ᠸᠠᠩ ᠵᠢᠶᠦ᠋ᠨ ᠪᠡᠭᠡᠵᠢᠩ ᠤᠨ ︽ᠬᠤᠪᠢᠰᠬᠠᠯ ᠤᠨ ᠨᠤᠳᠤᠭ ᠲᠠᠬᠢ ᠠᠶᠠᠯᠠᠯ · ᠦᠵᠡᠰᠭᠦᠯᠡᠩᠲᠦ ᠰᠠᠶᠢᠬᠠᠨ ᠦᠪᠦᠷ ᠮᠤᠩᠭᠤᠯ︾ ᠤᠨ ᠰᠦᠯᠵᠢᠶᠡᠨ ᠵᠠᠭᠤᠴᠢᠯᠠᠭᠤᠷ ᠤᠨ ᠪᠦᠯᠬᠦᠮ ᠤᠨ ᠬᠢᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2015-08-07
            8 ᠳ᠋ᠤᠭᠠᠷ ᠰᠠᠷ᠎ᠠ ᠶᠢᠨ 3 ᠤ ᠦᠲᠡ ᠶᠢᠨ ᠬᠤᠶᠢᠨ᠎ᠠ᠂ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠬᠦᠬᠡᠬᠤᠲᠠ ᠳᠤ ᠪᠡᠭᠡᠵᠢᠩ ᠤᠨ ︽ᠬᠤᠪᠢᠰᠬᠠᠯ ᠤᠨ ᠨᠤᠳᠤᠭ ᠲᠠᠬᠢ ᠠᠶᠠᠯᠠᠯ · ᠦᠵᠡᠰᠭᠦᠯᠡᠩᠲᠦ ᠰᠠᠶᠢᠬᠠᠨ ᠦᠪᠦᠷ ᠮᠤᠩᠭᠤᠯ︾ ᠤᠨ ᠰᠦᠯᠵᠢᠶᠡᠨ ᠵᠠᠭᠤᠴᠢᠯᠠᠭᠤᠷ ᠤᠨ ᠪᠦᠯᠬᠦᠮ ᠤᠨ ᠬᠢᠨ ᠲᠠᠢ ᠠᠭᠤᠯᠵᠠᠪᠠ᠃      8 ᠳ᠋ᠤᠭᠠᠷ ᠰᠠᠷ᠎ᠠ ᠶᠢᠨ 3 ᠤ ᠦᠲᠡ ᠶᠢᠨ ᠬᠤᠶᠢᠨ᠎ᠠ᠂ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠬᠦᠬᠡᠬᠤᠲᠠ ᠳᠤ ᠪᠡᠭᠡᠵᠢᠩ ᠤᠨ ︽ᠬᠤᠪᠢᠰᠬᠠᠯ ᠤᠨ ᠨᠤᠳᠤᠭ ᠲᠠᠬᠢ ᠠᠶᠠᠯᠠᠯ · ᠦᠵᠡᠰᠭᠦᠯᠡᠩᠲᠦ ᠰᠠᠶᠢᠬᠠᠨ ᠦᠪᠦᠷ ᠮᠤᠩᠭᠤᠯ︾ ᠤᠨ ᠰᠦᠯᠵᠢᠶᠡᠨ ᠵᠠᠭᠤᠴᠢᠯᠠᠭᠤᠷ ᠤᠨ ᠪᠦᠯᠬᠦᠮ ᠤᠨ ᠬᠢᠨ ᠲᠠᠢ ᠠᠭᠤᠯᠵᠠᠪᠠ᠃       ᠸᠠᠩ ᠵᠢᠶᠦ᠋ᠨ ᠡᠩ ᠲᠡᠷᠢᠭᠦᠨ ᠳᠤ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠢ ᠲᠦᠯᠦᠭᠡᠯᠡᠨ ᠪᠡᠭᠡᠵᠢᠩ ᠤᠨ ︽ᠬᠤᠪᠢᠰᠬᠠᠯ ᠤᠨ ᠨᠤᠳᠤᠭ ᠲᠠᠬᠢ ᠠᠶᠠᠯᠠᠯ · ᠦᠵᠡᠰᠭᠦᠯᠡᠩᠲᠦ ᠰᠠᠶᠢᠬᠠᠨ ᠦᠪᠦᠷ ᠮᠤᠩᠭᠤᠯ︾ ᠤᠨ ᠰᠦᠯᠵᠢᠶᠡᠨ ᠵᠠᠭᠤᠴᠢᠯᠠᠭᠤᠷ ᠤᠨ ᠪᠦᠯᠬᠦᠮ ᠤᠨ ᠮᠠᠨ ᠤ ᠤᠷᠤᠨ ᠳᠤ ᠰᠤᠷᠪᠤᠯᠵᠢᠯᠠᠬᠤ ᠪᠠᠷ ᠢᠷᠡᠭᠰᠡᠨ ᠢ ᠪᠠᠶᠠᠷᠯᠠᠨ ᠤᠬᠲᠤᠵᠦ ᠪᠠᠶᠢᠬᠤ ᠪᠠᠨ ᠢᠯᠡᠳᠬᠡᠬᠦ ᠶᠢᠨ ᠬᠠᠮᠲᠦ᠂ ᠦᠪᠡᠷᠲᠡᠭᠡᠨ ᠵᠠᠰᠬᠠᠤ ᠤᠷᠤᠨ ᠤ ᠦᠨᠳᠦᠰᠦᠨ ᠪᠠᠶᠢᠲᠠᠯ᠂ ᠬᠦᠭᠵᠢᠯᠲᠡ ᠶᠢᠨ ᠰᠡᠳᠬᠢᠮᠵᠢ᠂ ᠠᠵᠦ ᠠᠬᠤᠢ ᠨᠡᠶᠢᠭᠡᠮ ᠤᠨ ᠬᠦᠭᠵᠢᠯᠲᠡ ᠪᠤᠯᠤᠨ ᠨᠠᠮ ᠤᠨ ᠪᠠᠶᠢᠭᠤᠯᠤᠯᠲᠠ ᠶᠢᠨ ᠪᠠᠶᠢᠲᠠᠯ ᠢ ᠲᠦᠭᠦᠮ ᠲᠠᠨᠢᠯᠴᠠᠭᠤᠯᠪᠠ᠃ ᠸᠠᠩ ᠵᠢᠶᠦ᠋ᠨ ᠵᠢᠭᠠᠵᠦ ᠭᠠᠷᠭᠠᠬᠰᠠᠨ ᠨᠢ᠂ ᠦᠪᠦᠷ ᠮᠤᠩᠭᠤᠯ ᠤᠨ ᠨᠤᠳᠤᠭ ᠲᠡᠪᠢᠰᠬᠡᠷ ᠦᠷᠭᠡᠨ ᠠᠭᠤᠲᠠᠮ᠂ ᠤᠷᠤᠨ ᠪᠠᠶᠢᠷᠢ ᠴᠢᠬᠤᠯᠠ᠂ ᠡᠬᠢ ᠪᠠᠶᠠᠯᠢᠬ ᠡᠯᠪᠡᠭ ᠳᠡᠯᠪᠡᠭ᠂ ᠬᠦᠭᠵᠢᠯᠲᠡ ᠶᠢᠨ ᠰᠠᠭᠤᠷᠢ ᠰᠠᠶᠢᠨ᠂ ᠨᠡᠶᠢᠭᠡᠮ ᠡᠶ᠎ᠡ ᠵᠤᠬᠢᠴᠠᠩᠭᠤᠢ ᠲᠤᠬᠲᠠᠭᠤᠨ ᠪᠠᠶᠢᠵᠦ᠂ ᠪᠦᠬᠦ ᠤᠯᠤᠰ ᠤᠨ ᠬᠦᠭᠵᠢᠯᠲᠡ ᠶᠢᠨ ᠲᠤᠮᠤ ᠪᠠᠶᠢᠲᠠᠯ ᠳᠤ ᠴᠢᠬᠤᠯᠠ ᠪᠠᠶᠢᠷᠢ ᠰᠠᠭᠤᠷᠢ ᠲᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠶᠡᠷᠦᠩᠬᠡᠢ ᠱᠦᠵᠢ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠪᠦᠬᠦ ᠤᠷᠤᠨ ᠲᠠᠶᠠᠭᠠᠷ ᠢᠶᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠᠳᠤᠭᠠᠷ᠂ ᠲᠦᠷᠪᠡᠲᠦᠭᠡᠷ ᠪᠦᠬᠦᠲᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠲᠠᠪᠤᠷᠢᠵᠢᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠪᠤᠯᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠦ᠂ ᠲᠦᠪ ᠤᠨ ᠵᠤᠷᠢᠭ ᠰᠠᠨᠠᠭ᠎ᠠ ᠲᠠᠢ ᠨᠡᠶᠢᠴᠡᠭᠰᠡᠨ᠂ ᠦᠪᠦᠷ ᠮᠤᠩᠭᠤᠯ ᠤᠨ ᠪᠤᠲᠠᠲᠤ ᠪᠠᠶᠢᠲᠠᠯ ᠲᠠᠢ ᠨᠡᠶᠢᠴᠡᠭᠰᠡᠨ ᠬᠦᠭᠵᠢᠯᠲᠡ ᠶᠢᠨ ᠰᠡᠳᠬᠢᠮᠵᠢ ᠶᠢ ᠲᠡᠭᠦᠯᠲᠡᠷᠵᠢᠭᠦᠯᠦᠨ ᠪᠦᠷᠢᠯᠲᠦᠭᠦᠯᠵᠦ᠂ ᠪᠦᠬᠦ ᠤᠷᠤᠨ ᠤ ᠡᠯ᠎ᠡ ᠵᠦᠢᠯ ᠤᠨ ᠦᠢᠯᠡᠰ ᠢ ᠠᠬᠢᠭᠤᠯᠤᠨ ᠰᠢᠨ᠎ᠡ ᠪᠠᠶᠢᠲᠠᠯ ᠢ ᠨᠡᠭᠡᠭᠡᠵᠡᠢ᠃ ᠨᠢᠲᠦᠨᠦᠨ ᠠᠴᠠ ᠨᠠᠰᠢ᠂ ᠪᠢᠲᠡ ᠠᠵᠦ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠲᠠᠯ ᠲᠠᠢ ᠰᠡᠨᠠᠭᠠᠴᠢᠯᠠᠭ᠎ᠠ ᠠᠴᠠ ᠪᠠᠨ ᠵᠤᠬᠢᠴᠠᠵᠦ᠂ ᠨᠡᠮᠡᠭᠳᠡᠯ ᠢ ᠲᠤᠬᠲᠠᠪᠤᠷᠢᠵᠢᠭᠤᠯᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠲᠤᠬᠲᠠᠭᠤᠨ ᠢ ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠲᠦᠯᠲᠡᠢ ᠲᠦᠯᠦᠪᠵᠢᠭᠦᠯᠦᠨ ᠰᠠᠶᠢᠲᠦᠷ ᠬᠢᠵᠦ᠂ ᠠᠵᠦ ᠠᠬᠤᠢ ᠨᠡᠶᠢᠭᠡᠮ ᠤᠨ ᠬᠦᠭᠵᠢᠯᠲᠡ ᠳᠡᠭᠡᠨ ᠰᠢᠨ᠎ᠡ ᠠᠮᠵᠢᠯᠲᠠ ᠪᠦᠲᠦᠮᠵᠢ ᠤᠯᠵᠠᠢ᠃ ᠡᠨᠡ ᠵᠢᠯ ᠤᠨ ᠲᠡᠭᠡᠷ᠎ᠡ ᠬᠠᠭᠠᠰ ᠵᠢᠯ ᠳᠤ᠂ ᠪᠦᠬᠦ ᠤᠷᠤᠨ ᠤ ᠠᠵᠦ ᠠᠬᠤᠢ ᠲᠤᠬᠲᠠᠭᠤᠨ ᠢᠶᠠᠷ ᠨᠡᠮᠡᠭᠳᠡᠬᠦ ᠶᠢ ᠪᠠᠲᠤᠯᠠᠵᠦ᠂ ᠠᠵᠦ ᠠᠬᠤᠢ ᠶᠢᠨ ᠪᠦᠲᠦᠴᠡ ᠳᠤ ᠲᠤᠬᠢᠷᠠᠭᠤᠯᠤᠯᠲᠠ ᠬᠢᠬᠦ ᠪᠦᠬᠦ᠋ᠢᠯᠡ ᠠᠯᠬᠤᠮ ᠲᠦᠷᠭᠡᠳᠴᠦ᠂ ᠬᠦᠭᠵᠢᠯᠲᠡ ᠶᠢᠨ ᠴᠢᠨᠠᠷ ᠴᠢᠨᠰᠠᠭ᠎ᠠ ᠦᠷ᠎ᠡ ᠠᠰᠢᠬ ᠲᠤᠬᠲᠠᠭᠤᠨ ᠢᠶᠠᠷ ᠲᠡᠭᠡᠭᠰᠢᠯᠡᠵᠦ᠂ ᠠᠷᠠᠳ ᠤᠨ ᠠᠮᠢᠳᠤᠷᠠᠯ ᠤᠨ ᠲᠦᠪᠰᠢᠨ ᠦᠷᠭᠦᠯᠵᠢᠯᠡᠨ ᠰᠠᠶᠢᠵᠢᠷᠠᠵᠦ᠂ ᠡᠯ᠎ᠡ ᠵᠦᠢᠯ ᠤᠨ ᠠᠵᠢᠯ ᠰᠢᠨ᠎ᠡ ᠬᠦᠭᠵᠢᠯᠲᠡ ᠲᠠᠢ ᠪᠣᠯᠵᠠᠢ᠃ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠤᠬᠢᠴᠠᠭᠤᠯᠤᠨ ᠠᠬᠢᠭᠤᠯᠬᠤ ᠱᠠᠭᠠᠷᠲᠠᠯᠭ᠎ᠠ ᠶᠤᠰᠤᠭᠠᠷ᠂ ᠨᠠᠮ ᠤᠨ ᠦᠵᠠᠯ ᠰᠠᠨᠠᠭ᠎ᠠ ᠶᠢᠨ ᠪᠠᠶᠢᠭᠤᠯᠤᠯᠲᠠ᠂ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠢᠯᠵᠢᠷᠠᠯ ᠢ ᠡᠰᠡᠷᠬᠦᠴᠡᠨ ᠠᠷᠢᠭᠤᠨ ᠴᠢᠭᠡᠴᠢ ᠶᠢ ᠡᠷᠬᠢᠮᠯᠡᠬᠦ ᠪᠠᠶᠢᠭᠤᠯᠤᠯᠲᠠ ᠪᠤᠯᠤᠨ ᠲᠦᠷᠢᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠦ᠂ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠬᠤ ᠲᠦᠪᠰᠢᠨ ᠴᠢᠨᠠᠬᠰᠢᠲᠠ ᠲᠡᠭᠡᠭᠰᠢᠯᠡᠵᠦ᠂ ᠤᠳᠤᠬᠢᠴᠢᠯᠠᠬᠰᠠᠨ ᠦᠪᠦᠷ ᠮᠤᠩᠭᠤᠯ ᠢ ᠪᠦᠲᠦᠭᠡᠨ ᠪᠠᠶᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠵᠠᠢ ᠬᠡᠵᠡᠢ᠃ ᠸᠠᠩ ᠵᠢᠶᠦ᠋ᠨ ᠴᠢᠬᠤᠯᠠᠴᠢᠯᠠᠬᠰᠠᠨ ᠨᠢ᠂ ᠦᠪᠦᠷ ᠮᠤᠩᠭᠤᠯ ᠤᠨ ᠬᠦᠭᠵᠢᠯᠲᠡ ᠰᠦᠯᠵᠢᠶᠡᠨ ᠵᠠᠭᠤᠴᠢᠯᠠᠭᠤᠷ ᠢ ᠪᠠᠭᠲᠠᠭᠠᠬᠰᠠᠨ ᠡᠯ᠎ᠡ ᠲᠦᠷᠦᠯ ᠤᠨ ᠵᠠᠭᠤᠴᠢᠯᠠᠭᠤᠷ ᠤᠨ ᠬᠦᠴᠦᠳᠡᠢ ᠲᠡᠮᠵᠢᠯᠭᠡ ᠠᠴᠠ ᠰᠠᠯᠵᠦ ᠴᠢᠲᠠᠬᠤ ᠦᠭᠡᠢ᠃ ᠤᠯᠠᠨ ᠢᠶᠠᠷ ᠢᠶᠠᠨ ᠦᠪᠦᠷ ᠮᠤᠩᠭᠤᠯ ᠢᠶᠠᠷ ᠢᠯᠡᠭᠦᠬᠡᠨ ᠶᠠᠪᠤᠵᠦ᠂ ᠢᠯᠡᠭᠦᠬᠡᠨ ᠦᠵᠡᠵᠦ᠂ ᠦᠩᠭᠡᠷᠡᠭᠰᠨᠨ ᠲᠠᠢ ᠠᠳᠠᠯᠢ ᠪᠠᠷ ᠦᠪᠦᠷ ᠮᠤᠩᠭᠤᠯ ᠢ ᠬᠠᠯᠠᠮᠵᠢᠯᠠᠨ ᠳᠡᠮᠵᠢᠵᠦ᠂ ᠪᠦᠬᠦ ᠳᠠᠯ᠎ᠠ ᠪᠠᠷ᠂ ᠤᠯᠠᠨ ᠬᠠᠷᠠᠭᠠᠰᠤ ᠠᠴᠠ ᠦᠪᠦᠷ ᠮᠤᠩᠭᠤᠯ ᠢ ᠤᠬᠠᠭᠤᠯᠤᠨ ᠲᠠᠨᠢᠯᠴᠠᠭᠤᠯᠵᠦ᠂ ᠪᠢᠲᠡᠨ ᠲᠠᠢ ᠬᠠᠮᠲᠦ ᠡᠬᠡ ᠤᠯᠤᠰ ᠤᠨ ᠤᠮᠠᠷᠠᠲᠦ ᠶᠢᠨ ᠦᠵᠡᠰᠭᠦᠯᠡᠩᠲᠦ ᠰᠠᠶᠢᠬᠠᠨ ᠦᠵᠡᠮᠵᠢ ᠶᠢᠨ ᠤᠷᠤᠨ ᠤ ᠰᠢᠨ᠎ᠡ ᠬᠠᠭᠤᠲᠠᠰᠤ ᠶᠢ ᠪᠢᠴᠢᠭᠯᠡᠬᠦ ᠶᠢ ᠬᠦᠰᠡᠵᠦ ᠪᠠᠶᠢᠨ᠎ᠠ ᠬᠡᠵᠡᠢ᠃       ᠪᠡᠭᠡᠵᠢᠩ ᠬᠤᠲᠠ ᠶᠢᠨ ᠢᠨᠲ᠋ᠧᠷᠨᠧᠲ ᠤᠨ ᠮᠡᠲᠡᠭᠡ ᠵᠠᠩᠬᠢ ᠶᠢᠨ ᠠᠯᠪᠠᠨ ᠬᠡᠷ ᠤᠨ ᠡᠷᠬᠢᠯᠡᠭᠴᠢ᠂ ᠨᠡᠶᠢᠰᠯᠡᠯ ᠤᠨ ᠢᠨᠲ᠋ᠧᠷᠨᠧᠲ ᠤᠨ ᠨᠡᠶᠢᠭᠡᠮᠯᠢᠭ ᠤᠨ ᠲᠠᠷᠤᠭ᠎ᠠ ᠲᠦᠩ ᠯᠢ ᠴᠢᠶᠠᠩ ᠪᠡᠭᠡᠵᠢᠩ ᠤᠨ ︽ᠬᠤᠪᠢᠰᠬᠠᠯ ᠤᠨ ᠨᠤᠳᠤᠭ ᠲᠠᠬᠢ ᠠᠶᠠᠯᠠᠯ · ᠦᠵᠡᠰᠭᠦᠯᠡᠩᠲᠦ ᠰᠠᠶᠢᠬᠠᠨ ᠦᠪᠦᠷ ᠮᠤᠩᠭᠤᠯ︾ ᠤᠨ ᠰᠦᠯᠵᠢᠶᠡᠨ ᠵᠠᠭᠤᠴᠢᠯᠠᠭᠤᠷ ᠤᠨ ᠪᠦᠯᠬᠦᠮ ᠤᠨ ᠰᠤᠷᠪᠤᠯᠵᠢᠯᠠᠬᠤ ᠠᠵᠢᠯᠯᠠᠭ᠎ᠠ ᠶᠢᠨ ᠬᠠᠮᠢᠶ᠎ᠠ ᠪᠦᠬᠦᠢ ᠪᠠᠶᠢᠲᠠᠯ ᠢ ᠲᠦᠭᠦᠮ ᠲᠠᠨᠢᠯᠴᠠᠭᠤᠯᠵᠦ᠂ ᠦᠪᠡᠷᠲᠡᠭᠡᠨ ᠵᠠᠰᠠᠬᠤ ᠤᠷᠤᠨ ᠤ ᠦᠭᠡᠷᠡᠴᠢᠯᠡᠯᠲᠡ ᠬᠦᠭᠵᠢᠯᠲᠡ ᠲᠤᠬᠲᠠᠭᠤᠨ ᠪᠤᠯᠤᠨ ᠨᠠᠮ ᠤᠨ ᠪᠠᠶᠢᠭᠤᠯᠤᠯᠲᠠ ᠶᠢᠨ ᠤᠯᠤᠬᠰᠠᠨ ᠲᠤᠪᠤᠶᠢᠮ᠎ᠠ ᠠᠮᠵᠢᠯᠲᠠ ᠳᠤ ᠪᠠᠶᠠᠷ ᠬᠦᠷᠬᠡᠵᠦ ᠪᠠᠶᠢᠬᠤ ᠪᠠᠨ ᠢᠯᠡᠳᠬᠡᠵᠡᠢ᠃ ᠲᠡᠷᠡ ᠢᠯᠡᠷᠬᠡᠶᠢᠯᠡᠭᠰᠡᠨ ᠨᠢ᠂ ᠨᠡᠶᠢᠰᠯᠡᠯ ᠤᠨ ᠰᠦᠯᠵᠢᠶᠡᠨ ᠵᠠᠭᠤᠴᠢᠯᠠᠭᠤᠷ ᠪᠤᠯᠤᠨ ᠬᠠᠮᠢᠶ᠎ᠠ ᠪᠦᠬᠦᠢ ᠰᠦᠯᠵᠢᠶ᠎ᠡ ᠶᠢᠨ ᠲᠠᠪᠠᠭᠤᠯᠢᠬ ᠪᠠ ᠦᠢᠯᠡᠲᠦᠯ ᠢ ᠬᠦᠢᠴᠡᠳ ᠪᠠᠲᠠᠷᠠᠭᠤᠯᠵᠦ᠂ ᠲᠤᠰ ᠣᠳᠠᠭ᠎ᠠ ᠶᠢᠨ ᠠᠵᠢᠯᠯᠠᠭ᠎ᠠ ᠶᠢ ᠡᠷᠬᠢᠯᠡᠬᠦ ᠪᠠᠷ ᠲᠠᠮᠵᠢᠨ᠂ ᠦᠪᠦᠷ ᠮᠤᠩᠭᠤᠯ ᠢ ᠴᠢᠨᠠᠬᠰᠢᠲᠠ ᠰᠠᠶᠢᠲᠦᠷ ᠤᠬᠠᠭᠤᠯᠵᠦ᠂ ᠰᠠᠶᠢᠲᠦᠷ ᠲᠠᠨᠢᠯᠴᠠᠭᠤᠯᠵᠦ᠂ ᠦᠪᠦᠷ ᠮᠤᠩᠭᠤᠯ ᠤᠨ ᠠᠵᠦ ᠠᠬᠤᠢᠢᠯᠠᠯ ᠪᠤᠯᠤᠨ IT ᠠᠵᠦ ᠠᠬᠤᠢᠢᠯᠠᠯ ︽ᠢᠨᠲ᠋ᠧᠷᠨᠧᠲ +︾ ᠵᠡᠷᠭᠡ ᠬᠦᠷᠢᠶᠡᠨ ᠲᠠᠬᠢ ᠬᠠᠮᠳᠤᠷᠠᠯᠴᠠᠭ᠎ᠠ ᠦᠷᠨᠢᠭᠦᠯᠬᠦ ᠶᠢ ᠠᠬᠢᠭᠤᠯᠵᠦ᠂ ᠦᠪᠡᠷᠲᠡᠭᠡᠨ ᠵᠠᠰᠠᠬᠤ ᠤᠷᠤᠨ ᠤ ᠦᠭᠡᠷᠡᠴᠢᠯᠡᠯᠲᠡ ᠨᠡᠭᠡᠭᠡᠯᠲᠡ ᠪᠤᠯᠤᠨ ᠤᠳᠤᠬᠢᠴᠢᠯᠠᠬᠤ ᠪᠦᠲᠦᠭᠡᠨ ᠪᠠᠶᠢᠭᠤᠯᠤᠯᠲᠠ ᠳᠤ ᠢᠲᠡᠪᠬᠢᠳᠠᠢ ᠬᠦᠴᠦᠨ ᠴᠢᠳᠠᠯ ᠢᠶᠠᠨ ᠡᠷᠭᠦᠨ᠎ᠡ ᠬᠡᠵᠡᠢ᠃       ᠰᠢᠨ ᠯᠠᠩ᠂ ᠰᠸᠦ ᠬᠤ᠋᠂ ᠸᠠᠩ ᠢ᠂ ᠲᠸᠡᠭ ᠰᠢᠶᠦ᠋ᠨ᠂ ᠹᠧᠩ ᠬᠤᠸᠠᠩ ᠵᠡᠷᠭᠡ ᠰᠦᠯᠵᠢᠶᠡᠨ ᠵᠠᠭᠤᠴᠢᠯᠠᠭᠤᠷ ᠤᠨ ᠲᠦᠯᠦᠭᠡᠯᠡᠭᠴᠢ ᠢᠯᠡᠷᠬᠡᠶᠢᠯᠡᠭᠰᠡᠨ ᠨᠢ᠂ ᠤᠳᠤᠬᠠᠨ ᠳᠤ᠂ ᠦᠪᠦᠷ ᠮᠤᠩᠭᠤᠯ ᠤᠨ ᠬᠦᠭᠵᠢᠯᠲᠡ ᠶᠢᠨ ᠰᠡᠳᠬᠢᠮᠵᠢ ᠬᠦᠮᠦᠰ ᠢ ᠤᠷᠮᠠᠰᠢᠭᠤᠯᠵᠦ᠂ ᠬᠦᠭᠵᠢᠯᠲᠡ ᠶᠢᠨ ᠠᠮᠵᠢᠯᠲᠠ ᠬᠦᠮᠦᠰ ᠢ ᠵᠤᠷᠢᠬᠵᠢᠭᠤᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠡᠷᠡᠯᠬᠡᠭᠯᠡᠨ ᠲᠠᠪᠰᠢᠵᠦ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠤᠬᠢᠴᠠᠭᠤᠯᠤᠨ ᠠᠬᠢᠭᠤᠯᠬᠤ ᠦᠳᠬᠡᠨ ᠵᠤᠵᠠᠭᠠᠨ ᠠᠭᠤᠷ ᠠᠮᠢᠰᠬᠤᠯ ᠢ ᠪᠦᠷᠢᠯᠲᠦᠭᠦᠯᠵᠡᠢ᠃ ᠪᠡᠭᠡᠵᠢᠩ ᠤᠨ ᠰᠦᠯᠵᠢᠶᠡᠨ ᠵᠠᠭᠤᠴᠢᠯᠠᠭᠤᠷ ᠨᠤᠭᠤᠳ ᠦᠪᠡᠷ ᠦᠪᠡᠷᠰᠡᠳ ᠤᠨ ᠲᠠᠪᠠᠭᠤᠯᠢᠬ ᠢᠶᠠᠨ ᠪᠠᠲᠠᠷᠠᠭᠤᠯᠵᠦ᠂ ᠦᠪᠦᠷ ᠮᠤᠩᠭᠤᠯ ᠤᠨ ᠬᠦᠭᠵᠢᠯᠲᠡ ᠶᠢ ᠨᠡᠩ ᠠᠩᠬᠠᠷᠤᠨ ᠬᠠᠯᠠᠮᠵᠢᠯᠠᠵᠣ᠂ ᠤᠳᠤᠬᠢᠴᠢᠯᠠᠬᠰᠠᠨ ᠦᠪᠦᠷ ᠮᠤᠩᠭᠤᠯ ᠢ ᠪᠦᠲᠦᠭᠡᠨ ᠪᠠᠶᠢᠭᠤᠯᠬᠤ ᠳᠤ ᠨᠡᠩ ᠰᠠᠶᠢᠨ ᠶᠠᠷᠢᠶ᠎ᠡ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠵᠤ ᠦᠭᠭᠦᠨ᠎ᠡ ᠬᠡᠵᠡᠢ᠃       ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠲᠡᠰ ᠤᠨ ᠲᠠᠷᠤᠭ᠎ᠠ ᠤᠯᠠᠭᠠᠨ᠂ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠬᠦᠬᠡᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠨᠠᠰᠤᠨᠮᠦ᠋ᠩᠭᠡ ᠠᠭᠤᠯᠵᠠᠯᠲᠠ ᠳᠤ ᠤᠷᠤᠯᠴᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠮᠦᠩᠬᠡ ᠭᠠᠯ ᠺᠣᠮᠫᠢᠦ᠋ᠲ᠋ᠧᠷ ᠰᠤᠹᠲ ᠤᠨ ᠪᠦᠷᠢᠨ ᠪᠤᠰᠤ ᠬᠠᠷᠢᠭᠤᠴᠠᠯᠭᠠᠳᠤ ᠺᠤᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号