8 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠡᠭᠦᠨ | ᠲᠠᠪᠤᠨ ᠠᠶᠢᠮᠠᠭ ᠬᠤᠲᠠ ᠶᠢᠨ ᠠᠶᠤᠯ ᠦᠭᠡᠢ ᠦᠢᠯᠡᠳᠪᠦᠷᠢᠯᠡᠯ ᠵᠢᠴᠢ ᠵᠡᠭᠡᠯᠢ ᠭᠤᠳᠤᠮᠵᠢ ᠶᠢ ᠬᠠᠲᠠᠭᠤᠷᠠᠭᠤᠯᠬᠤ᠂ | ᠲᠣᠰᠬᠤᠨ ᠳᠤ ᠨᠡᠪᠲᠡᠷᠡᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯᠳᠤᠭᠠᠨ | ᠤᠯᠠᠭᠠᠨᠬᠠᠳᠠ ᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠸᠠᠩ ᠪᠥᠸᠧ | ᠬᠤᠷᠠᠯ ᠡᠷᠭᠢᠯᠡᠵᠦ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠶᠢᠨ ᠳᠠᠷᠤᠭ᠎ᠠ ᠯᠦᠸᠧ ᠶᠦᠡᠭ ᠭᠠᠩ᠂ ᠵᠠᠮ ᠬᠠᠷᠢᠯᠴᠠᠭᠠᠨ ᠤ | ᠲᠢᠩᠬᠢᠮ ᠤᠨ ᠳᠠᠷᠤᠭ᠎ᠠ ᠰᠥᠩ ᠯᠢᠶᠠᠩ᠂ ᠤᠯᠠᠭᠠᠨᠬᠠᠳᠠ ᠬᠤᠲᠠ ᠶᠢᠨ ᠳᠠᠷᠤᠭ᠎ᠠ ᠪᠢᠯᠢᠭᠬᠦᠦ ᠬᠤᠷᠠᠯ ᠳᠤ ᠣᠷᠣᠯᠴᠠᠪᠠ | ᠃ | ᠸᠠᠩ ᠪᠦᠸᠧ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠨᠢ | ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠵᠤ᠂ ᠡᠯ᠎ᠡ ᠵᠦᠢᠯ ᠤᠨ | ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠬᠤ ᠲᠤᠯᠠ᠂ ᠡᠯ᠎ᠡ ᠠᠶᠢᠮᠠᠭ ᠬᠤᠲᠠ | ᠭᠤᠣᠯᠳᠠᠯᠭ᠎ᠠ ᠪᠠᠨ ᠳᠤᠪᠤᠶᠢᠯᠭᠠᠨ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ | ᠠᠳᠬᠤᠬᠤ ᠬᠡᠷᠡᠭᠲᠡᠶ ᠬᠡᠵᠠᠢ᠃ ᠲᠡᠷᠡ ᠴᠢᠬᠤᠯᠠᠴᠢᠯᠠᠭᠰᠠᠨ ᠨᠢ᠂ ᠡ᠊ᠨᠳᠡᠯ ᠤᠨ ᠰᠤᠷᠭᠠᠮᠵᠢ ᠶᠢ ᠭᠦᠨᠵᠡᠭᠡᠶ ᠰᠢᠩᠭᠡᠭᠡᠨ | ᠠᠪᠴᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠤᠯᠤᠨ | ᠡᠭᠦᠷᠭᠡᠲᠦ ᠰᠡᠳᠬᠢᠯᠭᠡ ᠪᠠᠨ ᠦᠨᠡᠨ ᠬᠦ ᠨᠡᠮᠡᠭᠳᠡᠭᠦᠯᠬᠦ ᠬᠡᠷᠡᠭᠲᠠᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ | ᠪᠣᠯᠤᠨ ᠡᠯ᠎ᠡ ᠨᠢᠭᠡᠴᠡ ᠠᠮᠢ ᠨᠠᠰᠤᠨ ᠤ ᠲᠤᠬᠠᠢ ᠤᠯᠠᠭᠠᠨ ᠱᠤᠭᠤᠮ ᠤᠨ ᠦᠵᠡᠯ ᠤᠬᠠᠮᠰᠠᠷ ᠪᠣᠯᠤᠨ ᠨᠠᠭᠠᠳᠤ | ᠵᠠᠬ᠎ᠠ ᠶᠢᠨ ᠬᠤᠷᠢᠭ᠎ᠠ ᠱᠤᠭᠤᠮ ᠤᠨ ᠦᠵᠡᠯ ᠤᠬᠠᠮᠰᠠᠷ ᠢ ᠪᠠᠲᠤ ᠪᠠᠬᠢ ᠪᠤᠶ ᠪᠣᠯᠭᠠᠵᠤ᠂ ᠠᠶᠤᠯ ᠦᠭᠡᠢ | ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠬᠢᠭᠡᠳ ᠣᠳᠣᠬᠠᠨ ᠤ ᠠᠶᠤᠯ | ᠦᠭᠡᠢ ᠦᠢᠯᠡᠳᠪᠦᠷᠢᠯᠡᠯ ᠳᠤ ᠲᠤᠯᠭᠠᠷᠠᠵᠤ ᠪᠠᠶᠢᠭ᠎ᠠ ᠬᠠᠲᠠᠭᠤ ᠴᠢᠩᠭ᠎ᠠ ᠪᠠᠶᠢᠳᠠᠯ ᠳᠤ ᠤᠯᠠᠮ ᠨᠢᠭᠡ ᠠᠯᠬᠤᠮ ᠰᠡᠷᠭᠡᠭ | ᠲᠠᠨᠢᠯᠲᠠ ᠲᠠᠢ ᠪᠠᠶᠢᠵᠤ᠂ ᠣᠷᠣᠨ ᠤ ᠳᠣᠲᠣᠷ᠎ᠠ ᠭᠠᠳᠠᠨᠠᠬᠢ ᠬᠦᠨᠳᠦ ᠶᠡᠭᠡ ᠠᠶᠤᠯ ᠦᠭᠡᠢ ᠦᠢᠯᠡᠳᠪᠦᠷᠢᠯᠡᠯ ᠤᠨ | ᠡ᠊ᠨᠳᠡᠯ ᠤᠨ ᠭᠦᠨ ᠰᠤᠷᠭᠠᠮᠵᠢ ᠶᠢ ᠬᠢᠨᠠᠮᠠᠭᠠᠶ ᠰᠢᠩᠭᠡᠭᠡᠨ ᠠᠪᠴᠤ᠂ ᠡᠯ᠎ᠡ ᠵᠦᠢᠯ ᠤᠨ ᠠᠶᠤᠯ ᠦᠭᠡᠢ ᠶᠢᠨ ᠠᠷᠭ᠎ᠠ | ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠡ᠊ᠨᠳᠡᠯ ᠣᠯᠠᠨ ᠭᠠᠷᠴᠤ ᠪᠠᠶᠢᠭ᠎ᠠ ᠪᠠᠶᠢᠳᠠᠯ ᠢ ᠡᠷᠡᠰ | ᠬᠤᠷᠢᠭᠯᠠᠨ ᠵᠣᠭᠰᠣᠭᠠᠵᠤ᠂ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠶ᠃ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠴᠤᠭ ᠢᠶᠠᠷ ᠠᠳᠬᠤᠵᠤ ᠬᠠᠮᠲᠤᠪᠠᠷ | ᠬᠠᠮᠢᠶᠠᠷᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠳᠦᠷᠢᠮ ᠢᠶᠠᠨ ᠲᠡᠭᠦᠯᠳᠡᠷᠵᠢᠭᠦᠯᠵᠦ᠂ ︽ | ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ | ᠪᠠᠶᠢᠯᠭᠠᠬᠤ᠂ ᠴᠤᠭ ᠢᠶᠠᠷ ᠠᠳᠬᠤᠵᠤ ᠬᠠᠮᠲᠤᠪᠠᠷ ᠬᠠᠮᠢᠶᠠᠷᠬᠤ︾ ᠠᠶᠤᠯ ᠦᠭᠡᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ | ᠬᠠᠷᠢᠶ᠎ᠠ ᠤᠷᠤᠨ ᠢᠶᠠᠨ ᠬᠠᠮᠢᠶᠠᠷᠬᠤ ᠬᠠᠷᠢᠭᠤᠴᠠᠯᠭ᠎ᠠ ᠶᠢ ᠱᠠᠲᠤ ᠱᠠᠲᠤ ᠪᠠᠷ ᠵᠠᠳᠠᠯᠵᠤ᠂ ᠬᠠᠷᠢᠶ᠎ᠠ ᠣᠷᠣᠨ ᠤ ᠪᠠᠨ | ᠳᠣᠲᠣᠷᠠᠬᠢ ᠡᠯ᠎ᠡ ᠲᠥᠷᠥᠯ ᠤᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠴᠥᠭᠡᠨ | ᠳᠤᠭᠠᠳᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠭᠤᠴᠠᠭᠠᠨ ᠳᠠᠬᠢ ᠠᠶᠤᠯ ᠦᠭᠡᠢ | ᠦᠢᠯᠡᠳᠪᠦᠷᠢᠯᠡᠯ ᠤᠨ ᠰᠢᠮᠳᠠᠭᠤᠯᠤᠨ ᠪᠠᠶᠢᠴᠠᠭᠠᠬᠤ ᠠᠵᠢᠯ ᠢ ᠦᠨᠡᠨ ᠬᠦ ᠰᠠᠶᠢᠲᠤᠷ ᠠᠳᠬᠤᠨ᠂ ᠨᠢᠭᠡ ᠴᠤ ᠠᠯᠳᠠᠰᠢ | ᠭᠠᠷᠭᠠᠬᠤ ᠦᠭᠡᠢ ᠪᠠᠷ ᠴᠢᠷᠮᠠᠶᠢᠨ ᠬᠢᠵᠤ᠂ ᠪᠦᠬᠦ ᠤᠯᠤᠰ ᠤᠨ ᠴᠦᠭᠡᠨ ᠲᠤᠭᠠᠲᠤ ᠦᠨᠳᠦᠰᠦᠲᠡᠨ ᠤ ᠪᠡᠶ᠎ᠡ ᠶᠢᠨ | ᠲᠠᠮᠢᠷ ᠤᠨ ᠴᠤᠭᠯᠠᠭᠠᠨ ᠢ ᠰᠠᠶᠢᠲᠤᠷ ᠬᠢᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠶ ᠪᠤᠯᠭᠠᠬᠤ ᠭᠡᠷᠡᠭᠲᠠᠢ᠃ | ᠦᠶᠡᠷ ᠤᠨ ᠬᠤᠭᠤᠴᠠᠭᠠᠨ ᠤ ᠠᠶᠤᠯ ᠦᠭᠡᠢ ᠶᠢᠨ ᠰᠡᠷᠭᠡᠶᠢᠯᠡᠯᠲᠡ ᠶᠢ ᠴᠢᠩᠭᠠᠷᠠᠭᠤᠯᠤᠨ᠂ ᠪᠠᠶᠢᠭᠠᠯᠢ ᠶᠢᠨ | ᠭᠠᠮᠰᠢᠭ ᠠᠴᠠ ᠡᠭᠦᠰᠬᠦ ᠠᠶᠤᠯ ᠦᠭᠡᠢ ᠦᠢᠯᠡᠳᠪᠦᠷᠢᠯᠡᠯ ᠤᠨ ᠡ᠊ᠨᠳᠡᠯ ᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠪᠡ᠃ | ᠸᠠᠩ ᠪᠦᠸᠧ ᠴᠢᠬᠤᠯᠠᠴᠢᠯᠠᠭᠰᠠᠨ ᠨᠢ᠂ ᠵᠡᠭᠡᠯᠢ ᠭᠤᠳᠤᠮᠵᠢ ᠶᠢ ᠬᠠᠲᠠᠭᠤᠷᠠᠭᠤᠯᠬᠤ᠂ ᠲᠣᠰᠬᠤᠨ ᠳᠤ ᠨᠡᠪᠲᠡᠷᠡᠬᠦ | ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠮᠢᠳᠤᠷᠠᠯ ᠤᠨ | ᠴᠢᠬᠤᠯᠠ ᠢᠨᠵᠧᠨᠧᠷᠢᠩ ᠪᠤᠯᠬᠤ ᠪᠦᠭᠡᠳ ᠢᠯᠠᠩᠭᠤᠶ᠎ᠠ ᠵᠡᠭᠡᠯᠢ ᠭᠤᠳᠤᠮᠵᠢ ᠶᠢ ᠬᠠᠲᠠᠭᠤᠷᠠᠭᠤᠯᠬᠤ ᠢᠨᠵᠧᠨᠧᠷᠢᠩ ᠪᠣᠯ | ᠥᠪᠡᠷᠲᠡᠭᠡᠨ ᠵᠠᠰᠠᠬᠤ ᠣᠷᠣᠨ ᠠᠴᠠ ᠳᠤᠷᠠᠳᠤᠭᠰᠠᠨ ︽ᠠᠷᠪᠠ ᠪᠠᠷ ᠪᠦᠬᠦᠨ ᠢ ᠬᠠᠮᠤᠷᠬᠤ︾ ᠠᠷᠠᠳ ᠤᠨ | ᠠᠮᠢᠳᠤᠷᠠᠯ ᠤᠨ ᠢᠨᠵᠧᠨᠧᠷᠢᠩ ᠤᠨ ᠭᠤᠣᠯᠳᠠᠯᠭ᠎ᠠ ᠪᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠨᠡᠨ ᠬᠦ ᠳᠥᠯᠭᠢᠨ ᠠᠬᠢᠭᠤᠯᠵᠤ᠂ ᠡᠷᠲᠡᠭᠡᠨ ᠠᠵᠢᠯ | ᠡᠬᠢᠯᠡᠭᠦᠯᠵᠦ᠂ ᠡᠷᠲᠡᠭᠡᠨ ᠪᠠᠶᠢᠭᠤᠯᠤᠨ ᠪᠦᠲᠦᠭᠡᠵᠤ᠂ ᠡᠷᠲᠡᠭᠡᠨ ᠠᠰᠢᠭᠯᠠᠯᠲᠠ ᠳᠤ ᠤᠷᠤᠭᠤᠯᠬᠤ ᠪᠠᠷ ᠴᠢᠷᠮᠠᠶᠢᠨ᠂ | ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠴᠤᠭᠯᠠᠭᠤᠯᠤᠨ᠂ | ᠤᠨ ᠤ ᠪᠡᠯᠡ ᠣᠷᠣᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠪᠠᠷᠢᠯᠭ᠎ᠠ ᠶᠢᠨ | ᠶᠠᠰᠤ ᠴᠢᠨᠠᠷ ᠤᠨ ᠬᠠᠮᠢᠶᠠᠷᠤᠯᠲᠠ ᠪᠤᠯᠤᠨ ᠣᠷᠴᠢᠨ ᠲᠤᠭᠤᠷᠢᠨ ᠤ ᠬᠠᠮᠠᠭᠠᠯᠠᠯᠲᠠ ᠶᠢ ᠴᠢᠩᠭᠠᠳᠬᠠᠨ᠂ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠠᠴᠠ ᠪᠤᠯᠵᠤ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ ᠶᠠᠪᠤᠳᠠᠯ ᠢ ᠴᠢᠷᠮᠠᠶᠢᠨ | ᠪᠠᠭᠤᠷᠠᠭᠤᠯᠬᠤ ᠶᠢᠨ ᠵᠡᠷᠭᠡᠴᠡᠪᠡᠷ ᠨᠣᠭᠤᠭᠠᠷᠠᠭᠤᠯᠤᠨ ᠭᠤᠶᠤᠵᠢᠭᠤᠯᠬᠤ ᠠᠵᠢᠯ ᠢ ᠴᠢᠩᠭᠠᠳᠬᠠᠨ᠂ ᠪᠠᠷᠢᠯᠭ᠎ᠠ ᠬᠢᠭᠡᠳ | ᠪᠠᠶᠢᠭᠠᠯᠢ᠂ ᠠᠮᠢ ᠠᠬᠤᠶ ᠬᠢᠭᠡᠳ ᠬᠥᠮᠦᠨ ᠰᠣᠶᠣᠯ ᠤᠨ ᠦᠵᠡᠮᠵᠢ ᠶᠢᠨ ᠪᠦᠷᠢᠮᠦᠰᠦᠨ ᠰᠠᠶᠢᠬᠠᠨ ᠠᠭᠤᠰᠤᠯᠴᠠᠨ | ᠨᠡᠶᠢᠯᠡᠬᠦ ᠶᠢ ᠪᠡᠶᠡᠯᠡᠭᠦᠯᠬᠦ ᠬᠡᠷᠡᠭᠲᠡᠶ᠃ ᠡᠯ᠎ᠡ ᠵᠦᠢᠯ ᠤᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠤᠳᠤᠷᠢᠳᠬᠤ ᠲᠣᠭᠲᠠᠴᠠ ᠪᠤᠯᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ | ᠮᠥᠩᠭᠦ ᠴᠤᠭᠯᠠᠭᠤᠯᠬᠤ ᠱᠠᠲᠤ ᠬᠤᠪᠢᠶᠠᠨ ᠬᠠᠷᠢᠭᠤᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠤ᠂ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠠᠷᠢᠶ᠎ᠠ ᠤᠷᠤᠨ ᠤ ᠬᠠᠷᠢᠭᠤᠴᠠᠯᠭ᠎ᠠ ᠶᠢ ᠲᠤᠲᠤᠷᠬᠠᠶᠢᠯᠠᠨ᠂ ᠪᠣᠳᠠᠲᠠᠶ | ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠶ᠃ ᠡᠩᠨᠡᠭᠡᠨ ᠤ | ᠬᠠᠮᠢᠶᠠᠷᠤᠯᠲᠠ ᠶᠢ ᠴᠢᠩᠭᠠᠳᠬᠠᠨ᠂ ᠨᠠᠮ ᠤᠨ ᠰᠤᠷᠲᠠᠯ ᠪᠤᠯᠤᠨ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢ ᠴᠥᠬᠦᠷᠡᠰᠢ ᠦᠭᠡᠶ ᠰᠠᠶᠢᠲᠤᠷ ᠠᠳᠬᠤᠵᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ | ᠬᠦᠯᠢᠶᠡᠬᠦ ᠵᠡᠷᠭᠡ ᠡᠯ᠎ᠡ ᠵᠦᠢᠯ ᠤᠨ ᠳᠦᠷᠢᠮ ᠢ ᠴᠢᠩᠳᠠᠯᠠᠵᠤ᠂ ᠳᠦᠷᠢᠮ ᠢᠶᠠᠷ ᠬᠥᠮᠦᠨ ᠢ ᠬᠠᠮᠢᠶᠠᠷᠤᠨ ᠬᠡᠷᠡᠭ | ᠶᠠᠪᠤᠳᠠᠯ ᠢ ᠬᠠᠮᠢᠶᠠᠷᠴᠤ᠂ ᠵᠠᠯᠬᠠᠭᠠᠨ ᠰᠢᠳᠬᠡᠬᠦ ᠪᠠ ᠰᠡᠷᠭᠡᠶᠢᠯᠡᠬᠦ ᠰᠢᠰᠲ᠋ᠧᠮᠵᠢ ᠶᠢ ᠪᠦᠷᠢᠨᠰᠢᠭᠦᠯᠵᠤ᠂ ᠢᠯᠵᠠᠷᠠᠯ ᠢ | ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠴᠢᠳᠠᠪᠤᠷᠢ ᠪᠠᠨ ᠨᠡᠮᠡᠭᠳᠡᠭᠦᠯᠵᠦ᠂ ᠪᠠᠷᠢᠯᠭ᠎ᠠ ᠴᠢᠨᠠᠷ ᠰᠠᠶᠢᠲᠠᠢ᠂ ᠺᠠᠳ᠋ᠷ | ᠰᠢᠯᠢᠳᠡᠭ᠂ ᠪᠡᠯᠡ ᠮᠦᠡᠭᠭᠦ ᠠᠮᠤᠷ ᠲᠦᠪᠰᠢᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠠᠢ ᠬᠡᠪᠡ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠢᠩᠬᠢᠮ ᠲᠤᠰ ᠲᠤᠰ ᠳᠡᠭᠡᠷ᠎ᠡ ᠬᠠᠭᠠᠰ ᠵᠢᠯ ᠤᠨ ᠪᠦᠬᠦ | ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠪᠤᠯᠤᠨ ᠵᠡᠭᠡᠯᠢ ᠭᠤᠳᠤᠮᠵᠢ ᠶᠢ ᠬᠠᠲᠠᠭᠤᠷᠠᠭᠤᠯᠤᠭᠰᠠᠨ᠂ | ᠲᠣᠰᠬᠤᠨ ᠳᠤ ᠨᠡᠪᠲᠡᠷᠡᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢᠶᠠᠨ ᠨᠡᠪᠲᠡᠷᠡᠭᠦᠯᠵᠤ | ᠵᠠᠳᠠᠯᠤᠯᠲᠠ ᠬᠢᠭᠰᠡᠨ ᠤ ᠬᠠᠮᠲᠤ᠂ ᠳᠠᠷᠠᠭ᠎ᠠ ᠠᠯᠬᠤᠮ ᠤᠨ ᠠᠵᠢᠯ ᠢᠶᠠᠨ ᠪᠠᠶᠢᠷᠢᠯᠠᠭᠤᠯᠤᠨ ᠲᠤᠬᠢᠷᠠᠭᠤᠯᠪᠠ᠃ |