᠤᠯᠤᠰ ᠤᠨ ᠰᠦᠬᠡᠪᠠᠭᠠᠳᠤᠷ ᠠᠶᠢᠮᠠᠭ᠂ ᠳᠤᠷᠤᠨᠠᠭᠤᠪᠢ ᠠᠶᠢᠮᠠᠭ᠂ ᠬᠡᠨᠲᠡᠶ ᠠᠶᠢᠮᠠᠭ ᠵᠡᠷᠭᠡ ᠵᠡᠭᠦᠨ | ᠬᠡᠰᠡᠭ ᠤᠨ ᠭᠠᠵᠠᠷ ᠣᠷᠣᠨ ᠤ ᠭᠤᠷᠪᠠᠨ ᠠᠶᠢᠮᠠᠭ ᠤᠨ ᠬᠤᠭᠤᠷᠣᠨᠳᠣᠬᠢ ᠠᠵᠤ ᠠᠬᠤᠶ ᠵᠡᠷᠭᠡ ᠬᠦᠷᠢᠶᠡᠨ ᠤ | ᠬᠠᠮᠲᠤᠷᠠᠯᠴᠠᠭ᠎ᠠ ᠰᠣᠯᠢᠯᠴᠠᠭ᠎ᠠ ᠶᠢ ᠲᠦᠯᠬᠢᠨ ᠠᠬᠢᠭᠤᠯᠬᠤ ᠪᠠᠷ ᠵᠤᠷᠢᠯᠲᠠ ᠪᠤᠯᠭᠠᠭᠰᠠᠨ ᠶᠤᠮ᠃ | ᠬᠤᠲᠠ ᠶᠢᠨ ᠤᠳᠤᠷᠢᠳᠤᠯᠭ᠎ᠠ ᠨᠠᠷ ᠲᠤᠰ ᠤᠳᠠᠭᠠᠨ ᠤ ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ | ᠵᠸᠤ ᠲᠤᠤ ᠨᠦᠬᠦᠷ ᠢ ᠲᠣᠮᠢᠯᠠᠨ᠂ ᠡᠷᠢᠶᠡᠨ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠪᠣᠭᠤᠮᠲᠠ ᠶᠢᠨ ᠠᠯᠪᠠᠨ ᠭᠡᠷ᠂ ᠪᠣᠭᠤᠮᠲᠠ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ᠂ ᠬᠢᠯᠢ ᠶᠢᠨ | ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ᠂ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠵᠡᠷᠭᠡ 7 ᠰᠠᠯᠠᠭ᠎ᠠ | ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ 10 ᠬᠥᠮᠦᠨ ᠳᠠᠭᠠᠭᠤᠯᠤᠨ ᠲᠤᠰ ᠤᠳᠠᠭᠠᠨ ᠤ ᠬᠤᠷᠠᠯ ᠳᠤ | ᠤᠷᠤᠯᠴᠠᠪᠠ᠃ ᠬᠤᠷᠠᠯ ᠳᠡᠭᠡᠷ᠎ᠡ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠬᠤᠳᠠᠯᠳᠤᠭᠠᠴᠢᠨ ᠤᠷᠢᠬᠤ | ᠨᠢᠭᠡᠳᠦᠭᠡᠷ ᠲᠤᠪᠴᠢᠶ᠎ᠠ ᠶᠢᠨ ᠳᠠᠷᠤᠭ᠎ᠠ ᠶᠤᠸᠠᠨ ᡁᠢ ᠭᠦᠸᠧ ᠨᠥᠬᠦᠷ ᠮᠠᠨ ᠤ ᠬᠤᠲᠠ ᠶᠢᠨ ᠪᠡᠯᠡ | ᠣᠷᠣᠭᠤᠯᠤᠯᠲᠠ ᠶᠢᠨ ᠣᠷᠴᠢᠨ ᠠᠬᠤᠢ᠂ ᠪᠡᠯᠡ ᠣᠷᠣᠭᠤᠯᠤᠯᠲᠠ ᠶᠢᠨ ᠳᠠᠪᠠᠭᠤᠯᠢᠭ᠂ ᠬᠢᠯᠢ ᠠᠯᠤᠰᠯᠠᠭᠰᠠᠨ ᠠᠵᠤ | ᠠᠬᠤᠶ ᠶᠢᠨ ᠬᠠᠮᠲᠤᠷᠠᠯᠴᠠᠭ᠎ᠠ ᠶᠢᠨ ᠣᠷᠣᠨ ᠵᠡᠷᠭᠡ ᠲᠠᠯ᠎ᠠ ᠪᠠᠷ ᠲᠠᠨᠢᠯᠴᠠᠭᠤᠯᠤᠭᠰᠠᠨ ᠤ ᠬᠠᠮᠲᠤ᠂ ᠬᠤᠷᠠᠯ ᠳᠤ | ᠣᠷᠣᠯᠴᠠᠭᠰᠠᠨ ᠲᠦᠯᠦᠭᠡᠯᠡᠭᠴᠢᠳ ᠲᠠᠢ ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭᠠᠨ ᠤ ᠪᠠᠷᠠᠭ᠎ᠠ ᠶᠢᠨ | ᠭᠦᠢᠯᠭᠡᠭᠡᠨ ᠵᠡᠷᠭᠡ ᠪᠡᠯᠡ ᠣᠷᠣᠭᠤᠯᠤᠯᠲᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ ᠴᠢᠩᠭᠠᠳᠬᠠᠬᠤ | ᠲᠤᠠᠬᠠᠢ ᠬᠠᠮᠲᠤ ᠪᠠᠷ ᠶᠠᠷᠢᠯᠴᠠᠪᠠ᠃ |