ᠤᠯᠠᠭᠠᠨᠴᠠᠪ ᠬᠤᠲᠠ 2015 ᠣᠨ ᠤ ᠲᠥᠰᠦᠪ ᠪᠠ ︽ᠭᠤᠷᠪᠠᠨ ᠠᠯᠪᠠᠨ ᠶᠠᠪᠤᠳᠠᠯ︾᠎ ᠤᠨ ᠵᠠᠷᠤᠳᠠᠯ ᠤᠨ ᠲᠥᠰᠦᠪ ᠢ ᠪᠦᠬᠦ ᠲᠠᠯ᠎ᠠ ᠪᠠᠷ ᠢᠯᠡ ᠪᠣᠯᠭᠠᠪᠠ
ᠨᠡᠶᠢᠲᠡᠯᠡᠭᠰᠡᠨ ᠴᠠᠭ᠄
2015/8/7
     ᠣᠶᠢᠷ᠎ᠠ ᠶᠢᠨ ᠵᠢᠯ ᠳᠤ᠂ ᠤᠯᠠᠭᠠᠨᠴᠠᠪ ᠬᠤᠲᠠ ᠶᠢᠨ ᠡᠯ᠎ᠡ ᠱᠠᠲᠤ᠂ ᠡᠯ᠎ᠡ ᠰᠠᠯᠠᠭ᠎ᠠ ᠮᠥᠴᠢᠷ ︽ᠲᠥᠰᠦᠪ ᠤᠨ ᠬᠠᠤᠯᠢ︾᠎ ᠶᠢᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠬᠤᠲᠠ ᠰᠢᠶᠠᠨ ᠤ ᠲᠥᠰᠦᠪ ᠢ ᠢᠯᠡ ᠪᠣᠯᠭᠠᠬᠤ ᠠᠵᠢᠯ ᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠢᠯᠡ ᠪᠣᠯᠭᠠᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠢᠯᠡ ᠪᠣᠯᠭᠠᠬᠤ ᠠᠭᠤᠯᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠬᠢᠨᠠᠨ ᠵᠢᠯᠣᠭᠤᠳᠬᠤ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠬᠤᠲᠠ ᠶᠢᠨ ᠲᠤᠰ ᠱᠠᠲᠤ ᠨᠢ 2015 ᠣᠨ ᠤ ᠵᠠᠰᠠᠭ ᠤᠨ ᠣᠷᠳᠣᠨ ᠤ ᠲᠥᠰᠦᠪ᠂ ᠰᠠᠯᠠᠭ᠎ᠠ ᠮᠥᠴᠢᠷ ᠤᠨ ᠲᠥᠰᠦᠪ ᠪᠠ ︽ᠭᠤᠷᠪᠠᠨ ᠠᠯᠪᠠᠨ ᠶᠠᠪᠤᠳᠠᠯ︾᠎ ᠤᠨ ᠵᠠᠷᠤᠳᠠᠯ ᠤᠨ ᠲᠥᠰᠦᠪ ᠢᠶᠠᠨ ᠢᠯᠡ ᠪᠣᠯᠭᠠᠵᠤ᠂ ᠢᠯᠡ ᠪᠣᠯᠭᠠᠭᠰᠠᠨ ᠠᠷᠭ᠎ᠠ ᠵᠠᠮ ᠨᠢ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠠ ᠤᠯᠠᠭᠠᠨᠴᠠᠪ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠫᠣᠷᠲ᠋ᠧᠯ ᠰᠦᠯᠵᠢᠶ᠎ᠡ ᠪᠣᠯᠣᠨ᠎ᠠ᠃ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢ ᠭᠠᠷᠭᠠᠪᠠᠯ᠂ ᠬᠤᠲᠠ ᠶᠢᠨ ᠲᠤᠰ ᠱᠠᠲᠤᠨ ᠤ ᠵᠠᠰᠠᠭ ᠤᠨ ᠣᠷᠳᠣᠨ ᠤ ᠲᠥᠰᠦᠪ ᠢ ᠵᠠᠷᠤᠯᠭ᠎ᠠ ᠶᠢᠨ ᠴᠢᠳᠠᠮᠵᠢ ᠶᠢᠨ ᠲᠥᠷᠥᠯ ᠬᠤᠪᠢᠶᠠᠭᠰᠠᠨ ᠵᠦᠢᠯ ᠤᠨ ᠳᠡᠰ ᠤᠨ ᠵᠦᠢᠯ ᠢᠯᠭᠠᠯ ᠳᠤ ᠬᠦᠷᠲᠡᠯ᠎ᠡ ᠨᠢᠭᠡᠨᠲᠡ ᠢᠯᠡ ᠪᠣᠯᠭᠠᠵᠤ᠂ ᠰᠠᠯᠠᠭ᠎ᠠ ᠮᠥᠴᠢᠷ ᠤᠨ ᠲᠥᠰᠦᠪ ᠢ ᠦᠨᠳᠦᠰᠦᠨ ᠵᠠᠷᠤᠯᠭ᠎ᠠ ᠪᠣᠯᠤᠨ ᠲᠥᠷᠥᠯ ᠵᠦᠢᠯ ᠤᠨ ᠵᠠᠷᠤᠯᠭ᠎ᠠ ᠳᠤ ᠬᠦᠷᠲᠡᠯ᠎ᠡ ᠨᠠᠷᠢᠯᠢᠭᠵᠢᠭᠤᠯᠤᠨ ᠢᠯᠡ ᠪᠣᠯᠭᠠᠵᠤ᠂ ︽ᠭᠤᠷᠪᠠᠨ ᠠᠯᠪᠠᠨ ᠶᠠᠪᠤᠳᠠᠯ︾᠎ ᠤᠨ ᠵᠠᠷᠤᠳᠠᠯ ᠤᠨ ᠰᠠᠯᠠᠭ᠎ᠠ ᠮᠥᠴᠢᠷ ᠤᠨ ᠲᠥᠰᠦᠪ ᠢ ᠭᠠᠳᠠᠭᠠᠳᠤ ᠳᠤ ᠭᠠᠷᠤᠭᠰᠠᠨ ᠵᠠᠷᠤᠳᠠᠯ᠂ ᠠᠯᠪᠠᠨ ᠶᠠᠪᠤᠳᠠᠯ ᠤᠨ ᠬᠡᠷᠡᠭᠯᠡᠬᠦ ᠲᠡᠷᠭᠡ ᠬᠤᠳᠠᠯᠳᠤᠨ ᠠᠪᠤᠭᠰᠠᠨ ᠵᠢᠴᠢ ᠠᠵᠢᠯᠯᠠᠭᠠᠨ ᠤ ᠵᠠᠷᠤᠳᠠᠯ᠂ ᠠᠯᠪᠠᠨ ᠶᠠᠪᠤᠳᠠᠯ ᠤᠨ ᠬᠦᠯᠢᠶᠡᠨ ᠠᠪᠤᠭᠰᠠᠨ ᠵᠠᠷᠤᠳᠠᠯ ᠵᠡᠷᠭᠡ ᠪᠣᠳᠠᠲᠠᠶ ᠠᠭᠤᠯᠭ᠎ᠠ ᠳᠤ ᠬᠦᠷᠲᠡᠯ᠎ᠡ ᠢᠯᠡ ᠪᠣᠯᠭᠠᠭᠰᠠᠨ ᠪᠠᠶᠢᠨ᠎ᠠ᠃ ᠡᠭᠦᠨ ᠤ ᠬᠠᠮᠲᠤ᠂ ᠰᠢᠶᠠᠨ ᠤ ᠱᠠᠲᠤᠨ ᠤ ᠲᠥᠰᠦᠪ ᠢ ᠢᠯᠡ ᠪᠣᠯᠭᠠᠬᠤ ᠬᠡᠪᠴᠢᠶ᠎ᠡ ᠶᠢ ᠲᠠᠰᠤᠷᠠᠯᠲᠠ ᠦᠭᠡᠶ ᠥᠷᠭᠡᠳᠬᠡᠭᠡᠳ᠂ ᠣᠳᠣ ᠨᠢᠭᠡᠨᠲᠡ ᠳᠥᠷᠪᠡᠨ ᠬᠤᠰᠢᠭᠤ ᠰᠢᠶᠠᠨ 2015 ᠣᠨ ᠤ ᠲᠥᠰᠦᠪ ᠢᠶᠠᠨ ᠢᠯᠡ ᠪᠣᠯᠭᠠᠵᠤ᠂ ᠦᠯᠡᠳᠡᠭᠰᠡᠨ ᠬᠤᠰᠢᠭᠤ ᠰᠢᠶᠠᠨ ᠨᠦᠭᠦᠳ ᠵᠠᠯᠭᠠᠪᠠᠷ ᠢᠯᠡ ᠪᠣᠯᠭᠠᠬᠤ ᠪᠠᠷ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号