ᠪᠦᠬᠦ ᠣᠷᠣᠨ ᠤ ᠬᠥᠮᠦᠨ ᠠᠮᠠ ᠶᠢᠨ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ ᠠᠵᠢᠯ ᠤᠨ ᠬᠤᠷᠠᠯᠳᠤᠭᠠᠨ ᠬᠦᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2015/9/1
 8 ᠳ᠋ᠤᠭᠠᠷ ᠰᠠᠷ᠎ᠠ ᠶᠢᠨ 18  ᠤ ᠡᠳᠦᠷ᠂ ᠪᠦᠬᠦ ᠣᠷᠣᠨ ᠤ ᠬᠥᠮᠦᠨ ᠠᠮᠠ ᠶᠢᠨ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ ᠠᠵᠢᠯ ᠤᠨ ᠬᠤᠷᠠᠯᠳᠤᠭᠠᠨ ᠬᠦᠬᠡᠬᠤᠲᠠ ᠳᠤ ᠬᠤᠷᠠᠯᠳᠤᠪᠠ᠃  ᠬᠤᠷᠠᠯᠳᠤᠭᠠᠨ ᠤ ᠭᠤᠣᠯ ᠡᠭᠦᠷᠭᠡ ᠪᠣᠯ᠂ ᠪᠦᠬᠦ ᠤᠯᠤᠰ ᠤᠨ ᠬᠥᠮᠦᠨ ᠠᠮᠠ ᠶᠢᠨ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ ᠠᠵᠢᠯ ᠤᠨ ᠬᠤᠷᠠᠯᠳᠤᠭᠠᠨ ᠪᠣᠯᠣᠨ ᠪᠦᠬᠦ ᠤᠯᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠳᠤ ᠬᠠᠷᠢᠶᠠᠯᠠᠭᠳᠠᠵᠤ ᠲᠡᠭᠦᠨ ᠠᠴᠠ ᠬᠠᠮᠢᠶᠠᠷᠴᠤ ᠪᠦᠬᠦᠢ ᠡᠮᠨᠡᠯᠭᠡ ᠶᠢᠨ ᠬᠤᠷᠢᠶ᠎ᠠ ᠶᠢᠨ ᠮᠡᠳᠡᠭᠡ ᠵᠠᠩᠭᠢᠵᠢᠯᠲᠠ ᠶᠢᠨ ᠬᠤᠯᠪᠣᠯᠳᠤᠨ ᠨᠡᠪᠲᠡᠷᠡᠯᠴᠡᠬᠦ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ︔ ᠳᠡᠭᠡᠷ᠎ᠡ ᠬᠠᠭᠠᠰ ᠵᠢᠯ ᠤᠨ ᠪᠦᠬᠦ ᠣᠷᠣᠨ ᠤ ᠬᠥᠮᠦᠨ ᠠᠮᠠ ᠶᠢᠨ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ ᠠᠵᠢᠯ ᠢ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠪᠣᠯᠣᠨ ᠬᠦᠴᠢᠷᠳᠡᠯ ᠢ ᠵᠠᠳᠠᠯᠤᠨ  ᠂  ᠳᠣᠣᠷ᠎ᠠ ᠬᠠᠭᠠᠰ ᠵᠢᠯ ᠤᠨ ᠠᠵᠢᠯ ᠢ ᠪᠠᠶᠢᠷᠢᠯᠠᠭᠤᠯᠤᠨ ᠲᠣᠬᠢᠷᠠᠭᠤᠯᠬᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ  ᠤᠨ  ᠳᠡᠳ᠋ ᠡᠷᠬᠢᠯᠡᠭᠴᠢ ᠵᠠᠩ ᠰᠢᠶᠤᠤ ᠴᠢᠨ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠡᠯ᠎ᠡ ᠠᠶᠢᠮᠠᠭ ᠬᠤᠲᠠ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠤᠨ ᠮᠡᠳᠡᠭᠡ ᠵᠠᠩᠭᠢᠵᠢᠯᠲᠠ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠮᠡᠳᠡᠭᠡ ᠵᠠᠩᠭᠢᠵᠢᠯᠲᠠ ᠶᠢᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠭᠡᠷ ᠤᠨ ᠬᠠᠷᠢᠭᠤᠴᠠᠯᠭᠠᠲᠠᠳ᠂ ᠮᠡᠳᠡᠭᠡ ᠵᠠᠩᠭᠢ ᠶᠢᠨ ᠲᠥᠪ ᠤᠨ ᠡᠷᠬᠢᠯᠡᠭᠴᠢ ᠪᠣᠯᠣᠨ ᠬᠡᠰᠡᠭ ᠠᠶᠢᠮᠠᠭ ᠬᠤᠲᠠ ᠶᠢᠨ ᠪᠦᠬᠦ ᠬᠥᠮᠦᠨ ᠠᠮᠠ ᠶᠢᠨ ᠮᠡᠳᠡᠭᠡ ᠵᠠᠩᠭᠢᠵᠢᠯᠲᠠ ᠶᠢᠨ ᠠᠵᠢᠯ ᠢ ᠬᠠᠷᠢᠭᠤᠴᠠᠵᠤ ᠪᠦᠬᠦᠢ ᠮᠡᠷᠭᠡᠵᠢᠯ ᠤᠨ ᠠᠵᠢᠯᠲᠠᠳ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠵᠥᠪᠯᠡᠯ ᠤᠨ ᠬᠤᠯᠪᠣᠭᠳᠠᠯ ᠪᠦᠬᠦᠢ ᠭᠠᠵᠠᠷ ᠭᠡᠷ ᠤᠨ ᠮᠡᠳᠡᠭᠡ ᠵᠠᠩᠭᠢᠵᠢᠯᠲᠡ ᠶᠢᠨ ᠠᠵᠢᠯ ᠤᠨ ᠬᠠᠷᠢᠭᠤᠴᠠᠯᠭᠠᠲᠠᠳ᠂ ᠥᠪᠡᠷᠲᠡᠭᠡᠨ ᠵᠠᠰᠠᠬᠤ ᠣᠷᠣᠨ ᠤ ᠬᠡᠰᠡᠭ ᠰᠢᠭᠤᠳ ᠬᠠᠷᠢᠶ᠎ᠠ ᠡᠮᠨᠡᠯᠭᠡ ᠶᠢᠨ ᠬᠤᠷᠢᠶ᠎ᠠ ᠶᠢᠨ ᠮᠡᠳᠡᠭᠡ ᠵᠠᠩᠭᠢᠵᠢᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠭᠡᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃      ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ  ᠵᠥᠪᠯᠡᠯ ᠤᠨ ᠳᠡᠳ᠋ ᠡᠷᠬᠢᠯᠡᠭᠴᠢ ᠵᠠᠩ ᠰᠢᠶᠤᠤ ᠴᠢᠨ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ ᠪᠦᠬᠦ ᠣᠷᠣᠨ ᠤ ᠬᠥᠮᠦᠨ ᠠᠮᠠ ᠶᠢᠨ ᠡᠷᠡᠭᠦᠯ ᠮᠡᠨᠳᠦ  ᠶᠢᠨ ᠮᠡᠳᠡᠭᠡ ᠵᠠᠩᠭᠢᠵᠢᠯᠲᠠ ᠶᠢᠨ ᠠᠵᠢᠯ ᠪᠠᠰᠠ ᠰᠢᠨ᠎ᠡ ᠠᠬᠢᠴᠠ ᠲᠠᠢ ᠪᠣᠯᠪᠠ᠃ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠡᠮᠬᠢ ᠵᠢᠷᠤᠮ ᠲᠠᠢ ᠠᠬᠢᠵᠤ ᠪᠤᠢ᠃ ᠬᠥᠯᠥᠨ ᠪᠤᠶᠢᠷ ᠬᠤᠲᠠ᠂ ᠤᠯᠠᠭᠠᠨᠬᠠᠳᠠ ᠬᠤᠲᠠ᠂ ᠪᠠᠶᠠᠨᠨᠠᠭᠤᠷ ᠬᠤᠲᠠ ᠪᠣᠯᠣᠨ ᠦᠬᠠᠢ ᠬᠤᠲᠠ ᠵᠡᠷᠭᠡ 4 ᠠᠶᠢᠮᠠᠭ ᠬᠤᠲᠠ ᠰᠢᠰᠲ᠋ᠧᠮ ᠤᠨ ᠪᠠᠶᠢᠷᠢᠯᠠᠭᠤᠯᠤᠯᠲᠠ᠂ ᠵᠥᠭᠡᠯᠡᠨ ᠬᠡᠷᠡᠭᠰᠡᠯ ᠤᠨ ᠰᠢᠰᠲ᠋ᠧᠮ ᠤᠨ ᠲᠤᠷᠰᠢᠨ ᠠᠵᠢᠯᠯᠠᠭᠤᠯᠬᠤ ᠶᠢ ᠪᠡᠶᠡᠯᠡᠭᠦᠯᠪᠡ︔ ᠬᠥᠬᠡᠬᠤᠲᠠ᠂ ᠪᠤᠭᠤᠲᠤ ᠬᠤᠲᠠ᠂ ᠬᠢᠩᠭᠠᠨ ᠠᠶᠢᠮᠠᠭ  ᠂ ᠣᠷᠳᠣᠰ ᠬᠤᠲᠠ ᠪᠣᠯᠤᠨ ᠠᠯᠠᠱᠠ ᠠᠶᠢᠮᠠᠭ ᠵᠡᠷᠭᠡ 5 ᠠᠶᠢᠮᠠᠭ ᠬᠤᠲᠠ ᠰᠢᠰᠲ᠋ᠧᠮ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠠᠵᠢᠯ ᠢ ᠪᠡᠶᠡᠯᠡᠭᠦᠯᠵᠦ᠂ ᠬᠡᠷᠡᠭᠵᠢᠭᠦᠯᠬᠦ ᠱᠠᠲᠤᠨ ᠳᠤ ᠣᠷᠣᠭᠠᠳ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠬᠢᠭᠡᠳ ᠲᠤᠷᠰᠢᠯᠲᠠ ᠶᠢᠨ ᠠᠶᠢᠮᠠᠭ ᠬᠤᠲᠠ ᠶᠢᠨ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠲᠠᠪᠴᠠᠩ ᠤᠨ ᠪᠠᠶᠢᠭᠤᠯᠤᠯᠲᠠ ᠤᠯᠠᠮ ᠨᠢᠭᠡ ᠠᠯᠬᠤᠮ ᠲᠡᠭᠦᠯᠳᠡᠷᠵᠢᠪᠡ᠃  ᠬᠦᠯᠦᠨ ᠪᠣᠶᠢᠷ ᠬᠤᠲᠠ ᠡᠯᠧᠺᠲᠷᠣᠨ ᠡᠷᠡᠭᠦᠯ ᠮᠡᠨᠳᠦ ᠶᠢᠨ ᠳᠠᠩᠰᠠ ᠡᠪᠬᠡᠮᠡᠯ ᠳᠤ ᠰᠠᠭᠤᠷᠢᠯᠠᠭᠰᠠᠨ ᠣᠷᠣᠨ ᠪᠦᠰᠡ ᠶᠢᠨ ᠡᠮᠨᠡᠯᠭᠡ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢ ᠠᠩᠬ᠎ᠠ ᠠᠯᠬᠤᠮ ᠪᠡᠶᠡᠯᠡᠭᠦᠯᠦᠭᠰᠡᠨ ᠪᠥᠭᠡᠳ ᠠᠰᠢᠭᠯᠠᠯᠲᠠ ᠳᠤ ᠣᠷᠣᠭᠤᠯᠤᠨ ᠠᠵᠢᠯᠯᠠᠭᠤᠯᠵᠤ᠂ ᠪᠦᠬᠦ ᠬᠤᠲᠠ ᠶᠢᠨ 1000 ᠰᠢᠬᠠᠮ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ 215 ᠲᠦᠮᠡᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢ ᠬᠠᠮᠢᠶᠠᠷᠴᠤ ᠪᠣᠢ᠃ ᠤᠯᠠᠭᠠᠨᠬᠠᠳᠠ ᠬᠤᠲᠠ ᠡᠯᠧᠺᠲᠷᠣᠨ ᠡᠷᠡᠭᠦᠯ ᠮᠡᠨᠳᠦ ᠶᠢᠨ ᠳᠠᠩᠰᠠ ᠡᠪᠬᠡᠮᠡᠯ ᠳᠤ ᠰᠠᠭᠤᠷᠢᠯᠠᠭᠰᠠᠨ ᠣᠷᠣᠨ ᠪᠦᠰᠡ ᠶᠢᠨ ᠡᠮᠨᠡᠯᠭᠡ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ ᠲᠠᠪᠴᠠᠩ ᠢ ᠠᠰᠢᠭᠯᠠᠯᠲᠠ ᠳᠤ ᠣᠷᠣᠭᠤᠯᠤᠨ ᠠᠵᠢᠯᠯᠠᠭᠤᠯᠵᠤ᠂ ᠪᠦᠬᠦ ᠬᠤᠲᠠ ᠶᠢᠨ 2562 ᠰᠢᠬᠠᠮ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ 406 ᠲᠦᠮᠡᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢ ᠬᠠᠮᠢᠶᠠᠷᠴᠤ ᠪᠣᠢ᠃ ᠪᠦᠬᠦ ᠬᠥᠮᠦᠨ ᠠᠮᠠ ᠶᠢᠨ ᠮᠡᠳᠡᠭᠡ ᠵᠠᠩᠭᠢᠵᠢᠯᠠᠬᠤ ᠪᠠᠶᠢᠭᠤᠯᠤᠯᠲᠠ ᠪᠣᠯᠣᠨ  ᠬᠡᠷᠡᠭᠯᠡᠯᠲᠡ ᠢᠯᠡᠷᠬᠡᠢ ᠦᠷ᠎ᠡ ᠪᠦᠲᠦᠮᠵᠢ ᠣᠯᠤᠭᠰᠠᠨ ᠪᠠᠶᠢᠨ᠎ᠠ᠃ ᠪᠦᠬᠦ ᠣᠷᠣᠨ ᠤ ᠴᠠᠭ ᠴᠠᠭ ᠢᠶᠠᠷ ᠰᠦᠯᠵᠢᠶᠡᠨ ᠳᠤ ᠪᠠᠶᠢᠬᠤ ᠪᠦᠬᠦ  ᠬᠥᠮᠦᠨ ᠠᠮᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠪᠦᠬᠦ ᠣᠷᠣᠨ ᠤ ᠬᠥᠮᠦᠨ ᠠᠮᠠ ᠶᠢᠨ ᠮᠡᠳᠡᠭᠡ ᠵᠠᠩᠭᠢ ᠶᠢᠨ ᠳᠠᠩᠰᠠ ᠡᠪᠬᠡᠮᠡᠯ ᠢ 2500 ᠭᠠᠷᠤᠢ ᠲᠦᠮᠡ ᠶᠢ ᠬᠠᠮᠤᠷᠴᠤ᠂ ᠬᠤᠷᠢᠮᠯᠠᠭᠰᠠᠨ  ᠬᠡᠦᠭᠡᠳ ᠲᠦᠷᠦᠭᠦᠯᠬᠦ ᠨᠠᠰᠤᠨ ᠤ  ᠡᠮᠡᠭᠲᠡᠶᠢᠴᠦᠳ ᠤᠨ ᠳᠠᠩᠰᠠ ᠡᠪᠬᠡᠮᠡᠯ 600 ᠲᠦᠮᠡ ᠢᠯᠡᠭᠦᠦ ᠪᠠᠶᠢᠵᠤ᠂ ᠳᠠᠩᠰᠠ ᠡᠪᠬᠡᠮᠡᠯ ᠤᠨ ᠪᠦᠷᠬᠦᠴᠡ ᠶᠢᠨ ᠨᠣᠷᠮ᠎ᠠ 95% ᠠᠴᠠ ᠳᠡᠭᠡᠭᠰᠢ ᠳᠤ ᠬᠦᠷᠪᠡ᠃ ᠥᠪᠡᠷᠲᠡᠭᠡᠨ ᠵᠠᠰᠠᠬᠤ ᠣᠷᠣᠨ ᠤ ᠪᠦᠬᠦ ᠬᠥᠮᠥᠨ ᠠᠮᠠ ᠶᠢᠨ ᠮᠡᠳᠡᠭᠡ ᠵᠠᠩᠭᠢ ᠶᠢᠨ ᠲᠠᠪᠴᠠᠩ ᠢ ᠤᠯᠤᠰ ᠣᠷᠣᠨ ᠪᠣᠯᠣᠨ ᠡᠯ᠎ᠡ ᠮᠤᠵᠢ  ︵ᠬᠤᠲᠠ︶ ᠯᠤᠭ᠎ᠠ ᠵᠣᠯᠭᠠᠯᠴᠠᠬᠤ ᠶᠢ ᠪᠡᠶᠡᠯᠡᠭᠦᠯᠵᠦ᠂ ᠶᠠᠪᠤᠭᠤᠯ ᠬᠥᠮᠦᠨ ᠠᠮᠠ ᠶᠢ ᠣᠨᠳᠣᠣ ᠭᠠᠵᠠᠷ ᠪᠠᠶᠢᠴᠠᠭᠠᠨ ᠯᠠᠪᠯᠠᠬᠤ ᠪᠠ ᠬᠠᠮᠢᠶᠠᠷᠬᠤ ᠶᠢ ᠪᠡᠶᠡᠯᠡᠭᠦᠯᠪᠡ᠃ ᠮᠤᠵᠢ ᠠᠯᠤᠰᠯᠠᠨ ᠡᠮᠨᠡᠭᠦᠯᠦᠭᠰᠡᠨ ᠵᠠᠷᠤᠳᠠᠯ ᠢ ᠲᠡᠷᠡ ᠳᠠᠷᠤᠢ ᠳᠤᠨᠢ ᠳ᠋ᠦᠩᠨᠡᠨ ᠪᠤᠳᠤᠵᠤ ᠳᠠᠩᠰᠠ ᠲᠠᠶᠢᠯᠬᠤ ᠲᠤᠷᠰᠢᠯᠲᠠ ᠶᠢᠨ ᠠᠵᠢᠯ ᠢ ᠢᠳᠡᠪᠬᠢᠲᠡᠢ ᠦᠷᠨᠢᠭᠦᠯᠦᠨ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠪᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠮᠡᠳᠡᠭᠡ ᠵᠠᠩᠭᠢ ᠶᠢᠨ ᠲᠠᠪᠴᠠᠩ ᠢᠶᠠᠷ ᠲᠦᠰᠢᠭ ᠪᠣᠯᠭᠠᠨ᠂ ᠪᠦᠬᠦ ᠤᠯᠤᠰ ᠲᠤ ᠮᠤᠵᠢ ᠠᠯᠤᠰᠯᠠᠨ ᠡᠮᠨᠡᠭᠦᠯᠦᠭᠰᠡᠨ ᠵᠠᠷᠤᠳᠠᠯ ᠢ ᠲᠡᠷᠡ ᠳᠠᠷᠤᠢ ᠳᠤᠨᠢ ᠳ᠋ᠦᠩᠨᠡᠨ ᠪᠤᠳᠤᠵᠤ ᠳᠠᠩᠰᠠ ᠲᠠᠶᠢᠯᠬᠤ ᠲᠤᠷᠰᠢᠯᠲᠠ ᠶᠢᠨ ᠴᠢᠭ᠋  ᠤᠨ ᠠᠵᠢᠯ ᠢ ᠤᠷᠢᠳᠴᠢᠯᠠᠨ ᠡᠬᠢᠯᠡᠭᠦᠯᠵᠦ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠣᠶᠤᠨᠳᠤ ᠬᠢᠨᠠᠨ ᠬᠠᠷᠭᠤᠭᠤᠯᠬᠤ ᠰᠢᠰᠲ᠋ᠧᠮ ᠢ ᠰᠤᠳᠤᠯᠤᠨ ᠨᠡᠭᠡᠭᠡᠭᠰᠡᠨ ᠤ ᠬᠠᠮᠲᠤ ᠰᠦᠯᠵᠢᠶᠡᠨ ᠳᠤ ᠭᠠᠷᠭᠠᠨ ᠠᠵᠢᠯᠯᠠᠭᠤᠯᠪᠠ ᠭᠡᠵᠡᠢ᠃      ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠤᠨ ᠳᠡᠳ᠋ ᠡᠷᠬᠢᠯᠡᠭᠴᠢ ᠵᠠᠩ ᠰᠢᠶᠤᠤ ᠴᠢᠨ ᠵᠢᠭᠠᠵᠤ ᠭᠠᠷᠭᠠᠭᠰᠠᠨ ᠨᠢ᠂ ᠪᠦᠬᠦ ᠣᠷᠣᠨ ᠤ ᠬᠥᠮᠦᠨ ᠠᠮᠠ ᠶᠢᠨ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ ᠠᠵᠢᠯ ᠤᠨ ᠣᠯᠤᠭᠰᠠᠨ ᠠᠮᠵᠢᠯᠲᠠ ᠶᠢ ᠨᠣᠲᠠᠯᠠᠬᠤ ᠶᠢᠨ ᠵᠡᠷᠭᠡᠴᠡᠪᠡᠷ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠪᠣᠯᠣᠨ ᠠᠰᠠᠭᠤᠳᠠᠯ ᠢ  ᠡᠷᠬᠡᠪᠰᠢ ᠰᠡᠷᠭᠡᠭ ᠢᠶᠠᠷ ᠣᠯᠵᠤ ᠦᠵᠡᠬᠦ ᠬᠡᠷᠡᠭᠲᠡᠢ ᠭᠡᠵᠡᠢ᠃ ᠬᠡᠰᠡᠭ ᠭᠠᠵᠠᠷ ᠣᠷᠣᠨ  ᠬᠥᠮᠦᠨ ᠠᠮᠠ ᠶᠢᠨ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢ ᠲᠦᠷᠭᠡᠳᠬᠡᠨ ᠠᠬᠢᠭᠤᠯᠬᠤ ᠶᠢᠨ ᠴᠢᠬᠤᠯᠠ ᠴᠢᠨᠠᠷ᠂ ᠵᠠᠶᠢᠯᠠᠰᠢ ᠦᠭᠡᠢ ᠴᠢᠨᠠᠷ ᠪᠣᠯᠣᠨ ᠲᠤᠯᠭᠠᠮ᠎ᠠ ᠴᠢᠨᠠᠷ ᠤᠨ ᠲᠣᠬᠠᠢ ᠲᠠᠨᠢᠯᠲᠠ ᠳᠤᠲᠠᠮᠠᠭ ᠪᠠᠶᠢᠵᠤ᠂ ᠲᠦᠯᠬᠢᠨ ᠠᠬᠢᠭᠤᠯᠬᠤ ᠡᠷᠴᠢᠮ ᠴᠢᠩᠭ᠎ᠠ ᠪᠢᠰᠢ᠂ ᠠᠬᠢᠴᠠ ᠤᠳᠠᠭᠠᠨ ᠪᠠᠶᠢᠬᠤ︔ ᠵᠠᠷᠢᠮ ᠭᠠᠵᠠᠷ ᠣᠷᠣᠨ ᠤ ᠬᠥᠮᠦᠨ ᠠᠮᠠ ᠶᠢᠨ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ ᠦᠵᠦ ᠵᠢᠷᠤᠭ ᠲᠥᠯᠥᠪᠯᠡᠭᠡ᠂ ᠨᠢᠭᠡᠳᠦᠯᠲᠡᠶ ᠲᠥᠯᠥᠪᠵᠢᠭᠦᠯᠭᠡ ᠳᠤᠲᠠᠮᠠᠭ ᠪᠠᠶᠢᠵᠤ᠂ ᠬᠠᠷᠢᠶ᠎ᠠ ᠪᠦᠬᠦᠢ ᠨᠢᠭᠡᠴᠡ ᠶᠢᠨ ᠢᠶᠠᠨ ᠮᠡᠳᠡᠭᠡ ᠵᠠᠩᠭᠢᠴᠢᠯᠠᠬᠤ ᠪᠠᠶᠢᠭᠤᠯᠤᠯᠲᠠ ᠳᠤ ᠴᠢᠬᠤᠯᠠ ᠪᠦᠬᠦᠢ ᠬᠦᠴᠦᠨ ᠲᠡᠭᠦᠯᠳᠡᠷ ᠵᠢᠯᠣᠭᠤᠳᠣᠯᠭ᠎ᠠ ᠪᠠᠷ ᠲᠤᠲᠠᠮᠠᠭ ᠪᠠᠶᠢᠵᠤ᠂ ᠬᠠᠷᠢᠶ᠎ᠠ ᠪᠦᠬᠦᠢ ᠭᠠᠵᠠᠷ ᠣᠷᠣᠨ᠂ ᠡᠮᠨᠡᠯᠭᠡ ᠶᠢᠨ ᠬᠤᠷᠢᠶ᠎ᠠ ᠶᠢᠨ ᠮᠡᠳᠡᠭᠡ ᠵᠠᠩᠭᠢᠴᠢᠯᠠᠬᠤ ᠪᠠᠶᠢᠭᠤᠯᠤᠯᠲᠠ  ᠲᠤᠰᠠᠭᠠᠷᠯᠠᠭᠰᠠᠨ᠂ ᠰᠠᠷᠨᠢᠭᠰᠠᠨ ᠪᠠ ᠬᠡᠰᠡᠭᠯᠡᠭᠰᠡᠨ ᠪᠠᠶᠢᠳᠠᠯ ᠳᠤ ᠣᠷᠤᠰᠢᠵᠤ ᠪᠠᠶᠢᠬᠤ︔ ᠬᠡᠰᠡᠭ ᠭᠠᠵᠠᠷ ᠣᠷᠣᠨ  ᠤ ᠬᠥᠮᠦᠨ ᠠᠮᠠ ᠶᠢᠨ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢ ᠲᠦᠯᠬᠢᠨ ᠠᠬᠢᠭᠤᠯᠬᠤ ᠠᠷᠭ᠎ᠠ ᠨᠢ ᠴᠦᠬᠡᠨ᠂ ᠡᠷᠴᠢᠮ ᠨᠢ ᠲᠤᠲᠠᠮᠠᠭ ᠪᠠᠶᠢᠵᠤ᠂ ᠢᠯᠠᠩᠭᠤᠶ᠎ᠠ ᠮᠡᠳᠡᠭᠡ ᠵᠠᠩᠭᠢᠵᠢᠯᠲᠠ ᠶᠢᠨ  ᠲᠤᠰᠬᠠᠶ ᠮᠡᠷᠭᠡᠵᠢᠯ ᠤᠨ ᠴᠢᠳᠠᠪᠤᠷᠢᠲᠠᠨ ᠣᠷᠣᠭᠤᠯᠵᠤ ᠢᠷᠡᠬᠦ᠂  ᠲᠥᠷᠥᠯ ᠵᠦᠢᠯ ᠤᠨ ᠪᠡᠯᠡ ᠮᠥᠩᠭᠦ ᠶᠢᠨ ᠣᠷᠣᠭᠤᠯᠤᠯᠲᠠ ᠶᠢᠨ ᠲᠠᠯ᠎ᠠ ᠪᠠᠷ ᠢᠯᠡᠳᠲᠡ ᠬᠦᠷᠦᠯᠴᠡᠬᠦ ᠦᠭᠡᠢ ᠪᠠᠶᠢᠬᠤ︔ ᠵᠠᠷᠢᠮ ᠭᠠᠵᠠᠷ ᠣᠷᠣᠨ ᠬᠥᠮᠦᠨ ᠠᠮᠠ ᠶᠢᠨ ᠡᠷᠡᠭᠦᠯ ᠮᠡᠨᠳᠦ  ᠶᠢᠨ ᠮᠡᠳᠡᠭᠡ ᠵᠠᠩᠭᠢᠵᠢᠯᠲᠠ ᠶᠢ ᠬᠤᠯᠪᠣᠨ ᠨᠡᠪᠲᠡᠷᠡᠯᠴᠡᠭᠦᠯᠬᠦ ᠶᠢ ᠲᠦᠷᠭᠡᠳᠬᠡᠬᠦ᠂ ᠲᠤᠭ᠎ᠠ ᠪᠠᠷᠢᠮᠲᠠ ᠶᠢᠨ ᠨᠡᠭᠡᠭᠡᠯᠲᠡ ᠬᠢᠬᠦ᠂ ᠵᠠᠳᠠᠯᠤᠯᠲᠠ ᠬᠢᠬᠦ ᠪᠠᠷ ᠲᠤᠲᠠᠮᠠᠭ ᠪᠠᠶᠢᠵᠤ᠂ ᠬᠥᠮᠦᠨ ᠠᠮᠠ ᠶᠢᠨ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ ᠬᠡᠷᠡᠭᠯᠡᠯᠲᠡ ᠶᠢᠨ ᠬᠢᠷᠢ ᠬᠡᠮᠵᠢᠶ᠎ᠡ ᠥᠨᠳᠥᠷ ᠪᠤᠰᠤ ᠪᠠᠶᠢᠨ᠎ᠠ᠃      ᠵᠠᠩ ᠰᠢᠶᠤᠤ ᠴᠢᠨ ᠳᠡᠳ᠋ ᠡᠷᠬᠢᠯᠡᠭᠴᠢ ᠴᠢᠬᠤᠯᠠᠴᠢᠯᠠᠭᠰᠠᠨ ᠨᠢ᠂  ᠬᠥᠮᠦᠨ ᠠᠮᠠ ᠶᠢᠨ ᠡᠷᠡᠭᠦᠯ ᠮᠡᠨᠳᠦ ᠶᠢᠨ ᠮᠡᠳᠡᠭᠡ ᠵᠠᠩᠭᠢᠴᠢᠯᠠᠬᠤ ᠪᠠᠶᠢᠭᠤᠯᠤᠯᠲᠠ ᠪᠣᠯᠤᠨ ᠡᠮᠨᠡᠯᠭᠡ ᠶᠢᠨ ᠬᠤᠷᠢᠶ᠎ᠠ ᠶᠢᠨ ᠮᠡᠳᠡᠭᠡ ᠵᠠᠩᠭᠢᠵᠢᠯᠲᠠ ᠯᠤᠭ᠎ᠠ ᠶᠢᠨ ᠬᠤᠯᠪᠣᠯᠳᠤᠨ ᠨᠡᠪᠲᠡᠷᠡᠯᠴᠡᠬᠦ ᠶᠢᠨ ᠴᠢᠬᠤᠯᠠ ᠴᠢᠨᠠᠷ ᠢ ᠡᠷᠬᠡᠪᠰᠢ ᠤᠯᠠᠮ ᠨᠢᠭᠡ ᠠᠯᠬᠤᠮ ᠲᠠᠨᠢᠬᠤ ᠬᠡᠷᠡᠭᠲᠡᠢ᠃ ᠮᠠᠨ ᠤ ᠣᠷᠣᠨ ᠤ ᠬᠥᠮᠦᠨ ᠠᠮᠠ ᠶᠢᠨ ᠡᠷᠡᠭᠦᠯ ᠮᠡᠨᠳᠦ ᠶᠢᠨ ᠮᠡᠳᠡᠭᠡ ᠵᠠᠩᠭᠢᠴᠢᠯᠠᠬᠤ ᠪᠠᠶᠢᠭᠤᠯᠤᠯᠲᠠ ᠪᠠ ᠬᠡᠷᠡᠭᠯᠡᠯᠲᠡ ᠶᠢ ᠶᠡᠬᠡᠩᠬᠢ ᠮᠤᠵᠢ ᠯᠤᠭ᠎ᠠ ᠬᠠᠷᠢᠴᠠᠭᠤᠯᠪᠠᠯ᠂ ᠨᠡᠩ ᠢᠯᠡᠭᠦᠦ ᠥᠪᠡᠷᠮᠢᠴᠡ ᠴᠢᠨᠠᠷ ᠪᠠ ᠲᠤᠯᠭᠠᠮ᠎ᠠ ᠴᠢᠨᠠᠷ ᠲᠠᠢ ᠶᠤᠮ᠃ ᠬᠥᠮᠦᠨ ᠠᠮᠠ ᠶᠢᠨ ᠡᠷᠡᠭᠦᠯ ᠮᠡᠨᠳᠦ ᠶᠢᠨ ᠮᠡᠳᠡᠭᠡ ᠵᠠᠩᠭᠢᠴᠢᠯᠠᠬᠤ ᠪᠠᠶᠢᠭᠤᠯᠤᠯᠲᠠ ᠪᠣᠯ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠠᠷᠠᠳ ᠣᠯᠠᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠱᠠᠭᠠᠷᠳᠠᠯᠭ᠎ᠠ ᠪᠠᠶᠢᠵᠤ᠂ ᠡᠷᠡᠭᠦᠯ ᠡᠮᠨᠡᠯᠭᠡ ᠶᠢᠨ ᠵᠠᠭᠪᠤᠷ ᠲᠡᠰᠢ ᠬᠤᠪᠢᠷᠠᠭᠤᠯᠬᠤ᠂  ᠠᠵᠢᠯ ᠲᠥᠷᠥᠯ ᠤᠨ ᠰᠢᠨᠵᠢᠯᠡᠬᠦ ᠤᠬᠠᠭᠠᠨᠴᠢ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠲᠤᠯᠭᠠᠮ᠎ᠠ ᠬᠡᠷᠡᠭᠴᠡᠭᠡ ᠪᠠᠶᠢᠵᠤ᠂ ᠮᠡᠳᠡᠭᠡ ᠵᠠᠩᠭᠢᠵᠢᠯᠲᠠ ᠬᠢᠭᠡᠳ ᠡᠷᠡᠭᠦᠯ ᠬᠠᠮᠠᠭᠠᠯᠠᠯ ᠪᠣᠯᠣᠨ ᠲᠥᠯᠥᠪᠯᠡᠭᠡᠲᠦ ᠦᠷᠡᠵᠢᠯ ᠤᠨ ᠲᠤᠬᠠᠶᠢᠯᠠᠭᠰᠠᠨ ᠠᠵᠢᠯ ᠤᠨ ᠲᠦᠷᠭᠡᠨ‌ᠠᠭᠤᠰᠤᠯᠴᠠᠬᠤ᠂ ᠡᠷᠡᠭᠦᠯ ᠮᠡᠨᠳᠦ ᠶᠢᠨ ᠠᠵᠤ ᠦᠢᠯᠡᠰ ᠤᠨ ᠨᠡᠮᠡᠭᠳᠡᠯ ᠤᠨ ᠴᠢᠭ᠋ ᠢ ᠪᠣᠶᠢᠵᠢᠭᠤᠯᠬᠤ ᠲᠤᠯᠭᠠᠮ᠎ᠠ ᠬᠡᠷᠡᠭᠴᠡᠭᠡ ᠪᠣᠯᠣᠨ᠎ᠠ ᠭᠡᠵᠡᠢ᠃      ᠵᠠᠩ ᠰᠢᠶᠤᠤ ᠴᠢᠨ ᠳᠡᠳ᠋ ᠡᠷᠬᠢᠯᠡᠭᠴᠢ ᠱᠠᠭᠠᠷᠳᠠᠭᠰᠠᠨ ᠨᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠬᠥᠮᠦᠨ ᠠᠮᠠ ᠶᠢᠨ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ︔ ᠥᠵᠥ ᠵᠢᠷᠤᠭ ᠲᠥᠯᠥᠪᠯᠡᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠢᠭᠡᠳᠦᠯᠲᠡᠶ ᠲᠥᠯᠥᠪᠵᠢᠭᠦᠯᠭᠡ ᠬᠢᠬᠦ ᠶᠢ ᠴᠢᠩᠭᠠᠳᠬᠠᠬᠤ ᠬᠡᠷᠡᠭᠲᠡᠢ︔  ᠡᠯ᠎ᠡ ᠱᠠᠲᠤᠨ ᠤ ᠡᠯ᠎ᠡ ᠲᠥᠷᠥᠯ ᠤᠨ ᠬᠥᠮᠦᠨ ᠠᠮᠠ ᠶᠢᠨ ᠡᠷᠡᠭᠦᠯ ᠮᠡᠨᠳᠦ ᠤ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠪᠣᠯᠣᠨ ᠬᠤᠯᠪᠣᠯᠳᠣᠨ ᠨᠡᠪᠲᠡᠷᠡᠯᠴᠡᠬᠦ ᠶᠢ ᠲᠥᠷᠭᠡᠳᠭᠡᠬᠦ ᠬᠡᠷᠡᠭᠲᠡᠢ︔ ᠲᠤᠭ᠎ᠠ ᠪᠠᠷᠢᠮᠲᠠ ᠶᠢᠨ ᠪᠦᠷᠬᠦᠴᠡ ᠶᠢᠨ ᠨᠣᠷᠮ᠎ᠠ ᠪᠣᠯᠣᠨ ᠣᠨᠣᠪᠴᠢ ᠶᠢᠨ ᠬᠡᠮᠵᠢᠶ᠎ᠡ  ᠶᠢ ᠦᠨᠡᠨ ᠬᠦ ᠳᠡᠭᠡᠭᠰᠢᠯᠡᠭᠦᠯᠵᠦ᠂ ᠰᠢᠰᠲ᠋ᠧᠮ ᠤᠨ ᠬᠡᠷᠡᠭᠯᠡᠯᠲᠡ ᠶᠢᠨ ᠬᠢᠷᠢ ᠬᠡᠮᠵᠢᠶ᠎ᠡ ᠶᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ︔  ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂  ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠺᠠᠷᠲ ᠲᠠᠷᠬᠠᠭᠠᠬᠤ ᠪᠠ ᠬᠡᠷᠡᠭᠯᠡᠯᠲᠡ ᠶᠢ ᠶᠡᠬᠡᠪᠡᠷ ᠴᠢᠩᠭᠠᠳᠬᠠᠬᠤ ᠬᠡᠷᠡᠭᠲᠡᠢ︔ ᠴᠢᠳᠠᠪᠤᠷᠢᠲᠠᠨ ᠬᠥᠮᠦᠵᠢᠭᠦᠯᠬᠦ ᠠᠵᠢᠯ ᠢ ᠴᠢᠩᠭᠠᠳᠬᠠᠵᠤ᠂  ᠮᠡᠳᠡᠭᠡ ᠵᠠᠩᠭᠢ ᠶᠢᠨ ᠠᠮᠤᠷ ᠲᠦᠪᠰᠢᠨ ᠪᠣᠯᠣᠨ ᠪᠠᠷᠢᠮᠵᠢᠶᠠᠵᠢᠭᠤᠯᠵᠤ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠬᠤ ᠬᠡᠷᠡᠭᠲᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号