ᠠᠵᠤ ᠠᠬᠤᠶ ᠶᠢᠨ ᠠᠵᠢᠯᠯᠠᠭᠠᠨ ᠠᠯᠭᠤᠷᠯᠠᠬᠤ ᠶᠢᠨ ᠳᠠᠭᠠᠤ ᠲᠣᠭᠲᠠᠭᠤᠨ ᠢᠶᠠᠷ ᠬᠥᠭᠵᠢᠵᠦ  ᠬᠥᠭᠵᠢᠯᠲᠡ ᠶᠢᠨ ᠳᠠᠯᠳᠠ ᠴᠢᠳᠠᠪᠤᠷᠢ ᠤᠯᠠᠮ ᠢᠶᠠᠷ ᠭᠠᠷᠪᠠ —— 2015 ᠣᠨ ᠤ ᠳᠡᠭᠡᠳᠦ ᠬᠠᠭᠠᠰ ᠵᠢᠯ ᠤᠨ ᠥᠪᠥᠷ ᠮᠣᠩᠭᠤᠯ ᠤᠨ ᠠᠵᠤ ᠠᠬᠤᠶ ᠶᠢᠨ ᠪᠠᠶᠢᠳᠠᠯ ᠤᠨ ᠵᠠᠳᠠᠯᠤᠯᠲᠠ ᠪᠠ ᠳᠣᠣᠷᠠᠳᠤ ᠬᠠᠭᠠᠰ ᠵᠢᠯ ᠤᠨ ᠮᠠᠭᠠᠳᠯᠠᠯᠲᠠ
ᠨᠡᠶᠢᠲᠡᠯᠡᠭᠰᠡᠨ ᠴᠠᠭ᠄
2015/9/11
     
     ᠰᠤᠷᠪᠤᠯᠵᠢᠯᠠᠭᠰᠠᠨ ᠴᠠᠭ᠄ 2015 ᠣᠨ ᠤ 8 ᠳ᠋ᠤᠭᠠᠷ ᠰᠠᠷ᠎ᠠ ᠶᠢᠨ 12 ᠤᠨ ᠡᠳᠦᠷ ᠤᠨ ᠦᠳᠡ ᠡᠮᠦᠨᠡᠬᠢ10 ᠴᠠᠭ      ᠰᠤᠷᠪᠤᠯᠵᠢᠯᠠᠭᠰᠠᠨ ᠵᠣᠴᠢᠨ᠄ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢ ᠰᠤᠳᠤᠯᠬᠤ ᠲᠥᠪ   ᠶᠠᠩ ᠴᠧᠨ ᠬᠤᠸᠠ      ᠰᠤᠷᠪᠤᠯᠵᠢᠯᠠᠭᠰᠠᠨ ᠲᠣᠪᠴᠢ ᠲᠠᠨᠢᠯᠴᠠᠭᠤᠯᠭ᠎ᠠ᠄      2015 ᠠᠴᠠ ᠨᠠᠰᠢ᠂ ᠰᠢᠨ᠎ᠡ ᠬᠡᠪ ᠪᠠᠶᠢᠳᠠᠯ ᠤᠨ ᠱᠠᠲᠤ ᠦᠶ᠎ᠡ ᠶᠢᠨ ᠴᠢᠨᠠᠷᠲᠠᠶ ᠣᠨᠴᠠᠯᠢᠭ ᠡᠳᠦᠷ ᠢᠷᠡᠬᠦᠶ᠎ᠡ ᠲᠣᠪᠤᠶᠢᠮ᠎ᠠ ᠢᠯᠡᠷᠡᠵᠦ᠂ ᠪᠦᠬᠦ ᠲᠠᠯ᠎ᠠ ᠶᠢᠨ ᠥᠭᠡᠷᠡᠴᠢᠯᠡᠯᠲᠡ ᠤᠯᠠᠮ ᠢᠶᠠᠷ ᠭᠦᠨᠵᠡᠭᠡᠶᠢᠷᠡᠵᠦ ᠪᠠᠶᠢᠭ᠎ᠠ ᠣᠷᠴᠢᠨ ᠪᠠᠶᠢᠳᠠᠯ ᠤᠨ ᠠᠬᠤᠢ ᠳᠣᠣᠷ᠎ᠠ᠂ ᠮᠠᠨ ᠤ ᠣᠷᠣᠨ ᠢᠳᠡᠪᠬᠢᠲᠡᠶ ᠪᠠᠷ ᠰᠢᠨ᠎ᠡ ᠬᠡᠪ ᠤᠨ ᠪᠠᠶᠢᠳᠠᠯ ᠳᠤ ᠵᠣᠬᠢᠴᠠᠵᠤ᠂ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠭᠰᠡᠨ ᠢᠶᠠᠷ᠂ ᠠᠵᠤ ᠠᠬᠤᠶ ᠶᠢᠨ ᠠᠵᠢᠯᠯᠠᠭᠠᠨ ᠠᠯᠭᠤᠷ ᠠᠯᠭᠤᠷᠯᠠᠬᠤ ᠶᠢᠨ ᠳᠠᠭᠠᠤ ᠳᠤ ᠲᠣᠭᠲᠠᠭᠤᠨ ᠪᠠᠶᠢᠵᠤ ᠂ ᠯᠠᠪᠳᠠᠭᠤᠨ ᠢᠶᠠᠷ ᠤᠷᠤᠭᠰᠢ ᠳᠠᠪᠰᠢᠭᠰᠠᠨ ᠪᠠᠶᠢᠳᠠᠯ ᠪᠠᠶᠢᠳᠠᠯ ᠢᠯᠡᠷᠡᠪᠡ᠃ ᠪᠦᠬᠦ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠬᠠᠨᠳᠤᠰᠢ ᠶᠢ ᠰᠠᠶᠢᠳᠤᠷ ᠡᠵᠡᠮᠰᠢᠬᠦ ᠶᠢᠨ ᠲᠥᠯᠥᠭᠡ᠂ ᠣᠶᠢᠷ᠎ᠠ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢ ᠰᠤᠳᠤᠯᠬᠤ ᠲᠥᠪ ᠤᠨ ᠶᠠᠩ ᠴᠧᠨ ᠬᠤᠸᠠ ᠶᠢ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶ᠎ᠡ ᠳᠤ ᠤᠷᠢᠵᠤ᠂  2015 ᠣᠨ ᠤ ᠥᠪᠥᠷ ᠮᠣᠩᠭᠤᠯ ᠤᠨ ᠠᠵᠤ ᠠᠬᠤᠶ ᠶᠢᠨ ᠪᠠᠶᠢᠳᠠᠯ ᠳᠤ ᠵᠠᠳᠠᠯᠤᠯᠲᠠ ᠪᠠ ᠮᠠᠭᠠᠳᠯᠠᠯᠲᠠ ᠬᠢᠯᠭᠡᠬᠦ ᠪᠣᠯᠣᠨ᠎ᠠ᠃ ᠥᠷᠭᠡᠨ ᠣᠯᠠᠨ ᠰᠦᠯᠵᠢᠶᠡᠨ ᠠᠨᠳᠠ ᠨᠡᠷ ᠤᠨ ᠲᠤᠬᠠᠢ ᠶᠢᠨ ᠴᠠᠭ ᠲᠤᠨᠢ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕        ᠰᠤᠷᠪᠤᠯᠵᠢᠯᠠᠭᠴᠢ᠄      ᠰᠦᠯᠵᠢᠶᠡᠨ ᠠᠨᠳᠠ ᠨᠠᠷ᠂ ᠰᠠᠶᠢᠨ ᠪᠠᠶᠢᠵᠠᠭᠠᠨ᠎ᠠ ᠦᠦ︖ ᠲᠠ ᠪᠦᠬᠦᠨ ᠲᠤᠰ ᠬᠤᠭᠤᠴᠠᠭᠠᠨ ᠤ ︽ᠳᠤᠮᠳᠠᠳᠤ  ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠦᠨᠦᠳᠤᠷ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠥᠭᠵᠢᠯᠲᠡ ᠶᠢ ᠰᠤᠳᠤᠯᠬᠤ ᠲᠥᠪ ᠤᠨ ᠡᠷᠬᠢᠯᠡᠭᠴᠢ ᠶᠠᠩ ᠴᠧᠨ ᠬᠤᠸᠠ ᠶᠢ ᠤᠷᠢᠵᠤ᠂ ᠲᠡᠷᠡ 2015 ᠣᠨ ᠤ ᠳᠡᠭᠡᠳᠦ ᠬᠠᠭᠠᠰ ᠵᠢᠯ ᠤᠨ ᠥᠪᠥᠷ ᠮᠣᠩᠭᠤᠯ ᠤᠨ ᠠᠵᠤ ᠠᠬᠤᠶ ᠶᠢᠨ ᠪᠠᠶᠢᠳᠠᠯ ᠢ ᠵᠠᠳᠠᠯᠬᠤ ᠵᠠᠳᠠᠯᠤᠭᠤᠯᠬᠤ ᠶᠢᠨ ᠬᠠᠮᠲᠤ ᠳᠣᠣᠷᠠᠳᠤ ᠬᠠᠭᠠᠰ ᠵᠢᠯ ᠤᠨ ᠠᠵᠤ ᠠᠬᠤᠶ ᠶᠢᠨ ᠪᠠᠶᠢᠳᠠᠯ ᠳᠤ ᠮᠠᠭᠠᠳᠯᠠᠯᠲᠠ ᠬᠢᠬᠦ ᠪᠣᠯᠣᠨ᠎ᠠ᠂  ᠥᠷᠭᠡᠨ ᠣᠯᠠᠨ ᠰᠦᠯᠵᠢᠶᠡᠨ ᠠᠨᠳᠠ ᠨᠠᠷ ᠲᠤᠬᠠᠢ ᠶᠢᠨ ᠴᠠᠭ ᠲᠤᠨᠢ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃  ᠶᠠᠩ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕      ᠶᠠᠩ ᠴᠧᠨ ᠬᠤᠸᠠ᠄      ᠬᠥᠲᠥᠯᠥᠭᠴᠢ ᠲᠠ ᠰᠠᠶᠢᠨ ᠪᠠᠶᠢᠨᠤ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︖ ᠠᠳᠡ ᠲᠠ ᠪᠥᠬᠦᠨ ᠲᠠᠢ ᠵᠣᠭᠤᠭᠳᠠᠬᠤ ᠪᠣᠯᠣᠭᠰᠠᠨ ᠳᠠᠭᠠᠨ ᠲᠤᠩ ᠪᠠᠶᠠᠷᠲᠠᠢ ᠪᠠᠶᠢᠨ᠎ᠠ᠃  ᠲᠠ ᠪᠦᠬᠦᠨ ᠤ ᠬᠥᠭᠵᠢᠭᠦᠯᠦᠯᠲᠡ ᠪᠣᠯᠣᠨ ᠥᠭᠡᠷᠡᠴᠢᠯᠡᠯᠲᠡ ᠶᠢᠨ ᠵᠥᠪᠯᠡᠯ ᠤᠨ ᠡᠯ᠎ᠡ ᠵᠦᠢᠯ ᠤᠨ ᠠᠵᠢᠯ ᠢ ᠬᠠᠯᠠᠮᠵᠢᠯᠠᠨ ᠳᠡᠮᠵᠢᠭᠰᠡᠭᠡᠷ  ᠢᠷᠡᠭᠰᠡᠨ ᠳᠤ ᠲᠠᠯᠠᠷᠬᠠᠵᠤ ᠪᠠᠶᠢᠨ᠎ᠠ︕        ᠬᠦᠲᠦᠯᠦᠭᠴᠢ᠄      ᠶᠠᠩ ᠡᠷᠬᠢᠯᠡᠭᠴᠢ ᠡ᠂ ᠰᠦᠯᠵᠢᠶᠡᠨ ᠠᠨᠳᠠ ᠨᠠᠷ ᠮᠠᠨ ᠤ ᠣᠷᠣᠨ ᠤ ᠠᠵᠤ ᠠᠬᠤᠶ ᠶᠢᠨ ᠪᠠᠶᠢᠳᠠᠯ ᠢ ᠮᠠᠰᠢ ᠠᠩᠬᠠᠷᠴᠤ ᠪᠤᠢ᠂ ᠲᠠ ᠪᠢᠳᠡᠨ ᠳᠤ ᠮᠠᠨ ᠤ ᠣᠷᠣᠨ ᠤ ᠳᠡᠭᠡᠳᠦ ᠬᠠᠭᠠᠰ ᠵᠢᠯ ᠤᠨ ᠠᠵᠤ ᠠᠬᠤᠶ ᠶᠢᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠶᠠᠮᠠᠷ ᠪᠠᠶᠢᠭ᠎ᠠ ᠶᠢ ᠲᠠᠨᠢᠯᠴᠠᠭᠤᠯᠤᠭᠠᠳ ᠥᠭᠭᠦᠨ᠎ᠡ ᠦᠦ︖      ᠶᠠᠩ ᠴᠧᠨ ᠬᠤᠸᠠ᠄      ᠵᠠ᠂ 2015 ᠣᠨ ᠠᠴᠠ ᠨᠠᠰᠢ᠂ ᠰᠢᠨ᠎ᠡ ᠬᠡᠪ ᠤᠨ ᠪᠠᠶᠢᠳᠠᠯ ᠤᠨ ᠳᠣᠣᠷᠠᠬᠢ ᠬᠤᠷᠳᠤᠴᠠ ᠪᠠᠨ ᠨᠡᠮᠡᠭᠳᠡᠭᠦᠯᠬᠦ᠂ ᠪᠦᠲᠦᠴᠡ ᠶᠢ ᠰᠢᠯᠢᠳᠡᠭᠵᠢᠭᠦᠯᠬᠦ ᠪᠠ ᠬᠥᠳᠡᠯᠭᠡᠭᠴᠢ ᠬᠦᠴᠦᠨ ᠢᠶᠠᠨ ᠰᠣᠯᠢᠬᠤ ᠰᠢᠨ᠎ᠡ ᠪᠠᠶᠢᠳᠠᠯ ᠳᠤ ᠬᠠᠨᠳᠤᠭᠤᠯᠤᠨ᠂ ᠮᠠᠨ ᠤ ᠣᠷᠣᠨ ᠰᠢᠨ᠎ᠡ ᠬᠡᠪ ᠪᠠᠶᠢᠳᠠᠯ ᠳᠤ ᠢᠳᠡᠪᠬᠢᠲᠡᠶ ᠵᠣᠬᠢᠴᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠣᠪᠤᠶᠢᠮ᠎ᠠ ᠰᠠᠶᠢᠳᠤᠷ ᠠᠳᠬᠤᠨ᠂ᠲᠣᠭᠲᠠᠭᠤᠨ ᠢᠶᠠᠷ ᠨᠡᠮᠡᠭᠳᠡᠭᠦᠯᠬᠦ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠤᠭᠠᠳ᠂ ᠳᠡᠭᠡᠷ᠎ᠡ ᠬᠠᠭᠠᠰ ᠵᠢᠯ ᠳᠤ᠂ ᠬᠤᠷᠸ᠎ᠠ ᠠᠵᠤ ᠠᠬᠤᠶ ᠶᠢᠨ ᠣᠷᠴᠢᠨ ᠲᠣᠭᠤᠷᠢᠨ ᠦᠷᠭᠦᠯᠵᠢᠯᠡᠨ ᠪᠠᠴᠢᠮ ᠪᠠᠶᠢᠬᠤ ᠪᠠᠶᠢᠳᠠᠯ ᠤᠨ ᠳᠣᠣᠷ᠎ᠠ᠂ ᠪᠦᠬᠦ ᠣᠷᠣᠨ ᠤ ᠠᠵᠤ ᠠᠬᠤᠶ ᠶᠢᠨ ᠭᠤᠣᠯ ᠭᠦᠢᠴᠡᠳᠬᠡᠬᠦ ᠲᠤᠭ᠎ᠠ ᠶᠢᠨ ᠨᠡᠮᠡᠭᠳᠡᠯ ᠤᠨ ᠬᠤᠷᠳᠤᠴᠠ ᠬᠡᠳᠦᠶᠢᠪᠡᠷ ᠠᠳᠠᠯᠢ ᠪᠤᠰᠤ ᠬᠡᠮᠵᠢᠶ᠎ᠡ ᠪᠠᠷ ᠪᠠᠭᠤᠷᠠᠭᠰᠠᠨ ᠪᠣᠯᠪᠠᠴᠤ᠂ ᠰᠢᠨ᠎ᠡ ᠬᠥᠳᠡᠯᠭᠡᠬᠦ ᠬᠦᠴᠦᠨ ᠤ ᠲᠠᠰᠤᠷᠠᠯᠲᠠ ᠦᠭᠡᠶ ᠬᠤᠷᠠᠮᠳᠤᠭᠤᠯᠬᠤ ᠶᠢ ᠳᠠᠭᠠᠯᠳᠤᠨ᠂ ᠪᠦᠲᠦᠴᠡ ᠶᠢᠨ ᠲᠣᠬᠢᠷᠠᠭᠤᠯᠤᠯᠲᠠ᠂ ᠬᠥᠭᠵᠢᠯᠲᠡ ᠶᠢᠨ ᠶᠠᠰᠤ ᠴᠢᠨᠠᠷ ᠵᠡᠷᠭᠡ ᠲᠠᠯ᠎ᠠ ᠪᠠᠷ ᠢᠳᠡᠪᠬᠢᠲᠡᠶ ᠬᠤᠪᠢᠷᠠᠯᠲᠠ ᠭᠠᠷᠴᠤ᠂ ᠪᠦᠬᠦ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠦᠷᠭᠦᠯᠵᠢᠯᠡᠬᠦ ᠴᠢᠨᠠᠷ᠂ ᠲᠡᠩᠴᠡᠭᠦᠷᠢᠲᠦ ᠴᠢᠨᠠᠷ ᠪᠠ ᠪᠠᠭᠲᠠᠭᠠᠮᠵᠢᠲᠤ ᠴᠢᠨᠠᠷ ᠴᠢᠩᠭᠠᠷᠠᠵᠤ᠂ ᠠᠵᠤ ᠠᠬᠤᠶ ᠶᠢᠨ ᠠᠵᠢᠯᠯᠠᠭᠠᠨ ᠮᠥᠨ ᠬᠦ ᠵᠤᠬᠢᠰᠳᠠᠢ ᠬᠡᠪᠴᠢᠶᠡᠨ ᠳᠡᠭᠡᠨ ᠪᠠᠶᠢᠵᠤ᠂ ᠪᠦᠬᠦᠯᠢ ᠴᠣᠭᠴᠠ ᠪᠠᠷ ᠢᠶᠠᠨ ︽ᠠᠯᠭᠤᠷᠯᠠᠬᠤ ᠶᠢᠨ ᠳᠠᠭᠠᠤ ᠳᠤ ᠲᠤᠭᠲᠠᠭᠤᠨ ᠪᠠᠶᠢᠵᠤ ᠂ ᠯᠠᠪᠳᠠᠭᠤᠨ ᠢᠶᠠᠷ ᠤᠷᠤᠭᠰᠢ ᠳᠠᠪᠰᠢᠭᠰᠠᠨ︾ ᠪᠠᠶᠢᠳᠠᠯ ᠢᠯᠡᠷᠡᠨ ᠭᠠᠷᠪᠠ᠃      ᠬᠦᠲᠦᠯᠦᠭᠴᠢ᠄      ᠲᠠᠨ ᠤ ᠬᠡᠯᠡᠵᠦ ᠪᠠᠶᠢᠭ᠎ᠠ ︽ᠠᠯᠭᠤᠷᠯᠠᠬᠤ ᠶᠢᠨ ᠳᠠᠭᠠᠤ ᠳᠤ ᠲᠤᠭᠲᠠᠭᠤᠨ ᠪᠠᠶᠢᠵᠤ ᠂ ᠯᠠᠪᠳᠠᠭᠤᠨ ᠢᠶᠠᠷ ᠤᠷᠤᠭᠰᠢ ᠳᠠᠪᠰᠢᠭᠰᠠᠨ︾ ᠪᠠᠶᠢᠬᠤ ᠪᠠᠶᠢᠳᠠᠯ ᠭᠡᠰᠡᠨ ᠤ ︽ᠠᠯᠭᠤᠷᠯᠠᠬᠤ︾᠂ ︽ᠲᠣᠭᠲᠠᠭᠤᠨ︾᠂ ︽ᠤᠷᠤᠭᠰᠢ ᠳᠠᠪᠰᠢᠬᠤ︾ ᠭᠡᠳᠡᠭ ᠨᠢ ᠪᠣᠳᠠᠲᠠᠶ ᠶᠠᠭᠤ ᠶᠢ ᠵᠢᠭᠠᠵᠤ ᠪᠠᠶᠢᠬᠤ ᠪᠤᠢ᠂ ᠲᠠ ᠪᠢᠳᠡᠨ ᠳᠤ ᠲᠠᠨᠢᠯᠴᠠᠭᠤᠯᠤᠭᠳᠠᠭ ᠥᠭᠭᠦᠨ᠎ᠡ ᠦᠦ︖      ᠶᠠᠩ ᠴᠧᠨ ᠬᠤᠸᠠ᠄      ᠵᠠ᠂ ᠡᠨᠡ ︽ᠠᠯᠭᠤᠷᠯᠠᠬᠤ︾ ᠭᠡᠳᠡᠭ ᠨᠢ ᠭᠤᠣᠯᠳᠠᠭᠤ ᠠᠵᠤ ᠠᠬᠤᠶ ᠶᠢᠨ ᠭᠦᠢᠴᠡᠳᠬᠡᠬᠦ ᠲᠤᠭ᠎ᠠ ᠶᠢᠨ ᠨᠡᠮᠡᠭᠳᠡᠯ ᠤᠨ ᠬᠤᠷᠳᠤᠴᠠ ᠳᠡᠭᠡᠷ᠎ᠡ ᠵᠢᠯ ᠤᠨ ᠳᠣᠣᠷ᠎ᠠ ᠪᠠᠶᠢᠭᠰᠠᠨ ᠰᠠᠭᠤᠷᠢᠨ ᠳᠡᠭᠡᠷ᠎ᠡ ᠦᠷᠭᠦᠯᠵᠢᠯᠡᠨ ᠪᠠᠭ᠎ᠠ ᠬᠡᠮᠵᠢᠶ᠎ᠡ ᠪᠠᠷ ᠪᠠᠭᠤᠷᠠᠵᠤ᠂ ᠠᠵᠤ ᠠᠬᠤᠶ ᠶᠢᠨ ᠠᠵᠢᠯᠯᠠᠭᠠᠨ ᠤ ᠪᠦᠬᠦᠯᠢ ᠴᠣᠭᠴᠠ ᠶᠢᠨ ᠠᠯᠭᠤᠷᠯᠠᠬᠤ ᠪᠠᠶᠢᠳᠠᠯ ᠬᠤᠪᠢᠷᠠᠭᠠᠳᠤᠢ᠃ ᠨᠢᠭᠡᠳᠦᠭᠡᠷ ᠤᠯᠠᠷᠢᠯ ᠳᠤ᠂ ᠪᠦᠬᠦ ᠣᠷᠣᠨ ᠤ GDP ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠴᠡᠭ ᠤᠨ 0.3 ᠪᠠᠷ ᠪᠠᠭᠤᠷᠠᠪᠠ︔ 1 — 5 ᠳ᠋ᠤᠭᠠᠷ ᠰᠠᠷ᠎ᠠ ᠪᠣᠯᠲᠠᠯ᠎ᠠ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ᠂ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠲᠤᠰ ᠲᠤᠰ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠴᠡᠭ ᠤᠨ 0.8 ᠪᠠ 0.3 ᠪᠠᠷ ᠳᠣᠣᠷ᠎ᠠ ᠪᠠᠶᠢᠪᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ ᠵᠠᠭᠤᠨ ᠤ ᠴᠡᠭ ᠤᠨ 3.4 ᠳᠣᠣᠷ᠎ᠠ ᠪᠣᠢ᠃ ᠠᠵᠤ ᠠᠬᠤᠶ ᠶᠢᠨ ᠭᠤᠣᠯ ᠪᠣᠯᠬᠤ ᠭᠦᠢᠴᠡᠳᠬᠡᠬᠦ ᠲᠤᠭ᠎ᠠ ᠤᠨ ᠨᠡᠮᠡᠭᠳᠡᠯ ᠤᠨ ᠬᠤᠷᠳᠤᠴᠠ ᠦᠷᠭᠦᠯᠵᠢᠯᠡᠨ ᠤᠳᠠᠭᠠᠰᠢᠷᠠᠵᠤ᠂ ᠪᠦᠬᠦ ᠣᠷᠣᠨ ᠤ ᠠᠵᠤ ᠠᠬᠤᠶ ᠶᠢᠨ ᠪᠠᠭᠤᠷᠠᠬᠤ ᠳᠠᠷᠤᠯᠲᠠ ᠪᠠᠭᠠᠰᠤᠭᠰᠠᠨ ᠦᠭᠡᠢ᠃      ︽ᠲᠣᠭᠲᠠᠭᠤᠨ ᠪᠠᠶᠢᠬᠤ︾ ᠪᠣᠯ ᠠᠵᠤ ᠠᠬᠤᠶ ᠶᠢᠨ ᠭᠤᠣᠯ ᠪᠣᠯᠬᠤ ᠭᠦᠢᠴᠡᠳᠬᠡᠬᠦ ᠲᠤᠭ᠎ᠠ ᠬᠡᠳᠦ᠋ᠢᠪᠡᠷ ᠳᠣᠣᠷ᠎ᠠ ᠬᠢᠷᠢ ᠬᠡᠮᠵᠢᠶ᠎ᠡ ᠪᠠᠷ ᠢᠯᠡᠷᠡᠭᠰᠡᠨ ᠪᠣᠯᠪᠠᠴᠤ ᠶᠡᠭᠡ ᠬᠡᠮᠵᠢᠶ᠎ᠡ ᠪᠠᠷ ᠪᠠᠭᠤᠷᠠᠭᠰᠠᠨ ᠦᠭᠡᠢ ᠮᠥᠷᠲᠡᠭᠡᠨ ᠨᠡᠮᠡᠭᠳᠡᠯ ᠤᠨ ᠬᠤᠷᠳᠤᠴᠠ ᠨᠢ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ ᠰᠠᠶᠢᠨ ᠪᠠᠶᠢᠵᠤ᠂ ᠳᠡᠭᠡᠷ᠎ᠡ ᠰᠠᠷ᠎ᠠ ᠶᠢᠨ ᠬᠢ ᠠᠴᠠ ᠲᠣᠭᠲᠠᠭᠤᠨ ᠪᠠᠶᠢᠵᠤ᠂ ᠡᠨᠡ ᠨᠢ ᠪᠦᠬᠦ ᠣᠷᠣᠨ ᠤ ᠠᠵᠤ ᠠᠬᠤᠢ ᠶᠢᠨ ᠠᠵᠢᠯᠯᠠᠭᠠᠨ ᠤ ᠲᠣᠭᠲᠠᠪᠤᠷᠢᠵᠢᠬᠤ ᠲᠡᠰᠢ ᠬᠠᠨᠳᠤᠭᠰᠠᠨ ᠢ ᠬᠠᠷᠠᠭᠤᠯᠵᠤ ᠪᠠᠶᠢᠨ᠎ᠠ᠂ ᠵᠢᠱᠢᠯᠲᠡ ᠪᠠᠷ ᠳᠡᠭᠡᠷ᠎ᠡ ᠬᠠᠭᠠᠰ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠤᠨ ᠬᠤᠷᠳᠤᠴᠠ ᠶᠢ ᠨᠢᠭᠡᠳᠦᠭᠡᠷ ᠤᠯᠠᠷᠢᠯ ᠤᠨ ᠬᠢ ᠲᠠᠢ ᠬᠠᠷᠢᠴᠠᠭᠤᠯᠪᠠᠯ ᠦᠨᠳᠦᠰᠦᠨ ᠳᠡᠭᠡᠨ ᠲᠡᠩᠴᠡᠵᠦ᠂ 7 .1% ᠣᠷᠴᠢᠮ ᠪᠣᠯᠤᠨ᠎ᠠ᠃ ᠨᠢᠭᠡᠳᠦᠭᠡᠷ ᠤᠯᠠᠷᠢᠯ ᠳᠤ᠂ ᠪᠦᠬᠦ ᠣᠷᠣᠨ ᠤ GDP  ᠶᠢᠨ ᠨᠡᠮᠡᠭᠳᠡᠯ ᠤᠨ ᠬᠤᠷᠳᠤᠴᠠ ᠶᠢᠨ ᠵᠢᠭᠰᠠᠭᠠᠯᠲᠠ ᠳᠡᠭᠡᠷ᠎ᠡ ᠵᠢᠯ ᠤᠨ 21 ᠳ᠋ᠦ᠋ᠭᠡᠷ ᠲᠤ ᠪᠠᠶᠢᠭᠰᠠᠨ ᠠᠴᠠ ᠪᠠᠨ 19 ᠳ᠋ᠦ᠋ᠭᠡᠷ ᠲᠤ ᠳᠡᠪᠰᠢᠪᠡ︔1 — 5 ᠳ᠋ᠤᠭᠠᠷ ᠰᠠᠷ᠎ᠠ ᠪᠣᠯᠲᠠᠯ᠎ᠠ᠂ ᠪᠦᠬᠦ ᠣᠷᠣᠨ ᠤ ᠠᠵᠤ ᠦᠢᠯᠡᠳᠪᠦᠷᠢ᠂ ᠪᠡᠯᠡ ᠣᠷᠣᠭᠤᠯᠤᠯᠲᠠ ᠬᠢᠭᠡᠳ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠲᠤᠰ ᠲᠤᠰ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ1.9᠂ 2. 4 ᠪᠠ ᠵᠠᠭᠤᠨ ᠤ ᠴᠡᠭ ᠤᠨ 0.6 ᠳᠡᠭᠡᠭᠦᠷ ᠪᠠᠶᠢᠭ᠎ᠠ ᠮᠥᠷᠲᠡᠭᠡᠨ ᠨᠡᠮᠡᠭᠳᠡᠯ ᠤᠨ ᠬᠤᠷᠳᠤᠴᠠ ᠶᠢ ᠳᠡᠭᠡᠷ᠎ᠡ ᠰᠠᠷ᠎ᠠ ᠶᠢᠨ ᠬᠢ ᠲᠠᠢ ᠬᠠᠷᠢᠴᠠᠭᠤᠯᠪᠠᠯ ᠰᠡᠷᠭᠦᠭᠰᠡᠨ ᠪᠠᠶᠢᠵᠤ᠂ ᠠᠵᠤ ᠠᠬᠤᠶ ᠶᠢᠨ ᠠᠵᠢᠯᠯᠠᠭᠠᠨ ᠤ ᠲᠣᠭᠲᠠᠭᠤᠨ ᠪᠠᠶᠢᠬᠤ ᠲᠡᠰᠢ ᠬᠠᠨᠳᠤᠬᠤ ᠪᠠᠶᠢᠳᠠᠯ ᠨᠢ ᠠᠭᠠᠵᠢᠮ ᠢᠶᠠᠷ ᠢᠯᠡᠷᠡᠪᠡ᠃ ᠠᠵᠤ ᠦᠢᠯᠡᠳᠪᠦᠷᠢ ᠶᠢᠨ ᠬᠦᠷᠢᠶᠡᠨ ᠳᠤ᠂ 1 ᠳ᠋ᠦ᠋ᠭᠡᠷ ᠰᠠᠷ᠎ᠠ ᠠᠴᠠ 5 ᠳ᠋ᠤᠭᠠᠷ ᠰᠠᠷ᠎ᠠ ᠪᠣᠯᠲᠠᠯ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠲᠤᠰ ᠲᠤᠰ 8.8%᠂ 8.2%᠂ 8 %᠂ 8.1% ᠪᠠᠶᠢᠵᠤ᠂ ᠡᠨᠡᠬᠦ ᠬᠤᠭᠤᠴᠠᠭᠠᠨ ᠳᠤ ᠪᠢᠴᠢᠯ ᠬᠡᠮᠵᠢᠶᠡᠨ ᠤ ᠬᠡᠯᠪᠡᠯᠵᠡᠯ ᠲᠠᠢ ᠪᠣᠯᠪᠠᠴᠤ ᠬᠠᠨᠳᠤᠰᠢ ᠨᠢ ᠪᠦᠬᠦᠯᠢ ᠴᠣᠭᠴᠠ ᠪᠠᠷ ᠢᠶᠠᠨ ᠨᠡᠯᠢᠶᠡᠳ ᠲᠣᠭᠲᠠᠭᠤᠨ ᠪᠠᠶᠢᠵᠤ᠂ ᠣᠳᠣᠬᠠᠨ ᠤ ᠮᠠᠨ ᠤ ᠣᠷᠣᠨ ᠤ ᠠᠵᠤ ᠦᠢᠯᠡᠳᠪᠦᠷᠢ ᠶᠢᠨ ᠠᠵᠢᠯᠯᠠᠭᠠᠨ ᠤ ᠠᠯᠭᠤᠷᠯᠠᠬᠤ ᠶᠢᠨ ᠳᠠᠭᠠᠤ ᠲᠣᠭᠲᠠᠭᠤᠨ ᠪᠠᠶᠢᠬᠤ ᠶᠢ ᠬᠠᠷᠠᠭᠤᠯᠵᠤ᠂ ᠵᠢᠱᠢᠯᠲᠡ ᠪᠠᠷ ᠳᠡᠭᠡᠷ᠎ᠡ ᠬᠠᠭᠠᠰ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 8.1% ᠣᠷᠴᠢᠮ ᠪᠠᠶᠢᠨ᠎ᠠ᠃ ᠪᠡᠯᠡ ᠣᠷᠤᠭᠤᠯᠤᠯᠲᠠ ᠶᠢᠨ ᠬᠦᠷᠢᠶᠡᠨ ᠳᠤ᠂ 1 ᠳ᠋ᠦ᠋ᠭᠡᠷ ᠰᠠᠷ᠎ᠠ ᠠᠴᠠ 5 ᠳ᠋ᠤᠭᠠᠷ ᠰᠠᠷ᠎ᠠ ᠪᠣᠯᠲᠠᠯ᠎ᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠶᠢᠲᠡ ᠨᠡᠮᠡᠭᠳᠡᠯ ᠤᠨ ᠬᠤᠷᠳᠤᠴᠠ ᠲᠤᠰ ᠲᠤᠰ 14%᠂ 13.9%᠂ 13.8%᠂ 13.8% ᠪᠠᠶᠢᠵᠤ᠂ ᠪᠠᠭᠤᠷᠠᠬᠤ ᠬᠡᠮᠵᠢᠶ᠎ᠡ ᠨᠢ ᠠᠭᠠᠵᠢᠮ ᠢᠶᠠᠷ ᠨᠠᠷᠢᠰᠴᠤ᠂ ᠰᠡᠭᠦᠯ ᠤᠨ ᠬᠤᠭᠤᠴᠠᠭᠠᠨ ᠳᠤ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠶᠢᠨ ︽ᠰᠢᠵᠢᠷ ᠠᠯᠲᠠᠨ ᠴᠠᠭ ᠦᠶ᠎ᠡ︾ ᠳᠤ ᠣᠷᠣᠬᠤ ᠶᠢ ᠳᠠᠭᠠᠯᠳᠤᠨ᠂ ᠲᠥᠷᠥᠯ ᠵᠦᠢᠯ ᠤᠨ ᠨᠠᠶᠢᠳᠠᠪᠤᠷᠢᠵᠢᠭᠤᠯᠬᠤ ᠬᠤᠷᠳᠤᠴᠠ ᠲᠦᠷᠭᠡᠳᠬᠡᠵᠦ᠂ ᠵᠢᠱᠢᠯᠲᠡ ᠪᠠᠷ ᠳᠡᠭᠡᠷ᠎ᠡ ᠬᠠᠭᠠᠰ ᠵᠢᠯ ᠳᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ ᠮᠥᠨ ᠬᠦ 14 % ᠣᠷᠴᠢᠮ ᠳᠤ ᠪᠠᠶᠢᠯᠭᠠᠬᠤ ᠪᠣᠯᠤᠨ᠎ᠠ᠃ ᠬᠡᠷᠡᠭᠯᠡᠭᠡᠨ ᠤ ᠬᠦᠷᠢᠶᠡᠨ ᠳᠤ᠂ ᠬᠠᠯᠠᠨ ᠰᠠᠶᠢᠵᠢᠷᠠᠭᠤᠯᠬᠤ ᠬᠡᠯᠪᠡᠷᠢ ᠶᠢᠨ᠂ ᠰᠠᠭᠤᠷᠢ ᠬᠡᠯᠪᠡᠷᠢ ᠶᠢᠨ ᠬᠡᠷᠡᠭᠯᠡᠭᠡᠨ ᠤ ᠬᠡᠪᠴᠢᠶ᠎ᠡ ᠵᠡᠷᠭᠡᠪᠡᠷ ᠪᠠᠭᠤᠷᠠᠭᠰᠠᠨ ᠠᠴᠠ ᠪᠣᠯᠵᠤ᠂ ᠳᠡᠭᠡᠷ᠎ᠡ ᠬᠠᠭᠠᠰ ᠵᠢᠯ ᠤᠨ ᠪᠦᠬᠦ ᠣᠷᠣᠨ ᠤ ᠬᠡᠷᠡᠭᠯᠡᠭᠡᠨ ᠳᠤ ᠪᠠᠶᠢᠬᠤ ᠳᠣᠣᠷ᠎ᠠ ᠠᠵᠢᠯᠯᠠᠭᠠᠨ ᠤ ᠪᠠᠶᠢᠳᠠᠯ ᠢᠯᠡᠷᠡᠵᠦ᠂ 1 ᠳ᠋ᠦ᠋ᠭᠡᠷ ᠰᠠᠷ᠎ᠠ ᠠᠴᠠ 4 ᠳ᠋ᠦ᠋ᠭᠡᠷ ᠰᠠᠷ᠎ᠠ ᠪᠤᠯᠲᠠᠯ᠎ᠠ᠂ ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢᠨ ᠨᠡᠮᠡᠭᠳᠡᠯ ᠤᠨ ᠬᠤᠷᠳᠤᠴᠠ 6.8% ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ 10% ᠠᠴᠠ ᠳᠡᠭᠡᠭᠰᠢ ᠪᠠᠶᠢᠭᠰᠠᠨ ᠬᠢᠷᠢ ᠬᠡᠮᠵᠢᠶ᠎ᠡ ᠠᠴᠠ ᠳᠣᠣᠷ᠎ᠠ ᠪᠣᠯᠪᠠ᠃ 5 ᠳ᠋ᠤᠭᠠᠷ ᠰᠠᠷ᠎ᠠ ᠳᠤ ᠣᠷᠣᠭᠰᠠᠨ ᠤ ᠳᠠᠷᠠᠭ᠎ᠠ᠂ ᠠᠮᠤ ᠪᠤᠳᠠᠭ᠎ᠠ ᠲᠣᠰᠣ ᠢᠳᠡᠭᠡᠨ ᠠᠷᠢᠬᠢ ᠲᠠᠮᠠᠬᠢ ᠶᠢᠨ ᠵᠦᠢᠯ᠂ ᠬᠤᠪᠴᠠᠰᠤ ᠱᠠᠬᠠᠶ ᠮᠠᠯᠠᠭᠠᠶ ᠰᠦᠯᠵᠢᠮᠡᠯ ᠪᠠ ᠨᠡᠬᠡᠮᠡᠯ ᠤᠨ ᠵᠦᠢᠯ ᠵᠡᠷᠭᠡ ᠰᠠᠭᠤᠷᠢ ᠬᠡᠯᠪᠡᠷᠢ ᠶᠢᠨ ᠬᠡᠷᠡᠭᠯᠡᠭᠡᠨ ᠤ ᠰᠡᠷᠭᠦᠬᠦ ᠶᠢ ᠳᠠᠭᠠᠯᠳᠤᠨ᠂ ᠪᠦᠬᠦ ᠣᠷᠣᠨ ᠤ ᠬᠡᠷᠡᠭᠯᠡᠭᠡᠨ ᠠᠯᠬᠤᠮ ᠠᠯᠬᠤᠮ ᠢᠶᠠᠷ ᠰᠠᠶᠢᠵᠢᠷᠠᠵᠤ᠂ 1 ᠳ᠋ᠦ᠋ᠭᠡᠷ ᠰᠠᠷ᠎ᠠ ᠠᠴᠠ 5 ᠳ᠋ᠤᠭᠠᠷ ᠰᠠᠷ᠎ᠠ ᠪᠣᠯᠲᠠᠯᠠᠬᠢ ᠬᠡᠷᠡᠭᠯᠡᠭᠡᠨ ᠠᠳᠠᠯᠢ ᠬᠤᠭᠤᠴᠠᠭᠠᠨ ᠤ ᠬᠢ ᠠᠴᠠ 7 % ᠪᠠᠷ ᠨᠡᠮᠡᠭᠳᠡᠵᠦ᠂ ᠵᠢᠱᠢᠯᠲᠡ ᠪᠠᠷ ᠳᠡᠭᠡᠷ᠎ᠡ ᠬᠠᠭᠠᠰ ᠵᠢᠯ ᠤᠨ ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢᠨ ᠨᠡᠮᠡᠭᠳᠡᠯ ᠤᠨ ᠬᠤᠷᠳᠤᠴᠠ 7.5% ᠣᠷᠴᠢᠮ ᠳᠤ ᠪᠠᠶᠢᠬᠤ ᠪᠣᠯᠣᠨ᠎ᠠ᠃       ᠶᠠᠩ ᠴᠧᠨ ᠬᠤᠸᠠ᠄      ︽ᠤᠷᠤᠭᠰᠢ ᠳᠠᠪᠰᠢᠬᠤ︾ ᠪᠣᠯ ᠪᠦᠲᠦᠴᠡ ᠶᠢᠨ ᠲᠣᠬᠢᠷᠠᠭᠤᠯᠤᠯᠲᠠ ᠶᠢᠨ ᠠᠬᠢᠴᠠ ᠰᠠᠶᠢᠨ ᠪᠠᠶᠢᠵᠤ᠂ ᠰᠢᠨ᠎ᠡ ᠬᠥᠳᠡᠯᠭᠡᠬᠦ ᠬᠦᠴᠦᠨ ᠲᠠᠰᠤᠷᠠᠯᠲᠠ ᠦᠭᠡᠶ ᠬᠤᠷᠠᠵᠤ᠂ ᠠᠵᠤ ᠠᠬᠤᠶ ᠶᠢᠨ ᠶᠠᠰᠤ ᠴᠢᠨᠠᠷ ᠪᠠ ᠦᠷ᠎ᠡ ᠠᠰᠢᠭ ᠠᠯᠬᠤᠮ ᠠᠯᠬᠤᠮ ᠢᠶᠠᠷ ᠳᠡᠭᠡᠭᠰᠢᠯᠡᠵᠦ ᠪᠠᠶᠢᠭ᠎ᠠ ᠶᠠᠪᠤᠳᠠᠯ ᠪᠣᠯᠣᠨ᠎ᠠ᠃ ᠨᠢᠭᠡ ᠳᠤ᠂ ᠦᠢᠯᠡᠴᠢᠯᠡᠭᠡᠨ ᠤ ᠦᠢᠯᠡᠰ ᠤᠨ ᠬᠤᠪᠢ ᠶᠢᠨ ᠵᠢᠩ ᠰᠢᠨ᠎ᠡ ᠳᠡᠭᠡᠭᠰᠢᠯᠡᠯᠲᠡ ᠲᠠᠢ ᠪᠣᠯᠪᠠ᠃ ᠨᠢᠭᠡᠳᠦᠭᠡᠷ ᠤᠯᠠᠷᠢᠯ ᠳᠤ᠂ ᠪᠦᠬᠦ ᠣᠷᠣᠨ ᠤ GDP ᠳᠠᠬᠢ ᠭᠤᠷᠪᠠᠳᠤᠭᠠᠷ ᠠᠵᠤ ᠦᠢᠯᠡᠰ ᠤᠨ ᠡᠵᠡᠯᠡᠬᠦ ᠬᠤᠪᠢ ᠶᠢᠨ ᠵᠢᠩ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠴᠡᠭ ᠤᠨ1.9 ᠳᠡᠭᠡᠭᠦᠷ ᠪᠣᠯᠪᠠ᠃ ᠬᠤᠶᠠᠷ ᠲᠤ᠂ ᠠᠵᠤ ᠦᠢᠯᠡᠳᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ ᠪᠦᠲᠦᠮᠵᠢᠲᠡᠢ ᠠᠬᠢᠭᠤᠯᠪᠠ᠃1 —5 ᠳ᠋ᠤᠭᠠᠷ ᠰᠠᠷ᠎ᠠ ᠪᠣᠯᠲᠠᠯ᠎ᠠ᠂ ᠠᠵᠤ ᠦᠢᠯᠡᠳᠪᠦᠷᠢ ᠶᠢᠨ ᠨᠡᠮᠡᠭᠳᠡᠯ ᠳᠠᠬᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠡᠳ᠋ᠰᠢᠭᠦᠯᠦᠯᠲᠡ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠤᠪᠢ ᠨᠡᠮᠡᠷᠢ ᠦᠵᠡᠭᠦᠯᠦᠭᠰᠡᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ ᠲᠤᠰ ᠲᠤᠰ ᠵᠠᠭᠤᠨ ᠤ ᠴᠡᠭ ᠤᠨ 1.6 ᠪᠠ 1. 4 ᠳᠡᠭᠡᠭᠰᠢᠯᠡᠪᠡ᠃ ᠭᠤᠷᠪᠠ ᠳᠤ᠂ ᠬᠡᠷᠡᠭᠯᠡᠭᠡᠨ ᠤ ᠳᠡᠰ ᠳᠡᠪᠰᠢᠬᠦ ᠠᠯᠬᠤᠴᠠ ᠲᠦᠷᠭᠡᠳᠬᠡᠪᠡ᠃ ᠰᠡᠯᠡᠭᠦᠴᠡᠯ ᠵᠢᠭᠤᠯᠴᠢᠯᠠᠯ᠂ ᠰᠣᠶᠣᠯ᠂ ᠮᠡᠳᠡᠭᠡ ᠵᠠᠩᠭᠢ ᠪᠠᠷ ᠲᠥᠯᠥᠭᠡᠯᠡᠭᠦᠯᠦᠭᠰᠡᠨ ᠰᠢᠨ᠎ᠡ ᠪᠠᠷ ᠪᠣᠢ ᠪᠣᠯᠣᠭᠰᠠᠨ ᠬᠡᠷᠡᠭᠯᠡᠭᠡᠨ ᠤ ᠠᠷᠭ᠎ᠠ ᠮᠠᠶ᠋ᠢᠭ ᠲᠦᠷᠭᠡᠨ ᠨᠡᠮᠡᠭᠳᠡᠵᠦ᠂ ᠨᠢᠭᠡᠳᠦᠭᠡᠷ ᠤᠯᠠᠷᠢᠯ ᠳᠤ᠂ ᠪᠦᠬᠦ ᠣᠷᠣᠨ ᠤ ᠵᠢᠭᠤᠯᠴᠢᠯᠠᠯ ᠤᠨ ᠶᠡᠷᠦᠩᠬᠡᠢ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 16. 6% ᠪᠠᠷ ᠨᠡᠮᠡᠭᠳᠡᠪᠡ︔ 1 — 5 ᠳ᠋ᠤᠭᠠᠷ ᠰᠠᠷ᠎ᠠ ᠪᠣᠯᠲᠠᠯ᠎ᠠ᠂ ᠬᠢᠵᠠᠭᠠᠷᠯᠠᠭᠰᠠᠨ ᠲᠤᠭ᠎ᠠ ᠨᠣᠷᠮ᠎ᠠ ᠠᠴᠠ ᠳᠡᠭᠡᠭᠰᠢᠬᠢ ᠨᠣᠮ ᠪᠢᠴᠢᠭ ᠰᠣᠨᠢᠨ ᠰᠡᠳᠬᠦᠯ ᠤᠨ ᠲᠥᠷᠥᠯ ᠤᠨ ᠨᠡᠮᠡᠭᠳᠡᠯ ᠤᠨ ᠬᠤᠷᠳᠤᠴᠠ ᠨᠢ ᠬᠡᠷᠡᠭᠯᠡᠭᠡᠨ ᠤ ᠨᠡᠮᠡᠭᠳᠡᠯ ᠤᠨ ᠬᠤᠷᠳᠤᠴᠠ ᠠᠴᠠ ᠵᠠᠭᠤᠨ ᠤ ᠴᠡᠭ ᠤᠨ 43.1 ᠳᠡᠭᠡᠭᠦᠷ ᠪᠠᠶᠢᠵᠤ᠂ ᠡᠭᠦᠨ ᠤ ᠵᠡᠷᠭᠡᠴᠡᠪᠡᠷ ᠪᠦᠬᠦ ᠣᠷᠣᠨ ᠤ ︽ᠢᠨᠲ᠋ᠧᠷ ᠰᠦᠯᠵᠢᠶ᠎ᠡ +  ︾ ᠮᠥᠩᠭᠦᠨ ᠭᠦᠢᠯᠭᠡᠭᠡᠨ᠂ ᠠᠷᠠᠯᠵᠢᠶ᠎ᠠ ᠮᠠᠶᠢᠮᠠᠶ᠂ ᠰᠣᠶᠣᠯ ᠢ ᠴᠢᠭᠯᠡᠭᠦᠯᠦᠨ ᠣᠯᠠᠨ ᠬᠦᠷᠢᠶ᠎ᠡ ᠲᠦᠷᠭᠡᠨ ᠢᠶᠠᠷ ᠠᠬᠢᠭᠤᠯᠪᠠ ᠃ ᠳᠥᠷᠪᠡ ᠳᠤ᠂ ᠠᠵᠤ ᠠᠬᠤᠶ ᠶᠢᠨ ᠠᠮᠢᠵᠢᠷᠠᠯ ᠤᠨ ᠬᠦᠴᠦᠨ ᠴᠢᠩᠭᠠᠷᠠᠪᠠ᠃ 1 — 5 ᠳ᠋ᠤᠭᠠᠷ ᠰᠠᠷ᠎ᠠ ᠪᠣᠯᠲᠠᠯ᠎ᠠ᠂ ᠪᠦᠬᠦ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠴᠡᠭ ᠤᠨ 2 ᠳᠡᠭᠡᠭᠦᠷ ᠪᠣᠯᠪᠠ᠃ 3 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠥᠷᠥᠩᠭᠡ ᠬᠤᠷᠰᠢᠬᠤ ︵ppp︶ ᠵᠠᠭᠪᠤᠷ ᠤᠨ ᠪᠡᠯᠡ ᠣᠷᠤᠭᠤᠯᠤᠯᠲᠠ ᠶᠢᠨ ᠲᠥᠷᠥᠯ ᠵᠦᠢᠯ ᠳᠤ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ ᠨᠢ 81.3% ᠳᠤ ᠬᠦᠷᠪᠡ᠃ ᠲᠠᠪᠤ ᠳᠤ᠂ ᠠᠵᠤ ᠠᠬᠤᠶ ᠶᠢᠨ ᠦᠷ᠎ᠡ ᠠᠰᠢᠭ ᠠᠭᠠᠵᠢᠮ ᠢᠶᠠᠷ ᠰᠡᠷᠭᠦᠪᠡ᠃ ᠳᠡᠭᠡᠳᠦ ᠬᠠᠭᠠᠰ ᠵᠢᠯ ᠳᠤ᠂ ᠪᠦᠬᠦ ᠣᠷᠣᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠴᠠᠭ᠂ ᠡᠭᠦᠷᠭᠡ ︽ᠬᠤᠶᠠᠭᠤᠯᠠ ᠪᠠᠨ ᠬᠠᠭᠠᠰ ᠢ ᠳᠠᠪᠠᠭᠤᠯᠬᠤ︾ ᠬᠠᠷᠠᠯᠲᠠ ᠶᠢ ᠪᠡᠶᠡᠯᠡᠭᠦᠯᠪᠡ᠃ ᠠᠳᠠᠯᠢ ᠬᠤᠭᠤᠴᠠᠭᠠᠨ ᠳᠤ᠂ ᠪᠦᠬᠦ ᠣᠷᠣᠨ ᠤ ᠭᠠᠶᠢᠯᠢ ᠲᠠᠲᠠᠪᠤᠷᠢ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠭᠠᠶᠢᠯᠢ ᠶᠢᠨ ᠪᠤᠰᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠴᠡᠭ ᠤᠨ 7.3 ᠠᠴᠠ ᠳᠡᠭᠡᠭᠦᠷ ᠪᠠᠶᠢᠵᠤ᠂ ᠭᠠᠶᠢᠯᠢ ᠲᠠᠲᠠᠪᠤᠷᠢ ᠶᠢᠨ ᠡᠵᠡᠯᠡᠬᠦ ᠬᠠᠷᠢᠴᠠᠯ ᠨᠢ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠴᠡᠭ ᠤᠨ 1.5 ᠪᠠᠷ ᠳᠡᠭᠡᠭᠰᠢᠯᠡᠵᠦ᠂ ᠡᠳ᠋ ᠤᠨ ᠵᠠᠰᠠᠭ ᠤᠨ ᠣᠷᠣᠯᠭ᠎ᠠ ᠶᠢᠨ ᠶᠠᠰᠤ ᠴᠢᠨᠠᠷ ᠳᠡᠭᠡᠭᠰᠢᠯᠡᠪᠡ᠃ ᠵᠢᠷᠭᠤᠭ᠎ᠠ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠪᠠᠭᠠᠰᠪᠠ᠃ ᠨᠢᠭᠡᠳᠦᠭᠡᠷ ᠤᠯᠠᠷᠢᠯ ᠤ᠂ ᠬᠥᠳᠡᠭᠡ ᠲᠣᠰᠬᠤᠨ ᠳᠤ ᠪᠠᠶᠢᠩᠭᠤ ᠰᠠᠭᠤᠭ᠎ᠠ ᠰᠠᠭᠤᠭᠠᠯᠢ ᠠᠷᠠᠳ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠴᠡᠭ ᠤᠨ1.5 ᠳᠡᠭᠡᠭᠦᠷ ᠪᠠᠶᠢᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠬᠥᠮᠦᠨ ᠪᠦᠷᠢ ᠶᠢᠨ ᠳᠤᠮᠳᠠᠴᠢ ᠶᠢᠨ ᠣᠷᠣᠯᠭ᠎ᠠ ᠶᠢᠨ ᠬᠠᠷᠢᠴᠠᠯ ᠨᠢ 2 .3 ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.1 ᠪᠠᠭᠠᠰᠤᠭᠰᠠᠨ ᠪᠠᠶᠢᠨ᠎ᠠ᠃      ᠬᠥᠲᠥᠯᠥᠭᠴᠢ :      ᠮᠠᠨ ᠤ ᠣᠷᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠪᠠᠶᠢᠳᠠᠯ ᠪᠣᠯ ︽ᠠᠯᠭᠤᠷ ᠳᠤᠮᠳᠠ ᠯᠠᠪᠳᠠᠭᠤᠨ ᠪᠠᠶᠢᠵᠤ ᠂ ᠯᠠᠪᠳᠠᠭᠤᠨ ᠳᠤᠮᠳᠠ ᠤᠷᠤᠭᠰᠢᠯᠠᠬᠤ  ︾᠂ ᠲᠡᠭᠡᠪᠡᠯ ᠳᠣᠣᠷᠠᠳᠤ ᠬᠠᠭᠠᠰ ᠵᠢᠯ ᠳᠤ ᠮᠠᠨ ᠤ ᠣᠷᠣᠨ ᠤ ᠠᠵᠤ ᠠᠬᠤᠶ ᠶᠢᠨ ᠪᠠᠶᠢᠳᠠᠯ ᠦᠷᠭᠦᠯᠵᠢᠯᠡᠨ ᠳᠡᠭᠡᠭᠰᠢᠯᠡᠨ᠎ᠡ ᠦᠦ︖      ᠶᠠᠩ ᠴᠧᠨ ᠬᠤᠸᠠ᠄      ᠳᠣᠣᠷᠠᠳᠤ ᠬᠠᠭᠠᠰ ᠵᠢᠯ ᠳᠤ᠂ ᠤᠯᠤᠰ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂  ᠪᠡᠯᠡ ᠣᠷᠣᠭᠤᠯᠤᠯᠲᠠ ᠶᠢ ᠠᠳᠬᠤᠬᠤ᠂ ᠬᠡᠷᠡᠭᠯᠡᠭᠡ ᠶᠢ ᠥᠷᠭᠡᠳᠬᠡᠬᠦ᠂ ᠭᠠᠶᠢᠯᠢ ᠶᠢ ᠬᠠᠰᠤᠵᠤ ᠰᠦᠢᠳᠬᠡᠯ ᠢ ᠪᠠᠭᠤᠷᠠᠭᠤᠯᠬᠤ ᠵᠡᠷᠭᠡ ᠠᠯᠢ ᠣᠯᠠᠨ ᠲᠣᠭᠲᠠᠭᠤᠨ ᠢᠶᠠᠷ ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠠᠯᠭᠠᠯᠳᠤᠭ᠎ᠠ ᠪᠠᠷ ᠨᠠᠶᠢᠳᠠᠪᠤᠷᠢᠵᠢᠭᠤᠯᠬᠤ ᠶᠢ ᠳᠠᠭᠠᠯᠳᠤᠨ᠂ ᠥᠪᠥᠷ ᠮᠣᠩᠭᠤᠯ ᠤᠨ ᠠᠵᠤ ᠠᠬᠤᠶ ᠶᠢᠨ ᠬᠥᠭᠵᠢᠯᠲᠡ ᠶᠢᠨ ᠳᠠᠯᠳᠠ ᠬᠦᠴᠦᠨ ᠤᠯᠠᠮ ᠨᠢᠭᠡ ᠠᠯᠬᠤᠮ ᠭᠠᠷᠴᠤ ᠢᠷᠡᠬᠦ ᠪᠣᠯᠣᠨ᠎ᠠ᠃ ᠭᠡᠪᠡᠴᠦ ᠤᠯᠠᠮᠵᠢᠯᠠᠯᠲᠤ ᠠᠵᠢᠯ ᠲᠥᠷᠥᠯ ᠤᠨ ᠨᠡᠮᠡᠭᠳᠡᠯ ᠤᠨ ᠬᠥᠳᠡᠯᠭᠡᠬᠦ ᠬᠦᠴᠦᠨ ᠢᠯᠡᠷᠬᠡᠢ ᠪᠠᠭᠤᠷᠠᠵᠤ᠂ ᠳᠣᠲᠣᠭᠠᠳᠤ ᠪᠦᠲᠦᠴᠡ ᠶᠢᠨ ᠴᠢᠨᠠᠷᠲᠠᠶ ᠵᠥᠷᠢᠴᠡᠯ ᠮᠥᠨ ᠬᠦ ᠲᠣᠪᠤᠶᠢᠮ᠎ᠠ ᠪᠠᠶᠢᠵᠤ᠂ ᠰᠢᠨ᠎ᠡ ᠪᠠᠷ ᠪᠣᠢ ᠪᠣᠯᠣᠭᠰᠠᠨ ᠬᠥᠳᠡᠯᠭᠡᠬᠦ ᠬᠦᠴᠦᠨ ᠬᠠᠷᠠᠬᠠᠨ ᠪᠣᠶᠢᠵᠢᠯᠲᠠ ᠶᠢᠨ ᠦᠶ᠎ᠡ ᠳᠡᠭᠡᠨ ᠪᠠᠶᠢᠵᠤ᠂ ᠵᠠᠬ᠎ᠠ ᠳᠡᠯᠭᠡᠭᠦᠷ᠂ ᠠᠵᠤ ᠠᠬᠤᠶᠢᠯᠠᠯ ᠤᠨ ᠡᠵᠡᠩᠨᠡᠯᠲᠡ ᠶᠢᠨ ᠣᠷᠴᠢᠨ ᠠᠬᠤᠢ ᠬᠢᠭᠡᠳ ᠳᠣᠲᠣᠭᠠᠳᠤ ᠬᠡᠷᠡᠭᠴᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠵᠡᠷᠭᠡ ᠲᠠᠯ᠎ᠠ ᠪᠠᠷ ᠨᠡᠯᠢᠶᠡᠳ ᠶᠡᠭᠡ ᠳᠠᠷᠤᠯᠲᠠ ᠣᠷᠣᠰᠢᠬᠤ ᠲᠤᠯᠠ᠂ ᠪᠦᠬᠦ ᠵᠢᠯ ᠤᠨ ᠠᠵᠤ ᠠᠬᠤᠶ ᠦᠷᠭᠦᠯᠵᠢᠯᠡᠨ ᠳᠡᠭᠡᠭᠰᠢᠯᠡᠬᠦ ᠢ ᠪᠡᠶᠡᠯᠡᠭᠦᠯᠬᠦ ᠳᠤ ᠬᠦᠴᠢᠷ ᠨᠡᠯᠢᠶᠡᠳ ᠶᠡᠭᠡ ᠪᠠᠶᠢᠬᠤ ᠪᠣᠯᠣᠨ᠎ᠠ᠃      ᠬᠥᠲᠥᠯᠦᠭᠴᠢ᠄      ᠲᠠᠨ ᠤ ᠬᠡᠯᠡᠭᠰᠡᠨ ︽ᠨᠡᠯᠢᠶᠡᠳ ᠶᠡᠭᠡ ᠳᠠᠷᠤᠯᠲᠠ︾ ᠭᠡᠳᠡᠭ ᠨᠢ ᠠᠯᠢ ᠬᠡᠳᠦᠨ ᠲᠠᠯ᠎ᠠ ᠠᠴᠠ ᠢᠷᠡᠯᠲᠡ ᠲᠠᠢ ᠪᠣᠢ︖      ᠶᠠᠩ ᠴᠧᠨ ᠬᠤᠸᠠ᠄      ᠳᠠᠷᠤᠯᠲᠠ ᠳᠥᠷᠪᠡᠨ ᠲᠠᠯ᠎ᠠ ᠠᠴᠠ ᠢᠷᠡᠯᠲᠡᠢ᠂ ᠳᠠᠷᠤᠯᠲᠠ ᠶᠢᠨ ᠨᠢᠭᠡ ᠢᠷᠡᠯᠲᠡ ᠪᠣᠯ ᠵᠠᠬ᠎ᠠ ᠳᠡᠯᠭᠡᠭᠦᠷ ᠪᠣᠯᠣᠨ᠎ᠠ᠃ ᠡᠨᠧᠷᠭᠢ ᠶᠢᠨ ᠬᠡᠷᠡᠭᠴᠡᠭᠡ ᠱᠠᠭᠠᠷᠳᠠᠯᠭ᠎ᠠ ᠶᠢᠨ ᠪᠥᠲᠦᠴᠡ ᠶᠢᠨ ᠬᠤᠪᠢᠷᠠᠯᠲᠠ ᠮᠡᠳᠡᠭᠳᠡᠮ᠎ᠡ᠂ ᠡᠨᠧᠷᠭᠢ ᠶᠢᠨ ᠬᠡᠷᠡᠭᠴᠡᠭᠡ ᠱᠠᠭᠠᠷᠳᠠᠯᠭ᠎ᠠ ᠶᠢᠨ ᠶᠡᠷᠦᠩᠬᠡᠢ ᠬᠡᠮᠵᠢᠶ᠎ᠡ ᠲᠠᠰᠤᠷᠠᠯᠲᠠ ᠦᠭᠡᠢ ᠪᠠᠭᠤᠷᠠᠵᠤ᠂ ᠰᠢᠨ᠎ᠡ ᠵᠠᠬ᠎ᠠ ᠳᠡᠯᠭᠡᠭᠦᠷ ᠤᠨ ᠲᠡᠩᠴᠡᠭᠦᠷᠢ ᠬᠠᠷᠠᠬᠠᠨ ᠪᠦᠷᠢᠯᠳᠦᠭᠡᠳᠦᠢ ᠪᠠᠶᠢᠭ᠎ᠠ ᠠᠬᠤᠢ ᠪᠠᠶᠢᠳᠠᠯ ᠤᠨ ᠳᠣᠣᠷ᠎ᠠ᠂ ᠪᠥᠬᠦ ᠣᠷᠣᠨ ᠤ ᠭᠤᠣᠯ ᠪᠣᠯᠬᠤ ᠠᠵᠤ ᠦᠢᠯᠡᠳᠪᠦᠷᠢ ᠶᠢᠨ ᠪᠥᠲᠦᠬᠡᠭᠳᠡᠭᠦᠨ ᠤ ᠣᠷᠣᠨ ᠵᠠᠢ ᠤᠯᠠᠮ ᠠᠴᠠ ᠢᠪᠴᠦᠷᠡᠵᠡᠢ᠃ 6 ᠳ᠋ᠤᠭᠠᠷ ᠰᠠᠷ᠎ᠠ ᠳᠤ᠂ PMI ᠢᠯᠡᠳᠬᠡᠭᠴᠢ ᠶᠢ ᠳᠡᠭᠡᠷ᠎ᠡ ᠬᠠᠭᠠᠰ ᠰᠠᠷ᠎ᠠ ᠶᠢᠨ ᠬᠢ  ᠲᠠᠢ ᠬᠠᠷᠢᠴᠠᠭᠤᠯᠪᠠᠯ ᠲᠡᠩᠴᠡᠭᠦᠷᠢ ᠲᠠᠢ ᠪᠠᠶᠢᠵᠤ᠂ ᠰᠢᠨ᠎ᠡ ᠵᠠᠬᠢᠶᠠᠯᠠᠭ᠎ᠠ ᠶᠢᠨ ᠬᠠᠭᠤᠳᠠᠰᠤᠨ ᠤ ᠢᠯᠡᠳᠬᠡᠭᠴᠢ ᠶᠢ ᠳᠡᠭᠡᠷ᠎ᠡ ᠰᠠᠷ᠎ᠠ ᠶᠢᠨ ᠬᠢ ᠲᠠᠢ ᠬᠠᠷᠢᠴᠠᠭᠤᠯᠪᠠᠯ ᠵᠠᠭᠤᠨ ᠤ ᠴᠡᠭ ᠤᠨ 0.5 ᠪᠠᠭᠤᠷᠠᠵᠤ᠂ ᠦᠢᠯᠡᠳᠪᠦᠷᠢᠯᠡᠯ ᠤᠨ ᠢᠯᠡᠳᠬᠡᠭᠴᠢ ᠪᠣᠯᠣᠨ ᠰᠢᠨ᠎ᠡ ᠵᠠᠬᠢᠶᠠᠯᠠᠭ᠎ᠠ ᠶᠢᠨ ᠬᠠᠭᠤᠳᠠᠰᠤᠨ ᠤ ᠢᠯᠡᠳᠬᠡᠭᠴᠢ ᠶᠢᠨ ᠵᠦᠷᠢᠶᠡᠨ ᠤ ᠬᠡᠮᠵᠢᠭᠳᠡᠯ ᠢ ᠳᠡᠭᠡᠷ᠎ᠡ ᠬᠠᠭᠠᠰ ᠰᠠᠷ᠎ᠠ ᠶᠢᠨ ᠬᠢ ᠲᠠᠢ ᠬᠠᠷᠢᠴᠠᠭᠤᠯᠪᠠᠯ ᠵᠠᠭᠤᠨ ᠤ ᠴᠡᠭ ᠤᠨ 0.5 ᠥᠷᠭᠡᠳᠴᠦ᠂ ᠡᠨᠡ ᠨᠢ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠮᠥᠨᠬᠦ ᠪᠠᠭᠤᠷᠠᠢ ᠰᠢᠭ ᠪᠠᠶᠢᠵᠤ᠂ ᠬᠠᠨᠭ᠍ᠭᠠᠯᠭ᠎ᠠ ᠨᠢ ᠬᠡᠷᠡᠭᠴᠡᠭᠡ ᠠᠴᠠ ᠪᠠᠨ ᠬᠠᠨᠳᠤᠭᠰᠠᠨ ᠵᠠᠬ᠎ᠠ ᠳᠡᠯᠭᠡᠭᠦᠷ ᠤᠨ ᠪᠠᠶᠢᠳᠠᠯ ᠬᠤᠪᠢᠷᠠᠭᠠᠭᠠᠳᠤᠢ ᠶᠢ ᠢᠯᠡᠷᠬᠡᠶᠢᠯᠡᠵᠦ ᠪᠠᠶᠢᠨ᠎ᠠ᠃ 2-5 ᠳ᠋ᠤᠭᠠᠷ ᠰᠠᠷ᠎ᠠ ᠪᠣᠯᠲᠠᠯᠠᠬᠢ ᠰᠠᠷ᠎ᠠ ᠪᠦᠷᠢ ᠶᠢᠨ ᠪᠥᠬᠦ ᠣᠷᠣᠨ ᠤ ᠴᠠᠬᠢᠯᠭᠠᠨ ᠭᠠᠷᠭᠠᠭᠰᠠᠨ ᠬᠡᠮᠵᠢᠶ᠎ᠡ᠂ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠶᠢᠨ ᠨᠡᠶᠢᠲᠡ ᠨᠡᠮᠡᠭᠳᠡᠯ ᠤᠨ ᠬᠤᠷᠳᠤᠴᠠ ᠰᠥᠬᠡᠷᠬᠦ ᠬᠡᠪ ᠢᠶᠠᠷ ᠢᠶᠠᠨ ᠪᠠᠶᠢᠵᠤ᠂ ᠮᠠᠨ ᠤ ᠣᠷᠣᠨ ᠤ ᠡᠨᠧᠷᠭᠢ ᠶᠢᠨ ᠬᠥᠨᠳᠥ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢᠨ ᠣᠷᠣᠨ ᠵᠠᠢ ᠦᠷᠭᠦᠯᠵᠢᠯᠡᠨ ᠢᠪᠴᠤᠷᠠᠭᠰᠠᠨ ᠢ ᠬᠠᠷᠠᠭᠤᠯᠵᠤ ᠪᠠᠶᠢᠨ᠎ᠠ᠃ ᠡᠨᠡᠬᠦ ᠨᠥᠯᠦᠭᠡ ᠠᠴᠠ ᠪᠣᠯᠵᠤ᠂ ᠭᠤᠣᠯ ᠪᠣᠯᠬᠤ ᠠᠵᠤ ᠦᠢᠯᠡᠳᠪᠦᠷᠢ ᠶᠢᠨ ᠦᠨ᠎ᠡ ᠬᠠᠨᠭ᠍ᠰᠢ ᠥᠷᠭᠦᠯᠵᠢᠯᠡᠨ ᠳᠣᠷᠣᠭᠰᠢᠯᠠᠪᠠ᠃ 5 ᠳ᠋ᠤᠭᠠᠷ ᠰᠠᠷ᠎ᠠ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ ᠪᠥᠲᠦᠭᠡᠭᠳᠡᠭᠦᠨ ᠤ ᠦᠢᠯᠡᠳᠪᠦᠷᠢ ᠠᠴᠠ ᠭᠠᠷᠭᠠᠬᠤ ᠦᠨ᠎ᠡ ᠶᠢᠨ ᠢᠯᠡᠳᠬᠡᠭᠴᠢ ᠥᠷᠭᠦᠯᠵᠢᠯᠡᠨ 35 ᠰᠠᠷ᠎ᠠ ᠪᠠᠭᠤᠷᠠᠵᠤ᠂ ᠭᠤᠣᠯᠳᠠᠯᠭ᠎ᠠ ᠲᠠᠢ ᠬᠢᠨᠠᠨ ᠬᠡᠮᠵᠢᠭᠰᠡᠨ 30 ᠵᠦᠢᠯ ᠤᠨ ᠭᠤᠣᠯ ᠪᠣᠯᠬᠤ ᠠᠵᠤ ᠦᠢᠯᠡᠳᠪᠦᠷᠢ ᠶᠢᠨ ᠪᠥᠲᠦᠭᠡᠭᠳᠡᠭᠦᠨ ᠳᠤ᠂ ᠠᠳᠠᠯᠢ ᠬᠤᠭᠤᠴᠠᠭᠠᠨ ᠤ ᠬᠢ ᠠᠴᠠ ᠪᠠᠭᠤᠷᠠᠭᠰᠠᠨ ᠠᠵᠤ ᠦᠢᠯᠡᠳᠪᠦᠷᠢ ᠶᠢᠨ ᠪᠥᠲᠦᠭᠡᠭᠳᠡᠭᠦᠨ ᠤ ᠲᠤᠭ᠎ᠠ ᠶᠢᠨ ᠡᠵᠡᠯᠡᠬᠦ ᠬᠠᠷᠢᠴᠠᠯ 80% ᠳᠤ ᠬᠦᠷᠲᠡᠯ᠎ᠡ ᠦᠨᠳᠦᠷ ᠪᠣᠯᠪᠠ᠃ ᠵᠠᠬ᠎ᠠ ᠳᠡᠯᠭᠡᠭᠦᠷ ᠬᠢᠭᠡᠳ ᠦᠨ᠎ᠡ ᠬᠠᠨᠭ᠍ᠰᠢ ᠶᠢᠨ ᠵᠡᠷᠭᠡ ᠳᠡᠭᠡᠨ ᠪᠠᠭᠤᠷᠠᠭᠰᠠᠨ ᠨᠢ ᠠᠵᠤ ᠦᠢᠯᠡᠳᠪᠦᠷᠢ ᠶᠢᠨ ᠪᠥᠲᠦᠭᠡᠭᠳᠡᠭᠦᠨ ᠤ ᠦᠢᠯᠡᠳᠪᠦᠷᠢᠯᠡᠯ ᠪᠣᠷᠤᠯᠠᠭᠤᠯᠤᠯᠲᠠ ᠶᠢᠨ ᠳᠡᠭᠡᠭᠰᠢᠯᠡᠬᠦ ᠣᠷᠣᠨ ᠵᠠᠢ ᠶᠢ ᠲᠦᠢᠯ ᠤᠨ ᠶᠡᠭᠡ ᠪᠠᠷ ᠬᠢᠵᠠᠭᠠᠷᠯᠠᠪᠠ᠃ 5 ᠳ᠋ᠤᠭᠠᠷ ᠰᠠᠷ᠎ᠠ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ ᠨᠡᠮᠡᠭᠳᠡᠯ ᠳᠤ ᠬᠤᠪᠢ ᠨᠡᠮᠡᠷᠢ ᠦᠵᠡᠭᠦᠯᠦᠭᠰᠡᠨ ᠨᠤᠷᠮ᠎ᠠ ᠪᠠᠷ ᠨᠡᠯᠢᠶᠡᠳ ᠦᠨᠳᠦᠷ ᠪᠣᠯᠬᠤ ᠲᠦᠭᠦᠬᠡᠢ ᠨᠡᠭᠦᠷᠡᠰᠦ᠂ ᠴᠠᠬᠢᠯᠭᠠᠨ ᠭᠠᠷᠭᠠᠬᠤ ᠬᠡᠮᠵᠢᠶ᠎ᠡ᠂ ᠲᠦᠭᠦᠬᠡᠢ ᠪᠣᠯᠣᠳ ᠤᠨ ᠭᠠᠷᠤᠯᠲᠠ ᠳᠡᠭᠡᠷ᠎ᠡ ᠵᠢᠯ ᠤᠨ ᠳᠤᠤᠷ᠎ᠠ ᠪᠠᠶᠢᠷᠢ ᠳᠤ ᠪᠠᠶᠢᠭᠰᠠᠨ ᠰᠠᠭᠤᠷᠢᠨ ᠳᠡᠭᠡᠷ᠎ᠡ ᠥᠷᠭᠦᠯᠵᠢᠯᠡᠨ ᠠᠯᠭᠤᠷᠯᠠᠵᠤ᠂ ᠪᠥᠬᠦ ᠣᠷᠣᠨ ᠤ ᠠᠵᠤ ᠠᠬᠤᠢ ᠲᠣᠭᠲᠠᠭᠤᠨ ᠪᠠᠶᠢᠳᠠᠯ ᠳᠠᠭᠠᠨ ᠪᠤᠴᠠᠬᠤ ᠳᠤ ᠨᠡᠯᠢᠶᠡᠳ ᠶᠡᠭᠡ ᠳᠠᠷᠤᠯᠲᠠ ᠪᠤᠢ ᠪᠣᠯᠭᠠᠭᠰᠠᠨ ᠪᠠᠶᠢᠨ᠎ᠠ᠃      ᠶᠠᠩ ᠴᠧᠨ ᠬᠤᠸᠠ᠄      ᠳᠠᠷᠤᠯᠲᠠ ᠬᠤᠶᠠᠷ ᠨᠢ ᠠᠵᠤ ᠠᠬᠤᠶᠢᠯᠠᠯ ᠤᠨ ᠡᠵᠡᠩᠨᠡᠯᠲᠡ ᠬᠦᠴᠢᠷᠳᠡᠯ ᠲᠠᠢ ᠠᠴᠠ ᠢᠷᠡᠯᠲᠡ ᠲᠠᠢ᠃ ᠵᠠᠬ᠎ᠠ ᠳᠡᠯᠭᠡᠭᠦᠷ ᠤᠨ ᠬᠡᠷᠡᠭᠴᠡᠭᠡ  ᠱᠠᠭᠠᠷᠳᠠᠯᠭ᠎ᠠ ᠦᠷᠭᠦᠯᠵᠢᠯᠡᠨ ᠤᠳᠠᠭᠠᠰᠢᠷᠠᠵᠤ᠂ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠦᠨ᠎ᠡ ᠬᠠᠩᠰᠢ ᠪᠠᠭᠤᠷᠠᠭᠰᠠᠨ ᠠᠬᠤᠶ ᠪᠠᠶᠢᠳᠠᠯ ᠤᠨ ᠳᠣᠣᠷ᠎ᠠ᠂ ᠪᠡᠯᠡ ᠮᠥᠩᠭᠦ ᠪᠠᠴᠢᠮ᠂ ᠥᠪᠡᠷ ᠤᠨ ᠥᠷᠲᠡᠭ ᠨᠡᠮᠡᠭᠳᠡᠵᠦ ᠠᠰᠢᠭ ᠣᠷᠣᠯᠭ᠎ᠠ ᠬᠠᠰᠤᠭᠳᠠᠭᠰᠠᠨ ᠳᠠᠷᠤᠯᠲᠠ ᠨᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠬᠢᠵᠠᠭᠠᠷᠯᠠᠵᠤ ᠪᠠᠶᠢᠭ᠎ᠠ ᠴᠢᠬᠤᠯᠠ ᠪᠣᠭᠤᠮᠢ ᠪᠣᠯᠣᠭᠰᠠᠨ ᠪᠠᠶᠢᠨ᠎ᠠ᠃ ᠪᠡᠯᠡ ᠮᠦᠩᠬᠦ ᠶᠢᠨ ᠲᠠᠯ᠎ᠠ ᠠᠴᠠ ᠠᠪᠴᠤ ᠦᠵᠡᠪᠡᠯ᠂ 1-5 ᠳ᠋ᠤᠭᠠᠷ ᠰᠠᠷ᠎ᠠ ᠪᠣᠯᠲᠠᠯ᠎ᠠ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠵᠤ ᠠᠬᠤᠶᠢᠯᠠᠯ ᠤᠨ ᠬᠤᠷᠢᠶᠠᠪᠠᠰᠤ ᠵᠣᠬᠢᠬᠤ ᠠᠪᠴᠠᠭᠠᠨ ᠤ ᠵᠣᠭᠤᠰ ᠤᠨ ᠨᠡᠮᠡᠭᠳᠡᠯ ᠤᠨ ᠬᠤᠷᠳᠤᠴᠠ ᠨᠢ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠴᠡᠭ ᠤᠨ 2 ᠥᠨᠳᠥᠷ ᠪᠠᠶᠢᠵᠤ᠂ ᠠᠵᠤ ᠠᠬᠤᠶᠢᠯᠠᠯ ᠤᠨ ᠠᠰᠢᠭ ᠬᠤᠨᠵᠢᠪᠣᠷᠢ ᠤᠯᠬᠤ ᠴᠢᠳᠠᠪᠤᠷᠢ ᠪᠣᠯᠣᠨ ᠪᠠᠷᠠᠭᠠᠨ ᠤ ᠵᠣᠭᠤᠰ ᠢᠶᠠᠨ ᠡᠭᠡᠭᠦᠯᠦᠨ  ᠠᠪᠴᠢᠷᠠᠬᠤ ᠬᠤᠷᠳᠤᠴᠠ ᠶᠡᠭᠡ ᠬᠡᠮᠵᠢᠶ᠎ᠡ ᠪᠠᠷ ᠪᠠᠭᠤᠷᠠᠪᠠ᠃ ᠡᠭᠦᠨ ᠳᠤ᠂ ᠭᠤᠣᠯᠯᠠᠬᠤ ᠠᠵᠢᠯ ᠲᠥᠷᠥᠯ ᠤᠨ ᠠᠵᠤ ᠠᠬᠤᠶᠢᠯᠠᠯ ᠤᠨ ᠪᠡᠯᠡ ᠮᠥᠩᠭᠦ ᠶᠢᠨ ᠬᠡᠮᠵᠢᠶ᠎ᠡ ᠨᠡᠩ ᠪᠠᠴᠢᠮ ᠪᠣᠯᠵᠤ᠂ ᠨᠡᠭᠦᠷᠡᠰᠦ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠪᠣᠯᠪᠠᠰᠤᠷᠠᠭᠤᠯᠬᠤ ᠵᠡᠷᠭᠡ ᠭᠤᠣᠯᠯᠠᠬᠤ ᠠᠵᠢᠯ ᠲᠥᠷᠥᠯ ᠤᠨ ᠦᠢᠯᠡᠳᠪᠦᠷᠢᠯᠡᠯ ᠪᠣᠷᠣᠯᠠᠭᠤᠯᠭ᠎ᠠ ᠦᠷᠭᠦᠯᠵᠢᠯᠡᠨ ᠥᠭᠡᠳᠡ ᠦᠭᠡᠶ ᠪᠠᠶᠢᠭᠰᠠᠨ ᠠᠴᠠ ᠠᠵᠤ ᠠᠬᠤᠶᠢᠯᠠᠯ ᠤᠨ ᠵᠢᠭᠡᠯᠡᠯᠭᠡ ᠪᠤᠴᠠᠭᠠᠬᠤ ᠴᠢᠳᠠᠪᠤᠷᠢ ᠶᠡᠭᠡ ᠬᠡᠮᠵᠢᠶ᠎ᠡ ᠪᠠᠷ  ᠪᠠᠭᠤᠷᠠᠵᠤ᠂ ᠪᠠᠩᠬᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠡᠳ᠋ ᠬᠥᠷᠥᠩᠭᠡ ᠶᠢᠨ ᠶᠠᠰᠤ ᠴᠢᠨᠠᠷ ᠢ ᠡᠵᠡᠮᠳᠡᠬᠦ ᠳᠠᠪᠬᠤᠷ ᠪᠣᠳᠣᠯᠬᠢᠯᠠᠯ ᠤᠨ ᠡᠭᠦᠳᠡᠨ ᠠᠴᠠ᠂ ᠨᠡᠶᠢᠳᠡᠮ ᠳᠡᠭᠡᠨ ᠰᠢᠨ᠎ᠡ ᠵᠢᠭᠡᠯᠡᠯᠭᠡ ᠲᠠᠯᠪᠢᠬᠤ ᠳᠤᠷ᠎ᠠ ᠦᠭᠡᠢ ᠪᠤᠶᠤ ᠪᠣᠯᠭᠤᠮᠵᠢᠲᠠᠢ ᠵᠢᠭᠡᠯᠡᠯᠭᠡ ᠲᠠᠯᠪᠢᠵᠤ᠂ ᠴᠢᠨᠠᠭᠰᠢᠯᠠᠪᠠᠯ ᠡᠵᠡᠩᠨᠡᠯᠲᠡ ᠳᠤᠨᠢ ᠠᠰᠠᠭᠤᠳᠠᠯ ᠭᠠᠷᠤᠭᠰᠠᠨ ᠠᠵᠤ ᠠᠬᠤᠶᠢᠯᠠᠯ ᠠᠴᠠ ᠵᠢᠭᠡᠯᠡᠭᠦᠯᠦᠭᠰᠡᠨ ᠵᠣᠭᠤᠰ ᠢᠶᠠᠨ ᠤᠷᠢᠳᠴᠢᠯᠠᠨ ᠪᠤᠴᠠᠭᠠᠨ ᠠᠪᠴᠤ᠂ ᠬᠡᠰᠡᠭ ᠠᠵᠢᠯ ᠲᠥᠷᠥᠯ ᠳᠠᠬᠢ ᠵᠢᠭᠡᠯᠡᠯᠭᠡ ᠪᠠᠨ ᠵᠣᠭᠰᠤᠭᠠᠵᠤ᠂ ︽ᠵᠢᠭᠡᠯᠡᠯᠭᠡ ᠲᠠᠯᠪᠢᠬᠤ ᠠᠴᠠ ᠲᠠᠲᠠᠭᠠᠯᠵᠠᠬᠤ᠂ ᠵᠢᠭᠡᠯᠡᠯᠭᠡ ᠲᠠᠯᠪᠢᠬᠤ ᠳᠠᠭᠠᠨ ᠪᠣᠯᠭᠤᠮᠵᠢᠯᠠᠬᠤ᠂ ᠰᠤᠭᠤᠴᠠᠨ ᠵᠢᠭᠡᠯᠡᠯᠭᠡ ᠲᠠᠯᠪᠢᠬᠤ᠂ ᠵᠢᠭᠡᠯᠡᠯᠭᠡ ᠲᠠᠯᠪᠢᠬᠤ ᠪᠠᠨ ᠵᠣᠭᠰᠤᠭᠠᠬᠤ︾ ᠦᠵᠡᠭᠳᠡᠯ ᠤᠯᠠᠮ ᠢᠶᠠᠷ ᠢᠯᠡᠷᠭᠡᠢ ᠪᠣᠯᠪᠠ᠃ ᠣᠳᠣᠬᠠᠨ ᠳᠤ ᠡᠶᠢᠮᠦᠷᠬᠦ ᠠᠵᠢᠯ ᠲᠥᠷᠥᠯ ᠳᠤ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠮᠥᠩᠭᠦ ᠪᠠᠴᠢᠮ ᠪᠠᠶᠢᠬᠤ ᠪᠠᠶᠢᠳᠠᠯ ᠬᠡᠴᠡᠭᠦᠳᠡᠵᠦ᠂ ᠬᠡᠰᠡᠭ ᠲᠣᠯᠣᠭᠠᠶᠢᠯᠠᠭᠴᠢ ᠠᠵᠤ ᠠᠬᠤᠶᠢᠯᠠᠯ᠂ ᠲᠣᠮᠣ ᠬᠡᠯᠪᠡᠷᠢ ᠶᠢᠨ ᠠᠵᠤ ᠠᠬᠤᠶᠢᠯᠠᠯ ᠴᠤ ᠭᠡᠰᠡᠨ ᠪᠡᠯᠡ ᠲᠣᠬᠢᠷᠠᠭᠤᠯᠬᠤ ᠳᠤ ᠨᠡᠩ ᠬᠦᠴᠢᠷ᠂ ᠪᠡᠯᠡ ᠲᠣᠬᠢᠷᠠᠭᠤᠯᠬᠤ ᠳᠤ ᠨᠡᠩ ᠦᠨᠡᠲᠡᠶ ᠪᠠᠶᠢᠬᠤ ᠠᠰᠠᠭᠤᠳᠠᠯ ᠭᠠᠷᠪᠠ᠃ ᠥᠪᠡᠷ ᠤᠨ ᠥᠷᠲᠡᠭ ᠠᠴᠠ ᠠᠪᠴᠤ ᠦᠵᠡᠪᠡᠯ᠂ ᠠᠵᠤ ᠠᠬᠤᠶᠢᠯᠠᠯ ᠤᠨ ᠦᠢᠯᠡᠳᠬᠦᠨ ᠤ ᠵᠠᠬᠢᠶᠠᠯᠠᠭ᠎ᠠ ᠬᠦᠷᠦᠯᠴᠡᠬᠦ ᠦᠭᠡᠢ᠂ ᠦᠢᠯᠡᠳᠪᠦᠷᠢᠯᠡᠬᠦ ᠴᠢᠳᠠᠪᠤᠷᠢ ᠶᠢ ᠭᠦᠢᠴᠡᠳ ᠭᠠᠷᠭᠠᠵᠤ ᠳᠡᠶᠢᠯᠬᠦ ᠦᠭᠡᠢ᠂ ᠮᠡᠷᠭᠡᠵᠢᠯ ᠤᠨ ᠰᠢᠨ᠎ᠡ ᠶᠢ ᠡᠭᠦᠳᠬᠦ ᠶᠢ ᠣᠬᠤᠷ ᠬᠤᠭᠤᠴᠠᠭᠠᠨ ᠳᠤ ᠳᠡᠭᠡᠭᠰᠢᠯᠡᠭᠦᠯᠬᠦ  ᠳᠤ ᠬᠦᠴᠢᠷ ᠪᠠᠶᠢᠬᠤ ᠵᠡᠷᠭᠡ ᠬᠦᠴᠦᠨ ᠵᠦᠢᠯ ᠤᠨ ᠨᠥᠯᠥᠭᠡ ᠶᠢ ᠬᠦᠷᠲᠡᠵᠦ᠂ ᠠᠵᠤ ᠠᠬᠤᠶᠢᠯᠠᠯ ᠤᠨ ᠬᠡᠪᠴᠢᠶ᠎ᠡ ᠬᠢᠭᠡᠳ ᠦᠷ᠎ᠡ ᠠᠰᠢᠭ ᠦᠷᠭᠦᠯᠵᠢᠯᠡᠨ ᠪᠠᠭᠤᠷᠠᠵᠤ᠂ ᠨᠢᠭᠡᠴᠢ ᠥᠪᠡᠷ ᠤᠨ ᠥᠷᠲᠡᠭ ᠲᠥᠷᠭᠡᠨ ᠨᠡᠮᠡᠭᠳᠡᠪᠡ᠃ 1-5 ᠳ᠋ᠤᠭᠠᠷ ᠰᠠᠷ᠎ᠠ ᠪᠣᠯᠲᠠᠯ᠎ᠠ᠂ ᠪᠦᠬᠦ ᠣᠷᠣᠨ ᠤ ᠬᠡᠪᠴᠢᠶᠡᠲᠦ ᠠᠵᠤ ᠦᠢᠯᠡᠳᠪᠦᠷᠢ ᠶᠢᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠥᠪᠡᠷ ᠤᠨ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 2.2% ᠢᠶᠠᠷ ᠨᠡᠮᠡᠭᠳᠡᠵᠦ᠂ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠠᠴᠠ ᠵᠠᠭᠤᠨ ᠤ ᠴᠡᠭ ᠤᠨ 2.4 ᠦᠨᠳᠦᠷ ᠪᠠᠶᠢᠵᠤ︔ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠥᠪᠡᠷ ᠤᠨ ᠥᠷᠲᠡᠭ ᠨᠢ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠶᠢᠨ 84.6 ᠶᠢ ᠡᠵᠡᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠴᠡᠭ ᠤᠨ 2.3 ᠳᠡᠭᠡᠭᠰᠢᠯᠡᠪᠡ᠃ ᠡᠭᠦᠨ ᠠᠴᠠ ᠭᠠᠳᠠᠨ᠎ᠠ᠂ ᠬᠡᠳᠦ᠋ᠢᠪᠡᠷ ᠤᠯᠤᠰ ᠵᠢᠴᠢ ᠮᠠᠨ ᠤ ᠣᠷᠣᠨ ᠭᠠᠶᠢᠯᠢ ᠶᠢ ᠬᠠᠰᠤᠵᠤ ᠰᠦᠢᠳᠬᠡᠯ ᠢ ᠪᠠᠭᠤᠷᠠᠭᠤᠯᠬᠤ  ᠪᠠᠷ  ᠬᠦᠴᠦᠯᠡᠵᠦ ᠪᠠᠶᠢᠭ᠎ᠠ ᠪᠣᠯᠪᠠᠴᠤ ᠬᠡᠰᠡᠭ ᠠᠶᠢᠮᠠᠭ ᠬᠤᠲᠠ ᠡᠳ᠋ ᠤᠨ ᠵᠠᠰᠠᠭ ᠤᠨ ᠣᠷᠣᠯᠭ᠎ᠠ ᠪᠠᠨ ᠨᠡᠮᠡᠭᠳᠡᠭᠦᠯᠬᠦ ᠳᠠᠷᠤᠯᠲᠠ ᠠᠴᠠ ᠪᠣᠯᠵᠤ᠂ ᠨᠢᠭᠡᠨᠲᠡ ᠵᠣᠭᠰᠤᠭᠠᠭᠰᠠᠨ ᠰᠦᠢᠳᠬᠡᠯ ᠢᠶᠠᠨ ᠳᠠᠬᠢᠨ ᠬᠤᠷᠢᠶᠠᠵᠤ᠂ ᠠᠵᠤ ᠠᠬᠤᠶᠢᠯᠠᠯ ᠤᠨ ᠠᠰᠢᠭ ᠬᠤᠨᠵᠢᠪᠣᠷᠢ ᠣᠯᠬᠤ ᠣᠷᠣᠨ ᠵᠠᠶ ᠪᠠᠭᠠᠰᠬᠤ ᠬᠠᠨᠳᠤᠰᠢ  ᠲᠠᠢ ᠪᠣᠯᠣᠭᠠᠳ᠂ 1-5 ᠳ᠋ᠤᠭᠠᠷ ᠰᠠᠷ᠎ᠠ ᠪᠣᠯᠲᠠᠯ᠎ᠠ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠣᠷᠢ 28% ᠪᠠᠷ ᠳᠣᠷᠣᠭᠰᠢᠯᠠᠨ᠂  ᠳᠣᠷᠣᠭᠰᠢᠯᠠᠭᠰᠠᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠴᠡᠭ ᠤᠨ 23.4 ᠥᠷᠭᠡᠳᠪᠡ᠃      ᠳᠠᠷᠤᠯᠲᠠ ᠭᠤᠷᠪᠠ ᠨᠢ ᠪᠡᠯᠡ ᠣᠷᠣᠭᠤᠯᠤᠯᠲᠠ ᠶᠢᠨ ᠰᠡᠯᠭᠦᠬᠦ ᠬᠦᠴᠦᠨ ᠰᠤᠯᠠ ᠳᠣᠷᠣᠢ ᠪᠠᠶᠢᠭ᠎ᠠ ᠠᠴᠠ ᠢᠷᠡᠯᠲᠡ ᠲᠠᠢ᠃ ᠲᠥᠷᠥᠯ ᠵᠦᠢᠯ ᠤᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠮᠥᠨ ᠬᠦ ᠳᠡᠭᠡᠭᠰᠢᠯᠡᠭᠦᠯᠬᠦ ᠴᠢᠬᠤᠯᠠᠲᠠᠢ᠂ ᠪᠡᠯᠡ ᠮᠥᠩᠭᠦ ᠶᠢ ᠪᠠᠲᠤᠯᠠᠬᠤ ᠬᠦᠴᠢᠷ ᠤᠨ ᠬᠡᠮᠵᠢᠶ᠎ᠡ ᠨᠢ ᠶᠡᠭᠡ᠂ ᠪᠡᠯᠡ ᠣᠷᠣᠭᠤᠯᠤᠯᠲᠠ  ᠶᠢ  ᠨᠡᠮᠡᠭᠳᠡᠭᠦᠯᠬᠦ ᠰᠡᠯᠭᠦᠬᠦ ᠬᠦᠴᠦᠨ ᠮᠥᠨ ᠬᠦ ᠢᠯᠡᠳᠲᠡ ᠬᠦᠷᠦᠯᠴᠡᠬᠦ ᠦᠭᠡᠢ ᠪᠠᠶᠢᠨ᠎ᠠ᠃ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠠᠯ᠎ᠠ ᠪᠠᠷ᠂ ᠣᠶᠢᠷ᠎ᠠ ᠶᠢᠨ ᠵᠢᠯ  ᠳᠤ᠂ ᠮᠠᠨ ᠤ ᠣᠷᠣᠨ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠡᠷᠴᠢᠮ ᠢᠶᠠᠨ ᠨᠡᠮᠡᠭᠳᠡᠭᠦᠯᠵᠦ᠂ ᠲᠥᠷᠥᠯ ᠵᠦᠢᠯ ᠢ ᠬᠢᠨᠠᠨ  ᠵᠥᠪᠰᠢᠶᠡᠷᠡᠬᠦ ᠶᠠᠪᠤᠳᠠᠯ ᠠᠯᠬᠤᠮ ᠠᠯᠬᠤᠮ ᠢᠶᠠᠷ ᠳᠦᠭᠦᠮ ᠪᠤᠯᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠳᠡᠭᠡᠭᠰᠢᠯᠡᠯᠲᠡ ᠲᠠᠢ ᠪᠣᠯᠪᠠ᠃ ᠭᠡᠪᠡᠴᠦ᠂ ᠪᠠᠶᠢᠴᠠᠭᠠᠯᠲᠠ ᠪᠠᠷ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠤᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠣᠪᠣᠷᠠᠯ ᠨᠢ ᠮᠦᠨᠬᠦ ᠭᠠᠵᠠᠷ ᠰᠢᠷᠣᠶ ᠂ ᠣᠷᠴᠢᠨ ᠲᠣᠭᠤᠷᠢᠨ ᠳᠤ ᠦᠵᠡᠭᠦᠯᠬᠦ ᠨᠥᠯᠦᠭᠡ  ᠶᠢᠨ ᠦᠨᠡᠯᠡᠯᠲᠡ ᠵᠡᠷᠭᠡ ᠨᠢ ᠬᠢᠨᠠᠨ ᠵᠥᠪᠰᠢᠶᠡᠷᠡᠬᠦ ᠳᠤ ᠬᠦᠴᠢᠷᠲᠠᠢ ᠪᠠᠶᠢᠬᠤ ᠶᠠᠪᠤᠳᠠᠯ ᠣᠷᠣᠰᠢᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠭᠰᠠᠨ ᠤ ᠳᠠᠷᠠᠭ᠎ᠠ ᠣᠷᠣᠨ ᠨᠤᠲᠤᠭ ᠤᠨ ᠢᠵᠢ ᠪᠦᠷᠢᠳᠦᠭᠦᠯᠦᠭᠰᠡᠨ ᠲᠥᠷᠥ ᠶᠢᠨ ᠪᠣᠳᠣᠯᠭ᠎ᠠ ᠵᠣᠬᠢᠴᠠᠩᠭᠤᠢ ᠪᠤᠰᠤ ᠪᠠᠶᠢᠬᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠭᠤᠯᠭ᠎ᠠ ᠳᠤᠨᠢ ᠬᠠᠷᠢᠯᠴᠠᠨ ᠤᠭᠲᠤᠪᠤᠷᠢ ᠪᠣᠯᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ︔ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠤᠨ ᠲᠥᠷᠥᠯ ᠵᠦᠢᠯ ᠢ ᠬᠢᠨᠠᠨ ᠵᠥᠪᠰᠢᠶᠡᠷᠡᠬᠦ ᠭᠤᠭᠴᠤᠭ᠎ᠠ ᠳᠤ ︽ᠵᠣᠬᠢᠴᠠᠯᠳᠤᠬᠤ ᠦᠭᠡᠢ ᠪᠠᠶᠢᠬᠤ︾᠂ ︽ᠬᠥᠳᠡᠯᠦᠯᠴᠡᠬᠦ ᠦᠭᠡᠢ ᠪᠠᠶᠢᠬᠤ︾᠂ ︽ᠬᠤᠭᠤᠰᠣᠨ ᠪᠠᠶᠢᠬᠤ︾ ᠵᠡᠷᠭᠡ ᠭᠡᠮ ᠣᠷᠣᠰᠢᠵᠤ᠂ ᠬᠢᠨᠠᠨ ᠵᠥᠪᠰᠢᠶᠡᠷᠡᠬᠦ ᠴᠠᠭ ᠢ ᠤᠷᠲᠤᠳᠬᠠᠨ᠂ ᠪᠡᠯᠡ ᠤᠷᠤᠭᠤᠯᠵᠤ ᠪᠦᠲᠦᠭᠡᠨ  ᠪᠠᠶᠢᠭᠤᠯᠬᠤ ᠠᠬᠢᠴᠠ ᠶᠢ ᠨᠦᠯᠦᠭᠡᠯᠡᠨ᠂ ᠮᠥᠨ ᠴᠦ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠠᠯᠳᠠᠭᠤᠯᠵᠤ ᠪᠠᠶᠢᠨ᠎ᠠ᠃ ᠪᠡᠯᠡ ᠮᠥᠩᠭᠦ ᠶᠢᠨ ᠪᠠᠲᠤᠯᠠᠭ᠎ᠠ ᠶᠢᠨ ᠲᠠᠯ᠎ᠠ ᠪᠠᠷ᠂ ᠠᠵᠤ ᠠᠬᠤᠶ ᠶᠢᠨ ᠳᠣᠷᠣᠶᠢᠲᠠᠯ ᠂ ᠠᠵᠤ ᠠᠬᠤᠶᠢᠯᠠᠯ ᠤᠨ ᠡᠵᠡᠩᠨᠡᠯᠲᠡ ᠶᠢᠨ ᠬᠦᠴᠢᠷᠳᠡᠯ ᠬᠤᠷᠴᠠᠳᠤᠭᠰᠠᠨ ᠵᠡᠷᠭᠡ ᠬᠦᠴᠦᠨ ᠵᠦᠢᠯ ᠤᠨ ᠨᠥᠯᠥᠭᠡ ᠶᠢ ᠬᠦᠷᠲᠡᠨ᠂ ᠪᠠᠩᠬᠢ ᠶᠢᠨ ᠵᠢᠭᠡᠯᠡᠯᠭᠡ ᠪᠠᠷ ᠳᠡᠮᠵᠢᠬᠦ ᠴᠢᠳᠠᠪᠤᠷᠢ ᠳᠣᠷᠣᠭᠰᠢᠯᠠᠵᠤ᠂ ᠪᠡᠯᠡ ᠣᠷᠣᠭᠤᠯᠤᠯᠲᠠ ᠨᠢ ᠪᠣᠳᠠᠲᠠᠶᠢᠵᠢᠭᠰᠠᠨ ᠪᠡᠯᠡ ᠮᠥᠩᠭᠦ ᠳᠠᠬᠢ ᠤᠯᠤᠰ ᠤᠨ  ᠲᠣᠳᠣᠭᠠᠳᠤ ᠶᠢᠨ ᠵᠢᠭᠡᠯᠡᠯᠭᠡ ᠶᠢᠨ ᠬᠡᠪᠴᠢᠶ᠎ᠡ ᠶᠡᠭᠡ ᠪᠠᠷ ᠪᠠᠭᠠᠰᠴᠤ᠂ 1-5 ᠳ᠋ᠤᠭᠠᠷ ᠰᠠᠷ᠎ᠠ ᠪᠣᠯᠲᠠᠯ᠎ᠠ ᠤᠯᠤᠰ ᠤᠨ ᠳᠣᠲᠣᠭᠠᠳᠤ ᠶᠢᠨ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠴᠡᠭ ᠤᠨ  39  ᠪᠠᠭᠤᠷᠠᠪᠠ᠃ ᠠᠵᠤ ᠦᠢᠯᠡᠰ ᠤᠨ ᠠᠰᠢᠭ ᠬᠤᠨᠵᠢᠪᠣᠷᠢ ᠶᠢᠨ ᠳᠤᠮᠳᠠᠴᠢ ᠨᠣᠷᠮ᠎ᠠ ᠪᠠᠭᠤᠷᠠᠭᠰᠠᠨ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠬᠤᠷᠢᠭ᠎ᠠ ᠨᠡᠯᠢᠶᠡᠳ ᠠᠷᠪᠢᠨ ᠨᠡᠯᠢᠶᠡᠳ ᠥᠨᠳᠥᠷ᠂ ᠠᠷᠠᠳ ᠤᠨ ᠬᠥᠷᠥᠩᠭᠡ ᠪᠡᠯᠡ ᠣᠷᠣᠭᠤᠯᠤᠯᠲᠠ ᠶᠢᠨ ᠠᠰᠢᠭ ᠤᠯᠬᠤ ᠬᠤᠭᠤᠴᠠᠭ᠎ᠠ ᠨᠢ ᠣᠷᠳᠣ ᠲᠥᠷᠥᠯ ᠵᠦᠢᠯ ᠳᠤ ᠣᠷᠣᠯᠴᠠᠬᠤ ᠬᠦᠰᠡᠯ ᠰᠠᠨᠠᠭ᠎ᠠ ᠨᠢ ᠳᠣᠣᠷ᠎ᠠ ᠵᠡᠷᠭᠡ ᠬᠦᠴᠦᠨ ᠵᠦᠢᠯ ᠤᠨ ᠨᠥᠯᠥᠭᠡ ᠶᠢ ᠬᠦᠷᠲᠡᠨ᠂  ᠶᠡᠷᠦᠩᠬᠡᠶ ᠪᠡᠯᠡ ᠣᠷᠣᠭᠤᠯᠤᠯᠲᠠ ᠳᠠᠬᠢ ᠠᠷᠠᠳ ᠤᠨ ᠬᠥᠷᠥᠩᠭᠡ ᠶᠢᠨ ᠬᠤᠪᠢ ᠨᠡᠮᠡᠷᠢ ᠮᠥᠨ ᠬᠦ ᠨᠡᠯᠢᠶᠡᠳ ᠳᠣᠣᠷ᠎ᠠ ᠪᠠᠶᠢᠵᠤ᠂ 1-5 ᠳ᠋ᠤᠭᠠᠷ ᠰᠠᠷ᠎ᠠ ᠪᠣᠯᠲᠠᠯ᠎ᠠ᠂ ᠪᠦᠬᠦ ᠣᠷᠣᠨ ᠤ ᠠᠷᠠᠳ ᠤᠨ ᠬᠦᠷᠦᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ ᠶᠡᠷᠦᠩᠬᠡᠶ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠴᠡᠭ ᠤᠨ 3.1 ᠳᠣᠣᠷ᠎ᠠ ᠪᠣᠯᠪᠠ᠃      ᠳᠠᠷᠤᠯᠲᠠ ᠳᠥᠷᠪᠡ ᠨᠢ ᠬᠡᠷᠡᠭᠯᠡᠭᠡᠨ ᠤ ᠬᠡᠪᠴᠢᠶ᠎ᠡ ᠶᠢᠨ ᠪᠠᠭᠲᠠᠭᠠᠮᠵᠢ ᠶᠢ ᠥᠷᠭᠡᠳᠬᠡᠬᠦ ᠳᠤ  ᠬᠦᠴᠢᠷ ᠪᠠᠶᠢᠭ᠎ᠠ ᠠᠴᠠ ᠢᠷᠡᠯᠲᠡ ᠲᠠᠢ᠃ ᠰᠠᠭᠤᠭᠠᠯᠢ ᠠᠷᠠᠳ ᠤᠨ ᠬᠤᠳᠠᠯᠳᠤᠨ ᠠᠪᠬᠤ ᠴᠢᠳᠠᠪᠤᠷᠢ ᠰᠤᠯᠠᠷᠠᠵᠤ᠂ ᠬᠡᠷᠡᠭᠯᠡᠭᠡᠨ ᠤ ᠬᠦᠰᠡᠯ ᠳᠣᠷᠣᠭᠰᠢᠯᠠᠭᠰᠠᠨ ᠨᠢ ᠬᠡᠷᠡᠭᠯᠡᠭᠡᠨ ᠤ ᠬᠦᠷᠢᠶ᠎ᠡ ᠬᠡᠪᠴᠢᠶ᠎ᠡ ᠶᠢᠨ ᠥᠷᠭᠡᠳᠬᠦ ᠶᠢ ᠬᠢᠵᠠᠭᠠᠷᠯᠠᠪᠠ᠃ 2014 ᠣᠨ ᠠᠴᠠ ᠨᠠᠰᠢ᠂ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠵᠤ᠂ ᠠᠵᠤ ᠠᠬᠤᠶᠢᠯᠠᠯ ᠤᠨ ᠠᠰᠢᠭ ᠬᠤᠨᠵᠢᠪᠣᠷᠢ ᠶᠢᠨ ᠬᠢᠷᠢ ᠬᠡᠮᠵᠢᠶ᠎ᠡ ᠳᠣᠷᠣᠭᠰᠢᠯᠠᠭᠰᠠᠨ ᠵᠡᠷᠭᠡ ᠬᠦᠴᠦᠨ ᠵᠦᠢᠯ ᠤᠨ ᠨᠥᠯᠥᠭᠡ ᠶᠢ ᠬᠦᠷᠲᠡᠭᠡᠳ᠂ ᠪᠦᠬᠦ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠪᠠᠶᠢᠳᠠᠯ ᠠᠯᠭᠤᠷ ᠪᠣᠯᠵᠤ ᠡᠬᠢᠯᠡᠪᠡ᠃ ᠨᠢᠭᠡᠳᠦᠭᠡᠷ ᠤᠯᠠᠷᠢᠯ ᠳᠤ᠂ ᠪᠦᠬᠦ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠲᠤᠰ ᠲᠤᠰ  ᠵᠠᠭᠤᠨ ᠤ ᠴᠡᠭ ᠤᠨ1.2 ᠪᠣᠯᠣᠨ 4.9 ᠪᠠᠭᠤᠷᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠳᠠᠭᠠᠰᠢᠷᠠᠭᠰᠠᠨ ᠨᠢ ᠰᠠᠭᠤᠭᠠᠯᠢ ᠠᠷᠠᠳ ᠤᠨ ᠬᠡᠷᠡᠭᠯᠡᠭᠡᠨ ᠬᠢᠬᠦ ᠴᠢᠳᠠᠪᠤᠷᠢ ᠪᠣᠯᠣᠨ ᠬᠡᠷᠡᠭᠯᠡᠭᠡᠨ ᠬᠢᠬᠦ ᠬᠦᠰᠡᠯ ᠰᠠᠨᠠᠭ᠎ᠠ ᠶᠢ ᠪᠠᠭᠤᠷᠠᠭᠤᠯᠪᠠ᠃ ᠨᠢᠭᠡᠳᠦᠭᠡᠷ ᠤᠯᠠᠷᠢᠯ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠳᠠᠬᠢ ᠠᠮᠢᠳᠤᠷᠠᠯ ᠤᠨ ᠴᠢᠨᠠᠷᠲᠠᠢ ᠬᠡᠷᠡᠭᠯᠡᠭᠡᠨ ᠤ ᠵᠠᠷᠤᠯᠭ᠎ᠠ   ᠶᠢᠨ ᠡᠵᠡᠯᠡᠵᠦ ᠪᠦᠬᠦᠢ ᠬᠤᠪᠢ ᠶᠢᠨ ᠵᠢᠩ ᠨᠢ ᠠᠳᠠᠯᠢ ᠬᠤᠭᠤᠴᠠᠭᠠᠨ ᠤ ᠬᠢ ᠠᠴᠠ ᠲᠤᠰ ᠲᠤᠰ ᠵᠠᠭᠤᠨ ᠤ ᠴᠡᠭ ᠤᠨ0.5 ᠪᠣᠯᠣᠨ 1.2 ᠳᠣᠷᠣᠭᠰᠢᠯᠠᠪᠠ᠃ 1-5 ᠳ᠋ᠤᠭᠠᠷ ᠰᠠᠷ᠎ᠠ ᠪᠣᠯᠲᠠᠯ᠎ᠠ ᠮᠠᠰᠢᠨ ᠲᠡᠷᠭᠡ᠂ ᠴᠢᠯᠠᠭᠤᠨ ᠲᠣᠰᠣ  ᠬᠢᠭᠡᠳ ᠪᠦᠲᠦᠭᠡᠭᠳᠡᠬᠦᠨ ᠤ ᠲᠥᠷᠥᠯ ᠤᠨ ᠬᠡᠷᠡᠭᠯᠡᠭᠡᠨ ᠤ ᠨᠡᠮᠡᠭᠳᠡᠯ ᠤᠨ ᠬᠤᠷᠳᠤᠴᠠ ᠳᠡᠭᠡᠷ᠎ᠡ ᠵᠢᠯ ᠤᠨ ᠳᠣᠣᠷ᠎ᠠ ᠪᠠᠶᠢᠷᠢ ᠳᠤ ᠪᠠᠶᠢᠭᠰᠠᠨ ᠰᠠᠭᠤᠷᠢᠨ ᠳᠡᠭᠡᠷ᠎ᠡ ᠦᠷᠭᠦᠯᠵᠢᠯᠡᠨ ᠵᠠᠭᠤᠨ ᠤ ᠴᠡᠭ ᠤᠨ 8.7 ᠪᠣᠯᠣᠨ 4.5 ᠳᠣᠷᠣᠭᠰᠢᠯᠠᠪᠠ᠃ ᠣᠳᠣᠬᠠᠨ ᠤ ᠮᠠᠨ ᠤ ᠣᠷᠣᠨ ᠤ ᠬᠡᠷᠡᠭᠯᠡᠭᠡ ᠶᠠᠭ ᠬᠦᠳᠡᠯᠭᠡᠬᠦ ᠬᠦᠴᠦᠨ ᠤ ᠰᠣᠯᠢᠭᠳᠠᠯ᠂  ᠭᠠᠴᠢᠭ ᠴᠠᠭ ᠲᠤ ᠣᠷᠣᠰᠢᠵᠤ ᠪᠠᠶᠢᠭ᠎ᠠ ᠠᠴᠠ ᠪᠣᠯᠣᠭᠠᠳ᠂ ᠤᠭ ᠤᠨ ᠪᠠᠶᠢᠭᠰᠠᠨ ᠮᠠᠰᠢᠨ ᠲᠡᠷᠭᠡ᠂ ᠴᠢᠯᠠᠭᠤᠨ ᠲᠣᠰᠣ ᠵᠢᠴᠢ ᠪᠦᠲᠦᠭᠡᠭᠳᠡᠬᠦᠨ᠂ ᠣᠷᠣᠨ ᠰᠠᠭᠤᠴᠠ ᠵᠡᠷᠭᠡ ᠬᠠᠯᠠᠮᠰᠢᠯ ᠲᠠᠢ ᠬᠡᠷᠡᠭᠯᠡᠭᠡ ᠶᠢᠨ ᠨᠡᠮᠡᠭᠳᠡᠯ ᠬᠢᠵᠠᠭᠠᠷᠯᠠᠭᠳᠠᠵᠤ᠂ ᠮᠡᠳᠡᠭᠡ ᠵᠠᠩᠭᠢ᠂ ᠨᠠᠰᠤᠵᠢᠯ ᠤᠨ ᠠᠰᠠᠷᠠᠮᠵᠢ᠂ ᠰᠤᠶᠤᠯ ᠪᠡᠶ᠎ᠡ ᠶᠢᠨ ᠲᠠᠮᠢᠷ ᠵᠡᠷᠭᠡ ᠰᠢᠨ᠎ᠡ ᠪᠠᠷ ᠪᠣᠢ ᠪᠣᠯᠣᠭᠰᠠᠨ ᠬᠡᠷᠡᠭᠯᠡᠭᠡᠨ ᠤ ᠬᠦᠷᠢᠶ᠎ᠡ ᠬᠡᠪᠴᠢᠶ᠎ᠡ ᠶᠢᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠮᠥᠨ ᠬᠦ ᠠᠭᠤᠳᠠᠯᠤᠭᠤᠰᠢᠲᠠᠢ ᠪᠠᠶᠢᠭ᠎ᠠ᠂ ᠪᠦᠬᠦ ᠣᠷᠣᠨ ᠤ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠨᠳᠤᠰᠢ ᠶᠢᠨ ᠴᠢᠨᠠᠷᠲᠠᠶ ᠳᠣᠷᠣᠭᠰᠢᠯᠠᠭᠤᠯᠵᠤ᠂ ᠬᠡᠷᠡᠭᠯᠡᠭᠡ ᠠᠴᠠ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠲᠤᠯᠭᠠᠭᠤᠷᠢᠯᠠᠬᠤ ᠬᠦᠴᠦᠨ ᠢ ᠢᠯᠡᠷᠭᠡᠢ ᠬᠦᠷᠦᠯᠴᠡᠬᠦ ᠦᠭᠡᠢ ᠪᠣᠯᠭᠠᠭᠰᠠᠨ ᠪᠠᠶᠢᠨ᠎ᠠ᠃      ᠬᠦᠲᠦᠯᠦᠭᠴᠢ :      ᠶᠠᠩ ᠡᠷᠬᠢᠯᠡᠭᠴᠢ ᠡ᠂ ᠲᠠᠨ ᠤ ᠵᠢᠱᠢᠬᠦ ᠪᠠᠷ ᠮᠠᠨ ᠤ ᠣᠷᠣᠨ ᠤ ᠳᠣᠣᠷᠠᠳᠤ ᠬᠠᠭᠠᠰ ᠵᠢᠯ ᠤᠨ ᠠᠵᠤ ᠠᠬᠤᠶ ᠶᠢᠨ ᠬᠥᠭᠵᠢᠯ ᠤᠨ ᠪᠠᠶᠢᠳᠠᠯ ᠨᠢ ᠶᠠᠮᠠᠷ ᠪᠤᠶ︖      ᠶᠠᠩ ᠴᠧᠨ ᠬᠤᠸᠠ᠄      2015 ᠣᠨ ᠠᠴᠠ ᠨᠠᠰᠢ᠂ ᠪᠦᠬᠦ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠤᠨ ᠱᠠᠲᠤ ᠦᠶ᠎ᠡ ᠶᠢᠨ ᠴᠢᠨᠠᠷᠲᠠᠶ ᠣᠨᠴᠠᠯᠢᠭ ᠰᠢᠨᠵᠢ ᠨᠡᠩ ᠲᠣᠪᠤᠶᠢᠮ᠎ᠠ ᠢᠯᠡᠷᠡᠵᠦ᠂ ᠠᠵᠤ ᠠᠬᠤᠶ ᠶᠢᠨ ᠠᠵᠢᠯᠯᠠᠭᠠᠨ ᠤ ᠬᠦᠴᠢᠷᠳᠡᠯ ᠪᠠᠭ᠎ᠠ ᠪᠤᠰᠤ ᠪᠤᠢ᠂ ᠭᠡᠪᠡᠴᠦ ᠬᠠᠷᠢᠴᠠᠩᠭᠤᠶ ᠲᠣᠭᠲᠠᠭᠤᠨ ᠬᠤᠷᠸ᠎ᠠ ᠣᠷᠴᠢᠨ ᠠᠬᠤᠢ᠂ ᠣᠯᠠᠨ ᠳᠠᠪᠬᠤᠴᠠᠭᠰᠠᠨ ᠲᠥᠷᠥ ᠶᠢᠨ ᠪᠣᠳᠣᠯᠭ᠎ᠠ ᠶᠢᠨ ᠨᠥᠯᠥᠭᠡᠯᠡᠯ᠂ ᠢᠳᠡᠪᠬᠢᠲᠡᠶ ᠲᠦᠯᠬᠢᠨ ᠠᠬᠢᠭᠤᠯᠤᠭᠰᠠᠨ ᠴᠢᠬᠤᠯᠠ ᠶᠡᠭᠡ ᠲᠥᠷᠥᠯ ᠵᠦᠢᠯ᠂  ᠲᠠᠰᠤᠷᠠᠯᠲᠠ ᠦᠭᠡᠢ ᠰᠢᠯᠢᠳᠡᠭᠵᠢᠭᠦᠯᠦᠭᠰᠡᠨ ᠠᠵᠤ ᠠᠬᠤᠶ ᠶᠢᠨ ᠪᠦᠲᠦᠴᠡ ᠨᠢ ᠮᠠᠨ ᠤ ᠣᠷᠣᠨ ᠤ ᠳᠣᠣᠷᠠᠳᠣ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠠᠬᠤᠢ ᠪᠣᠯᠣᠨ ᠬᠥᠭᠵᠢᠯᠲᠡ ᠶᠢᠨ  ᠰᠢᠨ᠎ᠡ  ᠬᠦᠳᠡᠯᠭᠡᠬᠦ ᠬᠦᠴᠦᠨ ᠬᠠᠩᠭᠠᠬᠤ ᠲᠤᠯᠠ᠂ ᠠᠰᠢᠭᠲᠠᠶ ᠬᠦᠴᠦᠨ ᠵᠦᠢᠯ ᠢ ᠠᠳᠬᠤᠨ᠂ ᠬᠥᠭᠵᠢᠯᠲᠡ ᠶᠢᠨ ᠳᠠᠯᠳᠠ ᠬᠦᠴᠦᠨ ᠢ ᠭᠦᠨ ᠠᠭᠤᠳᠠᠯᠳᠠᠭ ᠶᠤᠮ ᠪᠣᠯ᠂  ᠵᠢᠱᠢᠯᠲᠡ ᠪᠠᠷ ᠳᠣᠣᠷᠠᠳᠤ ᠬᠠᠭᠠᠰ ᠵᠢᠯ ᠤᠨ ᠮᠠᠨ ᠤ ᠣᠷᠣᠨ ᠤ ᠠᠵᠤ ᠠᠬᠤᠶ ᠮᠥᠨ ᠬᠦ ᠠᠯᠭᠤᠷᠯᠠᠬᠤ ᠶᠢᠨ ᠳᠠᠭᠠᠤ ᠳᠤ ᠲᠣᠭᠲᠠᠭᠤᠨ ᠪᠠᠶᠢᠵᠤ᠂ ᠲᠣᠭᠲᠠᠭᠤᠨ ᠪᠠᠶᠢᠬᠤ ᠶᠢᠨ ᠳᠠᠭᠠᠤ ᠤᠷᠤᠭᠰᠢ ᠳᠠᠪᠰᠢᠭᠰᠠᠨ ᠠᠵᠢᠯᠯᠠᠭᠠᠨ ᠤ ᠪᠠᠶᠢᠳᠠᠯ ᠢ ᠪᠠᠲᠤᠯᠠᠬᠤ ᠪᠣᠯᠣᠨ᠎ᠠ᠃      ᠬᠦᠲᠦᠯᠦᠭᠴᠢ᠄      ᠡᠨᠡᠬᠦ ᠠᠵᠢᠯᠯᠠᠭᠠᠨ ᠤ ᠪᠠᠶᠢᠳᠠᠯ ᠢ ᠠᠯᠢ ᠠᠯᠢ ᠲᠠᠯ᠎ᠠ ᠠᠴᠠ ᠣᠯᠵᠤ ᠬᠠᠷᠠᠬᠤ ᠪᠤᠢ︖      ᠶᠠᠩ ᠴᠧᠨ ᠬᠤᠸᠠ᠄      ᠮᠢᠨᠦ ᠦᠵᠡᠬᠦ ᠪᠠᠷ᠂ ᠡᠶᠢᠮᠦᠷᠬᠦ ᠠᠵᠢᠯᠯᠠᠭᠠᠨ ᠤ ᠪᠠᠶᠢᠳᠠᠯ ᠢ ᠳᠣᠣᠷᠠᠬᠢ ᠬᠡᠳᠦᠨ ᠲᠠᠯ᠎ᠠ ᠠᠴᠠ ᠣᠯᠵᠤ ᠬᠠᠷᠠᠬᠤ ᠪᠣᠯᠤᠨ᠎ᠠ᠄      ᠨᠢᠭᠡ ᠳᠤ ᠬᠤᠷᠸ᠎ᠠ ᠠᠵᠤ ᠠᠬᠤᠶ ᠦᠷᠭᠦᠯᠵᠢᠯᠡᠨ ᠲᠣᠭᠲᠠᠭᠤᠨ ᠪᠠᠶᠢᠳᠠᠯ ᠲᠠᠢ ᠪᠠᠶᠢᠵᠤ᠂ ᠪᠦᠬᠦ ᠣᠷᠣᠨ ᠤ ᠠᠵᠤ ᠠᠬᠤᠶ ᠲᠣᠭᠲᠠᠭᠤᠨ ᠪᠠᠶᠢᠬᠤ ᠶᠢᠨ ᠳᠠᠭᠠᠤ  ᠳᠤ ᠰᠠᠶᠢᠵᠢᠷᠠᠵᠤ ᠪᠠᠶᠢᠭ᠎ᠠ ᠪᠠᠶᠢᠳᠠᠯ ᠪᠠᠬᠢᠵᠢᠬᠦ ᠪᠣᠯᠣᠮᠵᠢᠲᠠᠢ ᠪᠠᠶᠢᠨ᠎ᠠ᠃ ᠤᠯᠤᠰ ᠤᠨ ᠳᠣᠲᠣᠭᠠᠳᠤ ᠶᠢᠨ ᠠᠵᠤ ᠠᠬᠤᠶ ᠶᠢᠨ ᠬᠥᠭᠵᠢᠯ ᠤᠨ ᠬᠠᠨᠳᠤᠰᠢ ᠠᠴᠠ ᠦᠵᠡᠪᠡᠯ᠂ ᠪᠦᠬᠦ ᠵᠢᠯ ᠤᠨ ᠠᠵᠤ ᠠᠬᠤᠶ ᠶᠢᠨ ᠠᠵᠢᠯᠯᠠᠭᠠᠨ ᠲᠣᠭᠲᠠᠭᠤᠨ ᠢᠶᠠᠷ ᠭᠤᠣᠯ  ᠪᠣᠯᠭᠠᠭᠰᠠᠨ ᠦᠨᠳᠦᠰᠦᠨ ᠪᠠᠶᠢᠳᠠᠯ ᠢᠶᠠᠨ ᠬᠤᠪᠢᠷᠠᠭᠤᠯᠤᠭᠠᠳᠤᠢ ᠪᠠᠶᠢᠨ᠎ᠠ᠃ 5 ᠳ᠋ᠤᠭᠠᠷ ᠰᠠᠷ᠎ᠠ ᠳᠤ᠂ ᠪᠦᠬᠦ ᠤᠯᠤᠰ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠵᠦ᠂ ᠵᠠᠯᠭᠠᠪᠡᠷ ᠬᠤᠶᠠᠷ ᠰᠠᠷ᠎ᠠ ᠪᠠᠭ᠎ᠠ ᠬᠡᠮᠵᠢᠶ᠎ᠡ ᠪᠠᠷ ᠳᠡᠭᠡᠭᠰᠢᠯᠡᠵᠦ᠂ ᠬᠡᠷᠡᠭᠯᠡᠭᠡ᠂ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢᠨ ᠪᠠᠭᠤᠷᠠᠭᠰᠠᠨ ᠬᠡᠮᠵᠢᠶ᠎ᠡ ᠨᠢ ᠪᠠᠭᠠᠰᠪᠠ᠃  ᠡᠭᠦᠨ ᠤ ᠵᠡᠷᠭᠡᠴᠡᠪᠡᠷ᠂ ᠪᠦᠬᠦ ᠨᠡᠶᠢᠭᠡᠮ ᠤᠨ ᠴᠠᠬᠢᠯᠭᠠᠨ ᠭᠠᠷᠭᠠᠬᠤ ᠬᠡᠮᠵᠢᠶ᠎ᠡ 3.3% ᠪᠠᠷ ᠨᠡᠮᠡᠭᠳᠡᠵᠦ᠂  ᠴᠠᠬᠢᠯᠭᠠᠨ ᠬᠡᠷᠡᠭᠯᠡᠬᠦ ᠬᠡᠮᠵᠢᠶ᠎ᠡ 1.6% ᠪᠠᠷ ᠨᠡᠮᠡᠭᠳᠡᠵᠦ᠂  4 ᠳ᠋ᠦ᠋ᠭᠡᠷ ᠰᠠᠷ᠎ᠠ ᠳᠤ ᠴᠦᠮ ᠰᠥᠭᠡᠷᠭᠦ  ᠠᠴᠠ ᠪᠠᠨ ᠡᠶᠡᠷᠬᠦ  ᠲᠡᠰᠢ  ᠤᠯᠠᠷᠢᠭᠰᠠᠨ ᠰᠠᠭᠤᠷᠢᠨ ᠳᠡᠭᠡᠷ᠎ᠡ ᠤᠯᠠᠮ ᠨᠢᠭᠡ ᠠᠯᠬᠤᠮ ᠳᠡᠭᠡᠭᠰᠢᠯᠡᠪᠡ᠃ 6 ᠳ᠋ᠤᠭᠠᠷ ᠰᠠᠷ᠎ᠠ ᠳᠤ᠂ ᠦᠢᠯᠡᠳᠬᠦ ᠦᠢᠯᠡᠰ ᠤᠨ PMI ᠢᠯᠡᠳᠬᠡᠭᠴᠢ ᠵᠠᠯᠭᠠᠪᠠᠷ ᠳᠥᠷᠪᠡᠨ ᠰᠠᠷ᠎ᠠ ᠮᠠᠨᠳᠤᠵᠤ ᠳᠤᠷᠦ᠋ᠢᠳᠠᠬᠤ ᠵᠠᠭᠠᠭ ᠱᠤᠭᠤᠮ ᠤᠨ ᠳᠡᠭᠡᠷ᠎ᠡ ᠣᠷᠣᠰᠢᠵᠤ᠂ ᠡᠭᠦᠨ ᠳᠤ᠂ ᠦᠢᠯᠡᠳᠪᠦᠷᠢᠯᠡᠯ ᠤᠨ ᠵᠢᠭᠠᠯᠲᠠ ᠲᠤᠭ᠎ᠠ ᠨᠢ ᠳᠡᠭᠡᠷ᠎ᠡ ᠰᠠᠷ᠎ᠠ ᠶᠢᠨ ᠬᠢ ᠠᠴᠠ ᠲᠣᠰ ᠲᠤᠰ  ᠵᠠᠭᠤᠨ ᠤ ᠴᠡᠭ  ᠤᠨ 0.3 ᠪᠣᠯᠣᠨ 0.4 ᠳᠡᠭᠡᠭᠰᠢᠯᠡᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠥᠷᠭᠦᠯᠵᠢᠯᠡᠨ ᠥᠷᠭᠡᠳᠬᠦ ᠪᠠᠶᠢᠳᠠᠯ ᠲᠠᠢ ᠪᠠᠶᠢᠬᠤ ᠶᠢ ᠬᠠᠷᠠᠭᠤᠯᠪᠠ᠃ ᠠᠳᠠᠯᠢ ᠬᠤᠭᠤᠴᠠᠭᠠᠨ ᠳᠤ᠂  ᠦᠢᠯᠡᠳᠪᠦᠷᠢᠯᠡᠬᠦ ᠪᠤᠰᠤ ᠦᠢᠯᠡᠰ ᠤᠨ PMI  ᠳᠡᠭᠡᠷ᠎ᠡ ᠰᠠᠷ᠎ᠠ ᠶᠢᠨ 53.2 ᠪᠠᠶᠢᠭᠰᠠᠨ ᠠᠴᠠ ᠪᠠᠨ 53.8 ᠪᠣᠯᠣᠨ ᠰᠠᠶᠢᠵᠢᠷᠠᠵᠤ᠂ ᠪᠦᠲᠦᠴᠡ ᠶᠢᠨ ᠬᠡᠯᠪᠡᠷᠢ ᠪᠠᠨ  ᠬᠤᠪᠢᠷᠠᠭᠤᠯᠤᠭᠰᠠᠨ ᠦᠷ᠎ᠡ ᠪᠦᠲᠦᠮᠵᠢ ᠢᠯᠡᠳᠲᠡ ᠪᠠᠶᠢᠵᠤ᠂ ᠠᠵᠤ ᠠᠬᠤᠶ ᠶᠢᠨ ᠪᠠᠶᠢᠳᠠᠯ ᠲᠣᠭᠲᠠᠭᠤᠨ ᠪᠠᠶᠢᠬᠤ ᠶᠢᠨ ᠳᠠᠭᠠᠤ ᠳᠤ ᠤᠷᠤᠭᠰᠢ ᠳᠠᠪᠰᠢᠵᠤ  ᠂  ᠵᠢᠱᠢᠯᠲᠡ ᠪᠠᠷ ᠳᠣᠣᠷᠠᠳᠤ ᠬᠠᠭᠠᠰ ᠵᠢᠯ ᠳᠤ ᠮᠠᠨ ᠤ ᠤᠯᠤᠰ ᠤᠨ ᠠᠵᠤ ᠠᠬᠤᠶ ᠲᠣᠭᠲᠠᠭᠤᠨ ᠢᠶᠠᠷ ᠬᠦᠭᠵᠢᠬᠦ ᠪᠠᠶᠢᠳᠠᠯ ᠢᠶᠠᠨ ᠪᠠᠲᠤᠯᠠᠬᠤ ᠪᠣᠯᠣᠨ᠎ᠠ᠃ ᠪᠦᠬᠦ ᠤᠯᠤᠰ ᠤᠨ ᠠᠵᠤ ᠠᠬᠤᠶ ᠲᠣᠭᠲᠠᠭᠤᠨ ᠠᠵᠢᠯᠯᠠᠭᠠᠨ ᠲᠠᠢ ᠪᠠᠶᠢᠬᠤ ᠠᠬᠤᠶ ᠪᠠᠶᠢᠳᠠᠯ ᠤᠨ ᠳᠣᠣᠷ᠎ᠠ᠂ 5 ᠳ᠋ᠤᠭᠠᠷ ᠰᠠᠷ᠎ᠠ ᠳᠤ᠂ ᠮᠠᠨ ᠤ ᠣᠷᠣᠨ ᠤ ᠠᠵᠤ ᠠᠬᠤᠶ ᠶᠢᠨ ᠭᠤᠣᠯ ᠭᠦᠢᠴᠡᠳᠬᠡᠬᠦ ᠲᠤᠭ᠎ᠠ  ᠶᠢ 4 ᠳ᠋ᠦ᠋ᠭᠡᠷ ᠰᠠᠷ᠎ᠠ ᠶᠢᠨ ᠬᠢ ᠲᠠᠢ ᠬᠠᠷᠢᠴᠠᠭᠤᠯᠪᠠᠯ ᠵᠢᠭᠠᠬᠠᠨ ᠳᠡᠭᠡᠭᠰᠢᠯᠡᠵᠦ᠂ ᠰᠡᠭᠦᠯᠴᠢ ᠶᠢᠨ ᠬᠤᠭᠤᠴᠠᠭᠠᠨ ᠳᠤ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠨᠡᠮᠡᠭᠳᠡᠯ ᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠳᠠᠭᠠᠯᠳᠤᠨ᠂ ᠪᠦᠬᠦ ᠣᠷᠣᠨ ᠤ ᠬᠠᠩᠭᠠᠯᠭ᠎ᠠ ᠬᠡᠷᠡᠭᠴᠡᠭᠡ ᠶᠢᠨ ᠦᠨᠳᠦᠰᠦᠨ ᠲᠠᠯ᠎ᠠ ᠳᠤ ᠶᠡᠭᠡ ᠬᠡᠯᠪᠡᠯᠵᠡᠯ ᠦᠭᠡᠢ ᠪᠠᠶᠢᠵᠤ  ᠂ ᠳᠣᠣᠷᠠᠳᠤ ᠬᠠᠭᠠᠰ ᠵᠢᠯ ᠤᠨ ᠠᠵᠤ ᠠᠬᠤᠢ ᠠᠯᠭᠤᠷᠯᠠᠬᠤ ᠶᠢᠨ ᠳᠠᠭᠠᠤ ᠲᠣᠭᠲᠠᠭᠤᠨ ᠪᠠᠶᠢᠳᠠᠯ ᠲᠠᠢ ᠪᠠᠶᠢᠬᠤ ᠳᠤ᠂  ᠲᠣᠭᠲᠠᠭᠤᠨ ᠪᠠᠶᠢᠬᠤ ᠶᠢᠨ ᠳᠠᠭᠠᠤ ᠳᠤ ᠤᠷᠤᠭᠰᠢ ᠳᠠᠪᠰᠢᠭᠰᠠᠨ ᠠᠵᠢᠯᠯᠠᠭᠠᠨ ᠤ ᠪᠠᠶᠢᠳᠠᠯ  ᠢᠶᠠᠨ ᠦᠷᠭᠦᠯᠵᠢᠯᠡᠨ ᠪᠠᠲᠤᠯᠠᠬᠤ ᠪᠣᠯᠣᠨ᠎ᠠ᠃      ᠬᠤᠶᠠᠷ ᠲᠤ ᠬᠤᠷᠸ᠎ᠠ ᠲᠣᠬᠢᠷᠠᠭᠤᠯᠭ᠎ᠠ ᠶᠢᠨ ᠠᠷᠭ᠎ᠠ ᠬᠡᠮᠵᠢᠶ᠎ᠡ ᠦᠷᠭᠦᠯᠵᠢᠯᠡᠨ ᠬᠦᠴᠦᠯᠡᠨ ᠴᠢᠳᠠᠯ ᠢᠶᠠᠨ ᠪᠠᠳᠠᠷᠠᠭᠤᠯᠵᠤ᠂ ᠠᠵᠤ ᠠᠬᠤᠶ ᠪᠠᠭᠤᠷᠠᠬᠤ ᠳᠠᠷᠤᠯᠲᠠ ᠨᠠᠮᠳᠠᠬᠤ  ᠪᠣᠯᠤᠮᠵᠢ ᠲᠠᠢ ᠪᠠᠶᠢᠨ᠎ᠠ᠃  ᠰᠢᠨ᠎ᠡ ᠬᠡᠪ ᠪᠠᠶᠢᠳᠠᠯ ᠳᠣᠣᠷᠠᠬᠢ ᠠᠵᠤ ᠠᠬᠤᠶ ᠶᠢᠨ ᠠᠵᠢᠯᠯᠠᠭᠠᠨ ᠳᠤ ᠭᠠᠷᠤᠭᠰᠠᠨ ᠰᠢᠨ᠎ᠡ ᠪᠠᠶᠢᠳᠠᠯ ᠰᠢᠨ᠎ᠡ ᠠᠰᠠᠭᠤᠳᠠᠯ ᠳᠤ ᠴᠢᠭᠯᠡᠭᠦᠯᠦᠨ᠂ ᠤᠯᠤᠰ ᠬᠢᠭᠡᠳ ᠮᠠᠨ ᠤ ᠣᠷᠣᠨ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠲᠥᠷᠥ ᠶᠢᠨ ᠪᠣᠳᠣᠯᠭ᠎ᠠ ᠪᠣᠯᠣᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠦᠭᠦᠳ ᠢ ᠠᠪᠴᠤ᠂ ᠵᠠᠬ᠎ᠠ ᠳᠡᠯᠭᠡᠭᠦᠷ ᠶᠢᠨ ᠵᠢᠱᠢᠯᠲᠡ ᠢ ᠪᠦᠲᠦᠮᠵᠢᠲᠠᠢ ᠲᠣᠭᠲᠠᠪᠤᠷᠢᠵᠢᠭᠤᠯᠤᠨ᠂ ᠠᠵᠤ ᠠᠬᠤᠶ ᠪᠠᠭᠤᠷᠠᠬᠤ ᠳᠠᠷᠤᠯᠲᠠ ᠶᠢ ᠨᠠᠮᠳᠠᠭᠤᠯᠪᠠ᠃ ᠪᠡᠯᠡ ᠮᠥᠩᠭᠦ ᠶᠢᠨ ᠪᠠᠲᠤᠯᠠᠭ᠎ᠠ ᠶᠢᠨ ᠲᠠᠯ᠎ᠠ ᠪᠠᠷ᠂ ᠡᠨᠡ ᠵᠢᠯ ᠠᠴᠠ ᠨᠠᠰᠢ᠂ ᠤᠯᠤᠰ ᠠᠴᠠ ᠬᠦᠦ ᠮᠥᠩᠭᠦ ᠶᠢ ᠨᠢᠭᠡᠨᠲᠡ ᠭᠤᠷᠪᠠ ᠤᠳᠠᠭ᠎ᠠ ᠪᠠᠭᠤᠷᠠᠭᠤᠯᠤᠨ᠂  ᠪᠠᠷᠢᠮᠵᠢᠶ᠎ᠠ ᠶᠢ ᠭᠤᠷᠪᠠ ᠤᠳᠠᠭ᠎ᠠ ᠳᠣᠷᠣᠭᠰᠢᠯᠠᠭᠤᠯᠵᠤ᠂ ᠮᠠᠨ ᠤ ᠣᠷᠣᠨ ᠤ  ᠦᠢᠯᠡᠳᠪᠦᠷᠢᠯᠡᠬᠦ ᠠᠵᠤ ᠠᠬᠤᠶᠢᠯᠠᠯ ᠤᠨ ᠡᠳ᠋ ᠤᠨ ᠶᠠᠪᠤᠳᠠᠯ ᠪᠣᠯᠣᠨ ᠪᠡᠯᠡ ᠲᠣᠬᠢᠷᠠᠭᠤᠯᠬᠤ ᠥᠪᠡᠷ ᠤᠨ ᠥᠷᠲᠡᠭ ᠤᠨ ᠳᠠᠷᠤᠯᠲᠠ ᠶᠢ ᠵᠣᠬᠢᠬᠤ ᠬᠡᠮᠵᠢᠶ᠎ᠡ ᠪᠠᠷ ᠨᠠᠮᠳᠠᠭᠤᠯᠪᠠ᠃  ᠡᠭᠦᠨ ᠠᠴᠠ ᠭᠠᠳᠠᠨ᠎ᠠ᠂ ᠣᠶᠢᠷ᠎ᠠ ᠳᠤ ᠡᠳ᠋ ᠤᠨ ᠵᠠᠰᠠᠭ ᠤᠨ ᠶᠠᠮᠤᠨ ᠨᠢᠭᠡ ᠲᠦᠮᠡᠨ ᠳ᠋ᠦᠩᠰᠢᠭᠤᠷ ᠲᠥᠭᠦᠷᠢᠭ ᠪᠠᠶᠢᠷᠢᠯᠠᠭᠤᠯᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠦᠯᠡᠳᠡᠵᠦ ᠪᠠᠶᠢᠭ᠎ᠠ ᠥᠭᠴᠡᠭᠡᠨ ᠤ ᠲᠤᠭ᠎ᠠ ᠶᠢ ᠰᠣᠯᠢᠵᠤ᠂ ᠮᠠᠨ ᠤ ᠣᠷᠣᠨ ᠠᠩᠬ᠎ᠠ ᠤᠳᠠᠭ᠎ᠠ ᠪᠡᠶ᠎ᠡ ᠪᠠᠨ ᠳᠠᠭᠠᠭᠠᠵᠤ 294 ᠳ᠋ᠦᠩᠰᠢᠭᠤᠷ ᠲᠥᠬᠦᠷᠢᠭ ᠤᠨ ᠠᠩᠬᠠᠳᠠᠭᠴᠢ ᠪᠦᠯᠦᠭ ᠡᠩ ᠤᠨ ᠵᠢᠭᠡᠯᠡᠯᠭᠡ ᠶᠢᠨ ᠲᠡᠮᠳᠡᠭ ᠲᠠᠷᠬᠠᠭᠠᠵᠤ᠂ ᠮᠠᠨ ᠤ ᠣᠷᠣᠨ ᠤ ᠵᠠᠰᠠᠭ ᠤᠨ ᠣᠷᠳᠣᠨ ᠤ ᠥᠭᠴᠡᠭᠡᠨ ᠤ ᠬᠦᠦ ᠮᠥᠩᠭᠦ ᠶᠢᠨ ᠳᠠᠷᠤᠭᠠᠰᠤ ᠶᠢ ᠪᠦᠲᠦᠮᠵᠢᠲᠠᠢ ᠪᠠᠭᠠᠰᠬᠠᠪᠠ᠃ ᠠᠵᠤ ᠦᠢᠯᠡᠳᠪᠦᠷᠢ ᠶᠢ ᠳᠡᠮᠵᠢᠬᠦ ᠲᠠᠯ᠎ᠠ ᠪᠠᠷ  ᠂ 2015 ᠣᠨ ᠠᠴᠠ ᠨᠠᠰᠢ᠂ ᠤᠯᠤᠰ ᠠᠴᠠ ᠮᠠᠨ ᠤ ᠣᠷᠣᠨ ᠤ ᠳᠠᠪᠠᠭᠤᠯᠢᠭ ᠠᠵᠤ ᠦᠢᠯᠡᠰ ᠯᠦᠭᠡ ᠨᠡᠯᠢᠶᠡᠳ ᠴᠢᠩᠭ᠎ᠠ ᠬᠤᠯᠪᠣᠭᠳᠠᠯᠳᠤ  ᠴᠢᠨᠠᠷᠲᠠᠢ ᠠᠵᠤ ᠦᠢᠯᠡᠰ ᠢ ᠳᠡᠳᠬᠦᠬᠦ ᠲᠥᠷᠥ ᠶᠢᠨ ᠪᠣᠳᠣᠯᠭ᠎ᠠ ᠨᠤᠭᠤᠳ ᠢ ᠵᠠᠯᠭᠠᠪᠡᠷ ᠨᠡᠶᠢᠲᠡᠯᠡᠭᠰᠡᠨ ᠶᠠᠪᠤᠳᠠᠯ ᠨᠢ ᠮᠠᠨ ᠤ ᠣᠷᠣᠨ ᠤ ᠤᠯᠠᠮᠵᠢᠯᠠᠯᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ᠂ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠤᠨ ᠬᠡᠪᠴᠢᠶ᠎ᠡ ᠪᠠᠨ ᠥᠷᠭᠡᠳᠭᠡᠬᠦ ᠳᠤ ᠠᠰᠢᠭ ᠲᠠᠢ ᠪᠣᠯᠪᠠ᠃ ᠲᠥᠷᠥ ᠶᠢᠨ ᠶᠠᠪᠤᠳᠠᠯ ᠤᠨ ᠬᠤᠷᠢᠶ᠎ᠠ ︽ᠳᠤᠮᠳᠠᠳᠤ ᠤᠯᠤᠰ ᠤᠨ ᠦᠢᠯᠡᠳᠪᠦᠷᠢᠯᠡᠪᠡ 2025︾᠂ ︽ᠣᠯᠠᠨ ᠤᠯᠤᠰ ᠤᠨ ᠦᠢᠯᠡᠳᠪᠦᠷᠢᠯᠡᠬᠦ ᠴᠢᠳᠠᠪᠤᠷᠢ ᠪᠣᠯᠣᠨ ᠲᠣᠨᠤᠭ ᠲᠥᠬᠦᠭᠡᠷᠦᠮᠵᠢ ᠦᠢᠯᠡᠳᠬᠦ  ᠬᠠᠮᠲᠤᠷᠠᠯᠴᠠᠭ᠎ᠠ ᠶᠢ ᠲᠦᠯᠬᠢᠨ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠢ ᠨᠡᠶᠢᠲᠡᠯᠡᠭᠰᠡᠨ ᠨᠢ᠂ ᠡᠳ᠋ ᠤᠨ ᠵᠠᠰᠠᠭ ᠭᠠᠶᠢᠯᠢ ᠬᠢᠭᠡᠳ ᠮᠥᠩᠭᠦᠨ ᠭᠦᠢᠯᠭᠡᠭᠡᠨ᠂ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ᠂ ᠵᠠᠬ᠎ᠠ ᠳᠡᠯᠭᠡᠭᠦᠷ ᠲᠤ ᠳᠡᠯᠭᠡᠷᠡᠭᠦᠯᠬᠦ ᠪᠠ ᠨᠡᠭᠡᠭᠡᠯᠲᠡ ᠬᠢᠵᠦ ᠬᠠᠮᠲᠤᠷᠠᠯᠴᠠᠬᠤ ᠵᠡᠷᠭᠡ ᠲᠠᠯ᠎ᠠ ᠠᠴᠠ ᠳᠡᠳᠬᠦᠬᠦ ᠡᠷᠴᠢᠮ ᠢᠶᠠᠨ ᠨᠡᠮᠡᠭᠳᠡᠭᠦᠯᠵᠦ᠂ ᠮᠠᠨ ᠤ ᠣᠷᠣᠨ ᠤ ᠲᠤᠨᠤᠭ ᠲᠦᠬᠦᠭᠡᠷᠦᠮᠵᠢ ᠦᠢᠯᠡᠳᠬᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠠᠰᠢᠭᠲᠠᠶ ᠶᠤᠮ᠃  ᠠᠵᠤ ᠦᠢᠯᠡᠳᠪᠦᠷᠢ  ᠮᠡᠳᠡᠭᠡ ᠵᠠᠩᠭᠢᠵᠢᠯᠲᠠ ᠶᠢᠨ ᠶᠠᠮᠤᠨ᠂ ᠤᠯᠤᠰ ᠤᠨ ᠡᠨᠧᠷᠭᠢ ᠶᠢᠨ ᠲᠣᠪᠴᠢᠶ᠎ᠠ᠂ ᠤᠯᠤᠰ ᠤᠨ ᠭᠡᠷᠡᠴᠢᠯᠡᠵᠦ ᠮᠡᠳᠡᠷᠡᠬᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠬᠠᠮᠲᠤᠷᠠᠨ ︽ᠲᠡᠷᠢᠭᠦᠨ ᠤ ᠭᠡᠷᠡᠯ ᠸᠣᠯᠲ ᠤᠨ ᠮᠡᠷᠭᠡᠵᠢᠯ ᠤᠨ ᠦᠢᠯᠡᠳᠬᠦᠨ ᠤ ᠬᠡᠷᠡᠭᠯᠡᠯᠲᠡ ᠪᠠ ᠠᠵᠤ ᠦᠢᠯᠡᠰ ᠤᠨ ᠳᠡᠰ ᠳᠡᠪᠰᠢᠬᠦ ᠶᠢ ᠲᠦᠯᠬᠢᠨ ᠠᠬᠢᠭᠤᠯᠬᠤ ᠲᠣᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ᠵᠠᠬ᠎ᠠ ᠳᠡᠯᠭᠡᠭᠦᠷ᠂ ᠮᠡᠷᠭᠡᠵᠢᠯ᠂ ᠬᠠᠮᠢᠶᠠᠷᠤᠯᠲᠠ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠠᠴᠠ ᠳᠡᠮᠵᠢᠬᠦ ᠠᠷᠭ᠎ᠠ ᠬᠡᠮᠵᠢᠶ᠎ᠡ ᠶᠢ ᠳᠤᠷᠠᠳᠤᠨ᠂ ᠮᠠᠨ ᠤ ᠣᠷᠣᠨ ᠤ ᠭᠡᠷᠡᠯ ᠸᠣᠯᠲ ᠤᠨ ᠠᠵᠤ ᠠᠬᠤᠶᠢᠯᠠᠯ ᠤᠨ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠬᠦᠴᠦᠲᠡᠢ ᠳᠥᠯᠭᠢᠨ ᠠᠬᠢᠭᠤᠯᠵᠤ᠂ ᠭᠡᠷᠡᠯ ᠸᠣᠯᠲ ᠤᠨ ᠮᠡᠷᠭᠡᠵᠢᠯ ᠤᠨ ᠦᠢᠯᠡᠳᠬᠦᠨ ᠢ ᠬᠡᠷᠡᠭᠯᠡᠬᠦ ᠵᠠᠬ᠎ᠠ ᠳᠡᠯᠭᠡᠭᠦᠷ ᠢ ᠥᠷᠭᠡᠳᠬᠡᠨ᠂ ᠮᠠᠨ ᠤ ᠣᠷᠣᠨ ᠤ ᠴᠡᠪᠡᠷ ᠡᠨᠧᠷᠭᠢ ᠶᠢᠨ ᠰᠠᠭᠤᠷᠢᠨ ᠭᠠᠵᠠᠷ ᠤᠨ ᠬᠡᠪᠴᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠪᠠ᠃ ᠲᠥᠷᠥ ᠶᠢᠨ ᠶᠠᠪᠤᠳᠠᠯ ᠤᠨ ᠬᠤᠷᠢᠶ᠎ᠠ ︽ ︿ᠢᠨᠲ᠋ᠧᠷ ᠰᠦᠯᠵᠢᠶ᠎ᠡ +﹀ ᠠᠵᠢᠯᠯᠠᠭ᠎ᠠ ᠶᠢ ᠢᠳᠡᠪᠬᠢᠲᠡᠶ ᠳᠥᠯᠭᠢᠨ ᠠᠬᠢᠭᠤᠯᠬᠤ ᠲᠣᠬᠠᠢ  ᠵᠢᠯᠣᠭᠤᠳᠬᠤ ᠰᠠᠨᠠᠯ︾᠂ ︽ᠡᠯᠧᠺᠲᠷᠣᠨ ᠬᠤᠳᠠᠯᠳᠤᠭᠠᠨ ᠤ ᠶᠠᠪᠤᠳᠠᠯ ᠢ ᠶᠡᠬᠡᠪᠡᠷ ᠬᠦᠭᠵᠢᠭᠦᠯᠦᠨ ᠠᠵᠤ ᠠᠬᠤᠶ ᠶᠢᠨ ᠰᠢᠨ᠎ᠡ ᠬᠥᠳᠡᠯᠭᠡᠬᠦ ᠬᠦᠴᠦ ᠶᠢ  ᠲᠦᠷᠬᠡᠳᠬᠡᠨ ᠪᠣᠶᠢᠵᠢᠭᠤᠯᠬᠤ ᠲᠤᠬᠠᠶ ᠰᠠᠨᠠᠯ︾ ᠢ ᠨᠡᠶᠢᠲᠡᠯᠡᠵᠦ᠂  ᠬᠦᠭᠵᠢᠯᠲᠡ ᠶᠢᠨ ᠠᠭᠤᠵᠢᠭᠤ ᠣᠷᠴᠢᠨ ᠨᠥᠬᠦᠴᠡᠯ ᠢ ᠪᠣᠢ ᠪᠣᠯᠭᠠᠬᠤ᠂ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠶᠢ ᠠᠬᠢᠭᠤᠯᠬᠤ᠂ ᠬᠡᠯᠪᠡᠷᠢ  ᠪᠠᠨ ᠬᠤᠪᠢᠷᠠᠭᠤᠯᠤᠨ ᠳᠡᠰ ᠳᠡᠪᠰᠢᠭᠦᠯᠬᠦ᠂ ᠪᠠᠷᠠᠭᠠᠨ ᠤ ᠭᠦᠢᠯᠭᠡᠭᠡ ᠶᠢᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠬᠦ ᠵᠡᠷᠭᠡ ᠲᠠᠯ᠎ᠠ ᠠᠴᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ  ᠳᠤᠷᠠᠳᠴᠤ᠂ ᠮᠠᠨ ᠤ ᠣᠷᠣᠨ ᠤ ︽ᠢᠨᠲ᠋ᠧᠷ ᠰᠦᠯᠵᠢᠶ᠎ᠡ +︾ ᠬᠢᠭᠡᠳ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠨᠡᠶᠢᠯᠡᠨ ᠬᠦᠭᠵᠢᠬᠦ ᠶᠢ ᠲᠦᠯᠬᠢᠨ ᠠᠬᠢᠭᠤᠯᠬᠤ᠂ ᠠᠵᠤ ᠠᠬᠤᠶ ᠨᠡᠶᠢᠭᠡᠮ ᠤᠨ ᠡᠯ᠎ᠡ ᠠᠵᠢᠯ ᠲᠥᠷᠥᠯ ᠡᠯ᠎ᠡ ᠬᠦᠷᠢᠶᠡᠨ ᠳᠤ ᠰᠢᠨ᠎ᠡ ᠨᠢᠭᠡᠨ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ  ᠥᠷᠭᠡᠨ ᠢᠶᠠᠷ ᠬᠡᠷᠡᠭᠯᠡᠬᠦ ᠶᠢ ᠠᠬᠢᠭᠤᠯᠬᠤ ᠳᠤ᠂  ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠪ ᠪᠠᠶᠢᠳᠠᠯ᠂ ᠰᠢᠨ᠎ᠡ ᠵᠠᠭᠪᠤᠷ ᠢ ᠪᠣᠶᠢᠵᠢᠭᠤᠯᠤᠨ ᠪᠤᠵᠠᠭᠠᠶᠢᠷᠠᠭᠤᠯᠬᠤ ᠳᠤ ᠠᠰᠢᠭ ᠬᠠᠩᠭᠠᠭᠰᠠᠨ ᠪᠠᠶᠢᠨ᠎ᠠ᠃ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢ ᠬᠦᠴᠦᠯᠡᠨ ᠳᠡᠮᠵᠢᠬᠦ ᠲᠠᠯ᠎ᠠ ᠪᠠᠷ᠂ 6 ᠳ᠋ᠤᠭᠠᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ  ︽ᠨᠡᠮᠡᠭᠳᠡᠯ ᠢ ᠲᠣᠭᠲᠠᠪᠤᠷᠢᠵᠢᠭᠤᠯᠤᠨ ᠥᠭᠡᠷᠡᠴᠢᠯᠡᠯᠲᠡ ᠶᠢ ᠠᠬᠢᠭᠤᠯᠵᠤ ᠪᠦᠲᠦᠴᠡ ᠶᠢ ᠲᠣᠬᠢᠷᠠᠭᠤᠯᠤᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠳᠬᠠᠬᠤ ᠲᠣᠬᠠᠢ ᠰᠠᠨᠠᠯ︾ ᠢ ᠨᠡᠶᠢᠲᠡᠯᠡᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠲᠣᠭᠲᠠᠪᠤᠷᠢᠵᠢᠭᠤᠯᠬᠤ᠂ ᠪᠡᠯᠡ ᠲᠣᠬᠢᠷᠠᠭᠤᠯᠬᠤ ᠠᠷᠭ᠎ᠠ ᠵᠠᠮ ᠢ ᠨᠡᠪᠲᠡᠷᠡᠭᠦᠯᠬᠦ᠂ ᠪᠡᠯᠡ ᠣᠷᠣᠭᠤᠯᠤᠯᠲᠠ ᠶᠢᠨ ᠨᠡᠮᠡᠭᠳᠡᠯ ᠢ ᠲᠣᠭᠲᠠᠭᠤᠨ ᠪᠠᠶᠢᠯᠭᠠᠬᠤ᠂ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠵᠡᠷᠭᠡ ᠲᠠᠯ᠎ᠠ ᠪᠠᠷ ᠠᠵᠤ ᠠᠬᠤᠶᠢᠯᠠᠯ ᠢ  ᠣᠨᠣᠪᠴᠢᠲᠠᠢ ᠲᠡᠮᠵᠢᠵᠦ᠂ ᠮᠠᠨ ᠤ ᠣᠷᠣᠨ ᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠠᠷᠤᠯᠲᠠ ᠶᠢ ᠨᠠᠮᠳᠠᠭᠤᠯᠬᠤ᠂ ᠵᠠᠬ᠎ᠠ ᠳᠡᠯᠭᠡᠭᠦᠷ ᠤᠨ ᠠᠮᠢᠳᠤ ᠰᠣᠷᠭᠤᠭ ᠬᠦᠴᠦᠨ ᠴᠢᠳᠠᠯ ᠢ ᠤᠯᠠᠮ ᠨᠢᠭᠡ ᠠᠯᠬᠤᠮ ᠬᠥᠭᠵᠢᠭᠡᠬᠦ ᠳᠤ ᠬᠦᠴᠦᠨ ᠪᠦᠬᠦᠢ ᠲᠤᠯᠭᠠᠭᠤᠷᠢ ᠬᠠᠩᠭᠠᠭᠰᠠᠨ ᠪᠠᠶᠢᠨ᠎ᠠ᠃ 2015 ᠣᠨ ᠳᠤ᠂ ᠤᠯᠤᠰ ᠠᠴᠠ ︽ᠡᠵᠡᠩᠨᠡᠯᠲᠡ ᠶᠢᠨ ᠭᠠᠶᠢᠯᠢ ᠶᠢ ᠥᠭᠡᠷᠡᠴᠢᠯᠡᠨ ᠥᠷᠲᠡᠭ ᠨᠡᠮᠡᠭᠳᠡᠯ ᠤᠨ ᠭᠠᠶᠢᠯᠢ ᠪᠣᠯᠭᠠᠬᠤ︾ ᠶᠢ ᠪᠦᠷᠢᠨ ᠪᠦᠷᠬᠦᠭᠦᠯᠬᠦ ᠶᠢ ᠥᠷᠭᠦᠯᠵᠢᠯᠡᠨ ᠬᠡᠷᠡᠭᠵᠢᠭᠦᠯᠵᠦ᠂  ᠪᠦᠬᠦ ᠤᠯᠤᠰ ᠲᠤ 9000  ᠠᠴᠠ 1 ᠲᠦᠮᠡᠨ ᠳ᠋ᠦᠩᠰᠢᠭᠤᠷ ᠲᠥᠭᠦᠷᠢᠭ ᠤᠨ ᠭᠠᠶᠢᠯᠢ  ᠬᠠᠰᠤᠬᠤ ᠣᠷᠣᠨ ᠵᠠᠢ ᠶᠢ ᠪᠣᠢ ᠪᠣᠯᠭᠠᠵᠤ᠂ ᠮᠠᠨ ᠤ ᠣᠷᠣᠨ ᠴᠤ ᠲᠤᠰ ᠡᠭᠡᠯᠵᠢ ᠶᠢᠨ ᠡᠳ᠋ ᠤᠨ ᠵᠠᠰᠠᠭ ᠤᠨ ᠭᠠᠶᠢᠯᠢ ᠶᠢᠨ ᠥᠭᠡᠷᠡᠴᠢᠯᠡᠯᠲᠡ ᠶᠢᠨ ᠳᠤᠮᠳᠠ ᠵᠣᠬᠢᠬᠤ ᠬᠡᠪᠴᠢᠶᠡᠨ ᠤ ᠭᠠᠶᠢᠯᠢ ᠬᠠᠰᠤᠬᠤ ᠣᠷᠣᠨ ᠵᠠᠢ ᠶᠢ ᠪᠣᠢ  ᠪᠣᠯᠭᠠᠬᠤ ᠲᠤᠯᠠ᠂ ᠡᠨᠡ ᠨᠢ ᠪᠦᠬᠦ ᠣᠷᠣᠨ ᠤ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢᠨ ᠠᠮᠢᠳᠤ ᠰᠣᠷᠭᠤᠭ ᠬᠦᠴᠦᠨ ᠴᠢᠳᠠᠯ ᠢ ᠭᠦᠢᠴᠡᠳ ᠪᠠᠳᠠᠷᠠᠭᠤᠯᠬᠤ ᠳᠤ ᠠᠰᠢᠭᠲᠠᠢ ᠶᠤᠮ᠃ ᠡᠭᠦᠨ ᠠᠴᠠ ᠭᠠᠳᠠᠨ᠎ᠠ᠂ 2015 ᠣᠨ ᠳᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠥᠷᠭᠦᠯᠵᠢᠯᠡᠨ ᠵᠢᠵᠢᠭ ᠪᠢᠴᠢᠯ ᠠᠵᠤ ᠠᠬᠤᠶᠢᠯᠠᠯ ᠲᠡᠰᠢ ᠬᠡᠯᠪᠡᠶᠢᠯᠭᠡᠵᠦ᠂ ᠤᠯᠤᠰ ᠠᠴᠠ ᠵᠢᠵᠢᠭ ᠪᠢᠴᠢᠯ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠬᠠᠭᠠᠰ ᠢᠶᠠᠷ ᠬᠠᠰᠤᠵᠤ ᠲᠠᠲᠠᠪᠤᠷᠢᠯᠠᠬᠤ ᠶᠢᠨ ᠠᠰᠢᠭ ᠬᠦᠷᠳᠡᠬᠦ ᠬᠡᠪᠴᠢᠶ᠎ᠡ ᠶᠢ ᠥᠷᠭᠡᠳᠬᠡᠵᠦ᠂ ᠥᠪᠡᠷᠲᠡᠭᠡᠨ ᠵᠠᠰᠠᠬᠤ ᠣᠷᠣᠨ  ᠴᠦ ︽ᠵᠢᠵᠢᠭ ᠪᠢᠴᠢᠯ ᠠᠵᠤ ᠠᠬᠤᠶᠢᠯᠠᠯ ᠤᠨ ᠬᠦᠭᠵᠢᠯᠲᠡ ᠪᠠᠨ ᠲᠦᠷᠭᠡᠳᠬᠡᠬᠦ ᠶᠢ ᠤᠯᠠᠮ ᠨᠢᠭᠡ ᠠᠯᠬᠤᠮ ᠳᠡᠳᠬᠦᠬᠦ ᠲᠣᠬᠠᠢ ᠨᠠᠢᠮᠠᠨ ᠵᠣᠷᠪᠤᠰ ᠠᠷᠭ᠎ᠠ ᠬᠡᠮᠵᠢᠶ᠎ᠡ︾ ᠶᠢ ᠨᠡᠶᠢᠲᠡᠯᠡᠵᠦ᠂ ᠪᠦᠬᠦ ᠣᠷᠣᠨ ᠤ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ᠂ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠬᠠᠯᠠᠭᠤᠨ ᠰᠡᠳᠬᠢᠯᠭᠡ ᠶᠢ ᠪᠦᠲᠦᠮᠵᠢᠲᠡᠢ ᠬᠥᠭᠵᠢᠭᠡᠪᠡ᠃      ᠶᠠᠩ ᠴᠧᠨ ᠬᠤᠸᠠ᠄      ᠭᠤᠷᠪᠠ ᠳᠤ ᠲᠦᠷᠦᠯ ᠵᠦᠢᠯ ᠤᠨ ᠪᠦᠲᠦᠭᠡᠨ ᠪᠠᠢᠭᠤᠯᠤᠯᠲᠠ ᠳᠤ ᠬᠤᠷᠳᠤᠨ ᠮᠣᠷᠢᠨ ᠳᠤ ᠲᠠᠰᠢᠭᠤᠷ ᠨᠡᠮᠡᠵᠤ᠂ ᠪᠡᠯᠡ ᠣᠷᠣᠭᠤᠯᠤᠯᠲᠠ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠬᠦᠯᠪᠡ᠃ ᠬᠠᠲᠠᠭᠤ ᠴᠢᠩᠭ᠎ᠠ ᠪᠥᠭᠡᠳ ᠪᠤᠳᠤᠯᠢᠶᠠᠨᠲᠠᠶ ᠵᠠᠬ᠎ᠠ ᠳᠡᠯᠭᠡᠭᠦᠷ ᠤᠨ ᠣᠷᠴᠢᠨ ᠠᠬᠤᠢ ᠳᠤ ᠬᠠᠨᠳᠤᠭᠤᠯᠤᠨ᠂ ᠮᠠᠨ ᠤ ᠣᠷᠣᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠡᠮᠡᠭᠳᠡᠯ ᠢ ᠲᠣᠭᠲᠠᠪᠤᠷᠢᠵᠢᠭᠤᠯᠬᠤ᠂ ᠨᠡᠮᠡᠭᠳᠡᠯ ᠢ ᠪᠠᠲᠤᠯᠠᠬᠤ ᠴᠢᠬᠤᠯᠠ ᠭᠠᠷᠳᠠᠴᠠ ᠪᠣᠯᠭᠠᠨ᠂ ︽2015-2017 ᠤᠨ ᠤ ᠴᠢᠬᠤᠯᠠ ᠶᠡᠭᠡ ᠲᠦᠷᠦᠯ ᠵᠦᠢᠯ ᠢ ᠭᠤᠷᠪᠠᠨ ᠱᠠᠲᠤ ᠪᠠᠷ ᠲᠦᠯᠬᠢᠨ ᠠᠬᠢᠭᠤᠯᠬᠤ ᠲᠥᠯᠥᠪᠯᠡᠭᠡ︾ ᠭᠠᠷᠭᠠᠨ᠂ ᠤᠳᠤᠷᠢᠳᠤᠯᠭ᠎ᠠ ᠨᠠᠷ ᠳᠠᠭᠠᠭᠠᠨ ᠬᠠᠷᠢᠯᠴᠠᠬᠤ ᠠᠵᠢᠯ ᠤᠨ ᠲᠣᠭᠲᠠᠴᠠ ᠪᠠᠶᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠪᠴᠢᠶ᠎ᠡ ᠳᠤ ᠭᠠᠷᠭᠠᠨ᠂ ᠶᠠᠰᠤ ᠴᠢᠨᠠᠷ ᠢ ᠳᠡᠭᠡᠭᠰᠢᠯᠡᠭᠦᠯᠪᠡ᠃ 1-5 ᠳ᠋ᠤᠭᠠᠷ ᠰᠠᠷ᠎ᠠ ᠪᠤᠯᠲᠠᠯ᠎ᠠ᠂ ᠪᠦᠬᠦ ᠣᠷᠣᠨ ᠤ ᠪᠠᠷᠢᠯᠭ᠎ᠠ ᠪᠠᠷᠢᠵᠤ ᠪᠠᠶᠢᠭ᠎ᠠ ᠲᠦᠷᠦᠯ ᠵᠦᠢᠯ 6586 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 223 ᠨᠡᠮᠡᠭᠳᠡᠨ᠂ ᠪᠠᠷᠢᠯᠭ᠎ᠠ ᠪᠠᠷᠢᠵᠤ ᠪᠦᠬᠦᠢ ᠲᠦᠷᠦᠯ ᠵᠦᠢᠯ ᠤᠨ ᠲᠤᠭ᠎ᠠ ᠬᠠᠰᠤᠭᠳᠠᠵᠤ ᠪᠠᠶᠢᠭᠰᠠᠨ ᠠᠴᠠ ᠪᠠᠨ ᠨᠡᠮᠡᠭᠳᠡᠬᠦ ᠪᠤᠯᠪᠠ᠃ ᠭᠤᠤᠯ ᠪᠤᠯᠬᠤ ᠲᠦᠷᠦᠯ ᠵᠦᠢᠯ ᠤᠨ ᠪᠡᠯᠡ ᠤᠷᠤᠭᠤᠯᠤᠯᠲᠠ ᠶᠢᠨ ᠬᠦᠷᠢᠶ᠎ᠡ ᠬᠡᠪᠴᠢᠶ᠎ᠡ ᠠᠴᠠ ᠠᠪᠴᠤ ᠦᠵᠡᠪᠡᠯ᠂ ᠠᠵᠤ ᠦᠢᠯᠡᠳᠪᠦᠷᠢ ᠶᠢᠨ ᠲᠠᠯ᠎ᠠ ᠪᠠᠷ᠂ 1-5 ᠳ᠋ᠤᠭᠠᠷ ᠰᠠᠷ᠎ᠠ ᠪᠤᠯᠲᠠᠯ᠎ᠠ᠂ ᠪᠦᠬᠦ ᠣᠷᠣᠨ ᠤ ᠰᠢᠨ᠎ᠡ ᠪᠠᠷ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠦᠷᠦᠯ ᠵᠦᠢᠯ 801 ᠪᠠᠶᠢᠵᠤ᠂ ᠡᠭᠦᠨ ᠳᠤ ᠰᠢᠨ᠎ᠡ ᠪᠠᠷ ᠪᠠᠶᠢᠭᠤᠯᠤᠭᠰᠠᠨ ᠲᠦᠷᠦᠯ ᠵᠦᠢᠯ 384 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 38 ᠨᠡᠮᠡᠭᠳᠡᠪᠡ᠃ ᠵᠦᠡᠭ ᠬᠤᠸᠠᠨ ᠭᠡᠷᠡᠯ ᠢᠶᠠᠷ ᠴᠠᠬᠢᠯᠭᠠᠨ ᠭᠠᠷᠭᠠᠬᠤ ᠳᠠᠬᠢᠨ ᠡᠭᠦᠰᠴᠦ ᠪᠣᠯᠬᠤ ᠨᠡᠷᠡᠨ ᠡᠨᠧᠷᠬᠢ ᠶᠢᠨ ᠳ᠋ᠢᠶᠠᠨ ᡂᠢ᠂ ᠵᠦᠡᠭ ᠲᠢᠶᠠᠨ ᠡᠾᠧ ᠴᠤᠸᠠᠩ ᠤᠨ 360 ᠲᠦᠮᠡᠨ ᠲᠣᠨ ᠤ ᠨᠡᠭᠦᠷᠡᠰᠦ ᠪᠠᠷ ᠮᠧᠲ᠋ᠢᠯ ᠠᠯᠺᠣᠣᠯ ᠬᠢᠬᠦ ᠵᠡᠷᠭᠡ ᠨᠢᠭᠡ ᠪᠦᠯᠦᠭ ᠴᠢᠬᠤᠯᠠ ᠶᠡᠭᠡ ᠡᠨᠧᠷᠭᠢ᠂ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠤᠳ ᠵᠠᠯᠭ᠎ᠠ ᠵᠠᠯᠭ᠎ᠠ ᠪᠠᠷ ᠠᠰᠢᠭᠯᠠᠯᠲᠠ ᠳᠤ ᠤᠷᠤᠵᠤ ᠦᠷ᠎ᠡ ᠠᠰᠢᠭ ᠭᠠᠷᠭᠠᠨ᠂ ᠮᠠᠨ ᠤ ᠣᠷᠣᠨ ᠤ ᠤᠯᠠᠮᠵᠢᠯᠠᠯᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠲᠤᠯᠭᠠᠭᠤᠷᠢᠯᠠᠬᠤ ᠦᠢᠯᠡᠳᠦᠯ ᠦᠵᠡᠭᠦᠯᠪᠡ᠃ ᠠᠳᠠᠯᠢ ᠬᠤᠭᠤᠴᠠᠭᠠᠨ ᠳᠤ᠂ ᠳ᠋ᠠ ᠷᠦᠢ ᠰᠢᠶᠠᠩ ᠺᠣᠮᠫᠠᠨᠢ 1 ᠳ᠋ᠦᠩᠰᠢᠭᠤᠷ ᠬᠡᠰᠡᠭ ᠪᠢᠳᠤᠷᠢᠶ᠎ᠠ ᠴᠢᠯᠠᠭᠤᠨ ᠴᠣᠩᠬᠤᠨ ᠮᠠᠲ᠋ᠧᠷᠢᠶᠠᠯ᠂ ᠪᠢ ᠶᠠ ᠳ᠋ᠢ ᠰᠢᠨ᠎ᠡ ᠡᠨᠧᠷᠭᠢ ᠶᠢᠨ ᠣᠨᠴᠠ ᠲᠥᠷᠥᠯ ᠤᠨ ᠲᠡᠷᠭᠡ ᠵᠡᠷᠭᠡ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠤᠨ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠠᠬᠢᠴᠠ ᠲᠦᠷᠭᠡᠳᠴᠦ᠂ ᠮᠠᠨ ᠤ ᠣᠷᠣᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠪᠡᠯᠡ ᠣᠷᠣᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠬᠦ᠂ ᠳᠠᠷᠠᠭᠠᠬᠢ ᠱᠠᠲᠤ ᠦᠶ᠎ᠡ ᠶᠢᠨ ᠠᠵᠤ ᠠᠬᠤᠶ ᠶᠢᠨ ᠨᠡᠮᠡᠭᠳᠡᠯ ᠤᠨ ᠨᠦᠬᠡᠴᠡ ᠬᠦᠴᠦᠨ ᠢ ᠴᠢᠩᠭᠠᠷᠠᠭᠤᠯᠬᠤ ᠳᠤ ᠴᠢᠬᠤᠯᠠ ᠠᠬᠢᠭᠤᠯᠬᠤ ᠦᠢᠯᠡᠳᠦᠯ ᠦᠵᠡᠭᠦᠯᠪᠡ᠃ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠢᠭᠤᠯᠤᠯᠲᠠ ᠶᠢᠨ ᠲᠠᠯ᠎ᠠ ᠪᠠᠷ᠂ ᠪᠦᠬᠦ ᠵᠢᠯ ᠤᠨ ᠲᠡᠮᠦᠷ ᠵᠠᠮ ᠤᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ 63᠂ ᠵᠠᠰᠠᠮᠠᠯ ᠵᠠᠮ ᠤᠨ ᠭᠤᠣᠯᠳᠠᠯᠭ᠎ᠠ ᠲᠠᠢ ᠪᠦᠲᠦᠭᠡᠨ ᠪᠠᠢᠭᠤᠯᠤᠯᠲᠠ ᠶᠢᠨ ᠲᠦᠷᠦᠯ ᠵᠦᠢᠯ 28 ᠪᠠᠶᠢᠵᠤ᠂ 1050 ᠳ᠋ᠦᠡᠭᠰᠢᠭᠤᠷ ᠲᠥᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠬᠦ ᠪᠠᠷ ᠲᠦᠯᠦᠪᠯᠡᠪᠡ᠃ ᠮᠸᠡᠭᠰᠢ — ᠲᠢᠶᠠᠨᠵᠢᠨ ᠤ ᠡᠮᠦᠨ᠎ᠡ ᠬᠦᠷᠬᠦ ᠤᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠨᠡᠪᠲᠡᠷᠡᠯ ᠵᠠᠮ ᠤᠯᠤᠰ ᠢᠶᠠᠷ ᠬᠢᠨᠠᠨ ᠵᠦᠪᠰᠢᠶᠡᠷᠡᠭᠦᠯᠦᠭᠡᠳ᠂ ᠰᠢᠯᠢ ᠶᠢᠨ ᠭᠤᠤᠯ ᠠᠴᠠ ᠱᠠᠨᠳᠦ᠋ᠡᠭ ᠬᠦᠷᠬᠦ ᠣᠨᠴᠠ ᠥᠨᠳᠥᠷ ᠬᠦᠴᠦᠳᠡᠯᠲᠦ 2 × 35 ᠲᠦᠮᠡᠨ  ᠺᠢᠯᠤᠸᠠᠲ ᠤᠨ ᠲᠦᠷᠦᠯ ᠵᠦᠢᠯ ᠠᠵᠢᠯ ᠡᠬᠢᠯᠡᠭᠦᠯᠵᠦ᠂ ᠤᠰᠤᠨ ᠠᠰᠢᠭᠯᠠᠯᠲᠠ ᠶᠢᠨ 3 ᠪᠠᠷᠢᠯᠭ᠎ᠠ ᠤᠯᠤᠰ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠲᠦᠷᠦᠯ ᠵᠦᠢᠯ ᠤᠨ ᠠᠵᠢᠯ ᠡᠬᠢᠯᠡᠬᠦ ᠲᠥᠯᠥᠪᠯᠡᠭᠡ ᠳᠤ ᠤᠷᠤᠵᠤ᠂ ᠬᠥᠬᠡᠬᠤᠲᠠ ᠶᠢᠨ ᠵᠢᠮᠲᠤ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠤᠯᠤᠰ ᠤᠨ ᠴᠣᠬᠤᠯᠠᠪᠤᠷᠢ ᠶᠢ ᠤᠯᠪᠠ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠢᠨ ᠲᠤᠰᠠᠳᠠ᠂ ᠮᠠᠨ ᠤ ᠣᠷᠣᠨ ᠨᠢᠭᠡ ᠪᠦᠯᠦᠭ ᠰᠠᠭᠤᠷᠢ ᠪᠡᠯᠡᠳᠭᠡᠮᠵᠢ ᠪᠤᠯᠤᠨ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠵᠠᠯᠭᠠᠭ᠎ᠠ ᠪᠠᠷ ᠡᠬᠢᠯᠡᠭᠦᠯᠦᠨ᠂ ᠳᠤᠤᠷ᠎ᠠ ᠬᠠᠭᠠᠰ ᠵᠢᠯ ᠤᠨ ᠪᠦᠬᠦ ᠣᠷᠣᠨ ᠤ ᠠᠵᠤ ᠠᠬᠤᠶ ᠶᠢᠨ ᠨᠡᠮᠡᠭᠳᠡᠯ ᠢ ᠲᠤᠭᠲᠠᠪᠤᠷᠢᠵᠢᠭᠤᠯᠬᠤ᠂ ᠦᠷᠭᠦᠯᠵᠢᠯᠡᠬᠦ ᠴᠢᠨᠠᠷᠲᠠᠢ ᠬᠦᠭᠵᠢᠯᠲᠡ ᠶᠢ ᠴᠢᠩᠭᠠᠳᠬᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃      ᠶᠠᠩ ᠴᠧᠨ ᠬᠤᠸᠠ᠄      ᠳᠥᠷᠪᠡ ᠳᠤ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠲᠠ ᠶᠢ ᠯᠠᠪᠳᠠᠭᠤᠨ ᠢᠶᠠᠷ ᠠᠬᠢᠵᠤ᠂ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠨᠦᠬᠡᠴᠡ ᠬᠦᠴᠦ ᠴᠢᠩᠭᠠᠷᠠᠪᠠ᠃ ᠤᠳᠤᠬᠠᠨ ᠳᠤ᠂ ᠮᠠᠨ ᠤ ᠣᠷᠣᠨ ᠤ ᠠᠵᠤ ᠠᠬᠤᠶ ᠤᠯᠠᠮᠵᠢᠯᠠᠯᠲᠤ ᠴᠢᠬᠤᠯᠠ ᠬᠦᠴᠦᠨ ᠵᠦᠢᠯ ᠤᠨ ᠲᠤᠭ᠎ᠠ ᠬᠡᠮᠵᠢᠶᠡᠨ ᠤ ᠦᠷᠭᠡᠵᠢᠯ ᠠᠴᠠ ᠪᠠᠨ ᠲᠤᠲᠤᠭᠠᠲᠤ ᠨᠡᠮᠡᠭᠳᠡᠯ ᠤᠨ ᠬᠡᠯᠪᠡᠷᠢ ᠲᠡᠰᠢ ᠬᠤᠪᠢᠷᠠᠬᠤ ᠶᠠᠪᠤᠴᠠ ᠳᠤ ᠪᠠᠶᠢᠵᠤ᠂ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠳᠤ ᠵᠣᠬᠢᠬᠤ ᠬᠡᠮᠵᠢᠶᠡᠨ ᠤ ᠵᠤᠬᠢᠴᠠᠬᠤ ᠴᠢᠨᠠᠷᠲᠠᠢ ᠲᠣᠬᠢᠷᠠᠭᠤᠯᠤᠯᠲᠠ ᠶᠢᠨ ᠪᠠᠭᠤᠷᠠᠯᠲᠠ ᠢᠯᠡᠷᠡᠭᠰᠡᠨ ᠪᠤᠯᠪᠠᠴᠤ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠠᠯᠬᠤᠮ ᠠᠯᠬᠤᠮ ᠢᠶᠠᠷ ᠳᠡᠭᠡᠭᠰᠢᠯᠡᠪᠡ᠃ 2015 ᠣᠨ ᠳᠤ᠂ ᠲᠠᠪᠤᠨ ᠶᠡᠭᠡ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠭᠤᠷᠢᠨ ᠳᠤ᠂ ᠮᠠᠨ ᠤ ᠣᠷᠣᠨ ᠡᠨᠧᠷᠬᠢ ᠂ ᠪᠣᠯᠣᠳ ᠲᠡᠮᠦᠷ᠂ ᠲᠤᠨᠤᠭ ᠲᠦᠭᠦᠭᠡᠷᠦᠮᠵᠢ ᠦᠢᠯᠡᠳᠬᠦ ᠵᠡᠷᠭᠡ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠤᠮᠠᠷᠠᠲᠤ ᠶᠢᠨ ᠬᠦᠨᠳᠦ ᠠᠴᠢᠶᠠᠨ ᠤ ᠮᠠᠰᠢᠨ ᠲᠡᠷᠭᠡᠨ ᠤ ᠬᠤᠪᠢ ᠤᠷᠤᠭᠤᠯᠤᠭᠰᠠᠨ ᠬᠢᠵᠠᠭᠠᠷᠲᠤ ᠺᠤᠮᠫᠠᠨᠢ ᠶᠢᠨ ᠪᠦᠷᠢᠮᠦᠰᠦᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠲᠠᠢ NTE240᠂ 260 ᠴᠠᠬᠢᠯᠭᠠᠨ ᠬᠦᠳᠡᠯᠬᠡᠭᠦᠷᠲᠤ ᠬᠦᠷᠲᠦᠲᠦ ᠦᠪᠡᠷ ᠢᠶᠠᠨ ᠠᠴᠢᠶ᠎ᠠ ᠪᠠᠭᠤᠯᠭᠠᠬᠤ ᠮᠠᠰᠢᠨ ᠲᠡᠷᠭᠡ ᠠᠰᠢᠭᠯᠠᠯᠲᠠ ᠳᠤ ᠤᠷᠤᠵᠤ ᠪᠥᠭᠡᠮ ᠢᠶᠠᠷ ᠦᠢᠯᠡᠳᠪᠦᠷᠢᠯᠡᠨ᠂ ᠬᠤᠤ ᠺᠧ ᠰᠢᠨ᠎ᠡ ᠡᠨᠧᠷᠭᠢ ᠶᠢᠨ 4 ᠲᠦᠮᠡᠨ ᠮᠠᠰᠢᠨ ᠲᠡᠷᠭᠡᠨ ᠤ ᠲᠦᠷᠦᠯ ᠵᠦᠢᠯ ᠢ ᠪᠠᠶᠢᠭᠤᠯᠵᠤ ᠪᠠᠶᠢᠭ᠎ᠠ ᠪᠦᠭᠡᠳ ᠨᠢᠭᠡ ᠪᠦᠯᠦᠭ ᠴᠡᠪᠡᠷ ᠡᠨᠧᠷᠭᠢ ᠶᠢᠨ ᠲᠥᠷᠥᠯ ᠵᠦᠢᠯ ᠨᠢᠭᠡᠨᠲᠡ ᠵᠦᠪᠰᠢᠶᠡᠷᠡᠯ ᠤᠯᠪᠠ᠃ ᠲᠠᠪᠤᠨ ᠶᠡᠭᠡ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠭᠡᠨ ᠠᠬᠢᠬᠤ ᠶᠢ ᠳᠠᠭᠠᠯᠳᠤᠨ᠂ ᠳᠠᠪᠠᠭᠤᠯᠢᠭ ᠪᠦᠬᠦᠢ ᠤᠨᠴᠠᠯᠢᠭᠳᠤ ᠠᠵᠤ ᠦᠢᠯᠡᠰ ᠤᠨ ᠶᠠᠰᠤ ᠴᠢᠨᠠᠷ ᠢᠶᠠᠨ ᠳᠡᠭᠡᠭᠰᠢᠯᠡᠭᠦᠯᠵᠤ ᠦᠷ᠎ᠡ ᠠᠰᠢᠭ ᠢᠶᠠᠨ ᠨᠡᠮᠡᠭᠳᠡᠭᠦᠯᠬᠦ ᠠᠯᠬᠤᠴᠠ ᠲᠦᠷᠭᠡᠳᠴᠦ᠂ ᠪᠦᠬᠦ ᠣᠷᠣᠨ ᠤ ᠠᠵᠤ ᠠᠬᠤᠶ ᠶᠢᠨ ᠰᠠᠭᠤᠷᠢ ᠨᠡᠩ ᠪᠠᠳᠤ ᠪᠠᠬᠢ ᠪᠤᠯᠪᠠ᠃ ᠡᠭᠦᠨ ᠠᠴᠠ ᠭᠠᠳᠠᠨ᠎ᠠ᠂ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠲᠤᠭᠤᠷᠢᠨ ᠳᠤ᠂ ᠮᠠᠨ ᠤ ᠣᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠪᠡᠯᠡ ᠮᠦᠡᠭᠭᠦ ᠣᠷᠣᠭᠤᠯᠬᠤ ᠡᠷᠴᠢᠮ ᠢᠶᠠᠨ ᠲᠠᠰᠤᠷᠠᠯᠲᠠ ᠦᠭᠡᠶ ᠴᠢᠩᠭᠠᠷᠠᠭᠤᠯᠵᠤ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠪᠠᠶᠢᠯᠳᠤᠬᠤ ᠪᠣᠳᠣᠯᠭ᠎ᠠ ᠶᠢᠨ ᠰᠢᠨ᠎ᠡ ᠪᠠᠷ ᠪᠤᠢ ᠪᠤᠯᠤᠭᠰᠠᠨ ᠠᠵᠢᠯ ᠲᠥᠷᠥᠯ ᠤᠨ ᠢᠯᠡᠷᠡᠯ ᠨᠢ ᠲᠣᠪᠤᠶᠢᠮ᠎ᠠ ᠪᠤᠯᠪᠠ᠃ 1-5 ᠳ᠋ᠤᠭᠠᠷ ᠰᠠᠷ᠎ᠠ ᠪᠤᠯᠲᠠᠯ᠎ᠠ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠰᠢᠨ᠎ᠡ ᠮᠡᠷᠭᠡᠵᠢᠯ ᠤᠨ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 21.7% ᠪᠠᠷ ᠨᠡᠮᠡᠭᠳᠡᠵᠤ᠂ ᠬᠤᠪᠣᠷ ᠰᠢᠷᠣᠶ᠂ ᠰᠠᠯᠬᠢᠨ ᠬᠦᠴᠦᠨ ᠤ ᠴᠠᠬᠢᠯᠭᠠᠨ᠂ ᠡᠭᠦᠯᠡᠨ ᠪᠣᠳᠣᠯᠲᠠ᠂ ᠳᠠᠩ ᠲᠠᠯᠠᠰᠲᠤ ᠴᠠᠬᠢᠭᠤᠷ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ  ᠪᠤᠢ ᠪᠤᠯᠤᠭᠰᠠᠨ ᠠᠵᠤ ᠦᠢᠯᠡᠰ ᠤᠨ ᠬᠡᠪᠴᠢᠶ᠎ᠡ ᠪᠦᠬᠦ ᠤᠯᠤᠰ ᠲᠤ ᠲᠡᠷᠢᠭᠦᠯᠡᠵᠦ᠂ ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠭᠤᠤᠯᠳᠠᠯᠭ᠎ᠠ ᠲᠠᠢ ᠤᠷᠤᠭᠤᠯᠤᠯᠲᠠ ᠶᠢᠨ ᠲᠤᠨᠤᠭ ᠲᠦᠬᠦᠬᠡᠷᠦᠮᠵᠢ ᠦᠢᠯᠡᠳᠬᠦ᠂ ᠡᠭᠦᠯᠡᠨ ᠪᠣᠳᠣᠯᠲᠠ ᠪᠤᠯᠤᠨ ᠳᠡᠭᠡᠳᠦ ᠰᠢᠨ᠎ᠡ ᠮᠡᠷᠭᠡᠵᠢᠯ ᠵᠡᠷᠭᠡ ᠰᠢᠨ᠎ᠡ ᠪᠠᠷ ᠪᠤᠢ ᠪᠤᠯᠤᠭᠰᠠᠨ ᠲᠤᠯᠭᠠᠭᠤᠷᠢ ᠠᠵᠤ ᠦᠢᠯᠡᠰ ᠲᠡᠰᠢ ᠭᠤᠤᠯᠳᠠᠯᠭ᠎ᠠ ᠲᠠᠢ ᠤᠷᠤᠭᠤᠯᠬᠤ ᠶᠢ ᠳᠠᠭᠠᠯᠳᠤᠨ᠂ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠤᠨ ᠬᠡᠪᠴᠢᠶᠡᠵᠢᠯᠲᠡ ᠯᠠᠪᠳᠠᠭᠤᠨ ᠢᠶᠠᠷ ᠠᠬᠢᠵᠤ᠂ ᠣᠯᠠᠨ ᠡᠰᠢ ᠪᠠᠷ ᠲᠤᠯᠭᠠᠭᠤᠷᠢᠯᠠᠭᠰᠠᠨ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠲᠦᠷᠭᠡᠨ ᠪᠤᠢ ᠪᠤᠯᠪᠠ᠃ ᠠᠩᠬᠠᠷᠤᠭᠤᠰᠢᠲᠠᠢ ᠨᠢ᠂ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠶᠢ ᠠᠯᠭᠤᠷᠯᠠᠭᠤᠯᠤᠭᠰᠠᠨ ᠳᠠᠷᠤᠯᠲᠠ ᠳᠤ ᠬᠠᠨᠳᠤᠭᠤᠯᠤᠨ᠂ ᠮᠠᠨ ᠤ ᠣᠷᠣᠨ ᠳᠤ ᠨᠢᠭᠡ ᠪᠦᠯᠦᠭ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠲᠠᠢ᠂ ᠵᠠᠬ᠎ᠠ ᠳᠡᠯᠭᠡᠭᠦᠷ ᠤᠨ ᠰᠢᠨ᠎ᠡ ᠬᠡᠷᠡᠭᠴᠡᠭᠡ ᠱᠠᠭᠠᠷᠳᠠᠯᠭ᠎ᠠ ᠪᠠᠷ ᠰᠤᠳᠤᠯᠤᠨ ᠨᠡᠭᠡᠭᠡᠬᠦ ᠳᠤ ᠢᠳᠡᠪᠬᠢᠲᠠᠢ ᠤᠷᠤᠯᠴᠠᠭᠰᠠᠨ ᠠᠵᠤ ᠠᠬᠤᠶᠢᠯᠠᠯ᠂ ᠵᠢᠱᠢᠶᠡᠯᠡᠪᠡᠯ ᠲᠦᠡᠭᠯᠢᠶᠤᠤ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠬᠢᠭᠡᠳ ᠤᠯᠠᠭᠠᠨᠴᠠᠪ ᠠᠶᠢᠮᠠᠬ᠂ ᠰᠢᠯᠢ ᠶᠢᠨ ᠭᠤᠤᠯ ᠠᠶᠢᠮᠠᠭ ᠤᠨ ᠲᠥᠮᠥᠰᠥ ᠲᠠᠷᠢᠬᠤ ᠰᠠᠭᠤᠷᠢᠨ ᠭᠠᠵᠠᠷ ᠵᠡᠷᠭᠡ ᠶᠢᠨ ᠢᠯᠡᠷᠡᠯ ᠨᠢ ᠨᠤᠲᠠᠯᠠᠵᠤ ᠮᠠᠭᠲᠠᠭᠤᠰᠢᠲᠠᠢ ᠪᠠᠶᠢᠨ᠎ᠠ᠂ ᠲᠡᠳᠡ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠦᠵᠡᠯ ᠤᠬᠠᠮᠰᠠᠷ ᠢᠶᠠᠷ ᠨᠡᠯᠢᠶᠡᠳ ᠴᠢᠩᠭ᠎ᠠ ᠪᠥᠭᠡᠳ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠤᠨᠤᠪᠴᠢᠲᠠᠢ ᠡᠵᠡᠮᠰᠢᠵᠤ ᠴᠢᠳᠠᠬᠤ ᠲᠤᠯᠠ᠂ ᠡᠨᠡᠬᠦ ᠡᠭᠡᠯᠵᠢ ᠶᠢᠨ ᠠᠵᠤ ᠠᠬᠤᠶ ᠶᠢᠨ ᠠᠯᠭᠤᠷᠯᠠᠯᠲᠠ ᠠᠴᠠ ᠪᠤᠯᠵᠤ ᠲᠠᠭᠠᠷᠢᠯᠳᠠ ᠳᠤ ᠤᠴᠠᠷᠠᠭᠰᠠᠨ ᠨᠢ ᠤᠯᠠᠮᠵᠢᠯᠠᠯᠲᠤ ᠠᠵᠢᠯ ᠲᠥᠷᠥᠯ ᠠᠴᠠ ᠬᠤᠯᠠ ᠪᠠᠭ᠎ᠠ ᠶᠤᠮ᠂ ᠬᠡᠳᠦ᠋ᠢᠪᠡᠷ ᠣᠳᠣᠬᠠᠨ ᠳᠤ ᠡᠳᠡᠭᠡᠷ ᠠᠵᠤ ᠠᠬᠤᠶᠢᠯᠠᠯ ᠤᠨ ᠣᠯᠠᠩᠬᠢ ᠨᠢ ᠬᠡᠪᠴᠢᠶ᠎ᠡ ᠪᠠᠷ ᠬᠠᠷᠠᠬᠠᠨ ᠪᠠᠭ᠎ᠠ ᠪᠣᠯᠪᠠᠴᠤ ᠮᠠᠨ ᠤ ᠣᠷᠣᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠨᠢᠭᠡᠨ ᠤᠮᠳᠤᠭᠠᠶᠢᠯᠠᠵᠤ ᠪᠤᠯᠤᠰᠢ ᠦᠭᠡᠢ ᠬᠦᠴᠦᠨ ᠪᠤᠯᠤᠭᠰᠠᠨ ᠪᠥᠭᠡᠳ ᠪᠦᠬᠦ ᠣᠷᠣᠨ ᠤ ᠠᠵᠤ ᠠᠬᠤᠶ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠤᠷᠤᠭᠤᠯᠪᠠ᠃      ᠬᠦᠲᠦᠯᠦᠭᠴᠢ᠄      ᠮᠠᠨ ᠤ ᠣᠷᠣᠨ ᠤ ᠡᠶᠢᠮᠦᠷᠬᠦ ᠠᠵᠤ ᠠᠬᠤᠶ ᠶᠢᠨ ᠪᠠᠶᠢᠳᠠᠯ ᠳᠤ ᠠᠷᠭᠠᠴᠠᠬᠤ ᠰᠠᠶᠢᠨ ᠪᠣᠳᠣᠯᠭ᠎ᠠ ᠬᠢᠭᠡᠳ ᠰᠠᠨᠠᠭᠤᠯᠭ᠎ᠠ ᠪᠠᠶᠢᠨ᠎ᠠ ᠤᠤ︖      ᠶᠠᠩ ᠴᠧᠨ ᠬᠤᠸᠠ᠄      ᠮᠢᠨᠤ ᠦᠵᠡᠬᠦ ᠪᠠᠷ ᠳᠤᠤᠷᠠᠬᠢ ᠬᠡᠳᠦᠨ ᠲᠠᠯ᠎ᠠ ᠠᠴᠠ ᠬᠡᠯᠡᠵᠤ ᠪᠤᠯᠤᠨ᠎ᠠ᠃ ︵ᠨᠢᠭᠡ︶ ᠪᠦᠲᠦᠴᠡ ᠶᠢ ᠲᠤᠬᠢᠷᠠᠭᠤᠯᠬᠤ᠂ ᠬᠡᠯᠪᠡᠷᠢ ᠪᠠᠨ ᠬᠤᠪᠢᠷᠠᠭᠤᠯᠬᠤ ᠪᠠᠷ᠂ ᠠᠵᠤ ᠠᠬᠤᠶ ᠶᠢᠨ ᠨᠡᠮᠡᠭᠳᠡᠯ ᠤᠨ ᠰᠢᠨ᠎ᠡ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ      ᠨᠢᠭᠡ ᠳᠤ ᠴᠢᠬᠤᠯᠠ ᠶᠡᠭᠡ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠭᠤᠷᠢᠨ ᠳᠤ᠂ ᠭᠤᠣᠯᠯᠠᠬᠤ ᠠᠵᠤ ᠦᠢᠯᠡᠰ ᠤᠨ ᠲᠤᠯᠭᠠᠭᠤᠷᠢᠯᠠᠬᠤ ᠬᠦᠴᠦᠨ ᠢ ᠴᠢᠩᠭᠠᠷᠠᠭᠤᠯᠤᠨ᠎ᠠ᠃ ᠰᠢᠯᠢ ᠶᠢᠨ ᠭᠤᠤᠯ ᠠᠶᠢᠮᠠᠭ — ᠱᠠᠨᠳᠦ᠋ᠩ ᠬᠦᠷᠬᠦ᠂ ᠰᠢᠯᠢ ᠶᠢᠨ ᠭᠤᠤᠯ ᠠᠶᠢᠮᠠᠭ — ᠵᠢᠶᠠᠩᠰᠦ ᠬᠦᠷᠬᠦ ᠵᠡᠷᠭᠡ ᠳᠥᠷᠪᠡᠨ ᠵᠦᠢᠯ ᠤᠨ ᠣᠨᠴᠠ ᠥᠨᠳᠥᠷ ᠬᠦᠴᠦᠳᠡᠯ ᠤᠨ ᠭᠠᠳᠠᠭᠰᠢ ᠬᠦᠷᠭᠡᠬᠦ ᠨᠡᠪᠲᠡᠷᠡᠯ ᠵᠠᠮ ᠤᠨ ᠪᠦᠲᠦᠭᠡᠨ ᠪᠠᠶᠢᠭᠤᠯᠤᠯᠲᠠ ᠶᠢ ᠠᠰᠢᠭᠯᠠᠨ᠂ ᠣᠷᠣᠨ ᠨᠤᠲᠤᠭ ᠤᠨ ᠨᠡᠭᠦᠷᠡᠰᠦᠨ ᠤ ᠠᠵᠤ ᠠᠬᠤᠶᠢᠯᠠᠯ ᠪᠠ ᠲᠠᠪᠤᠨ ᠶᠡᠭᠡ ᠴᠠᠬᠢᠯᠭᠠᠨ ᠭᠠᠷᠭᠠᠬᠤ ᠺᠣᠮᠫᠠᠨᠢ ᠶᠢᠨ ᠬᠦᠨᠵᠡᠭᠡᠢ ᠬᠤᠷᠰᠢᠯᠴᠠᠭ᠎ᠠ ᠶᠢ ᠲᠦᠯᠬᠢᠨ ᠠᠬᠢᠭᠤᠯᠤᠨ᠎ᠠ᠃ ᠤᠯᠤᠰ ᠠᠴᠠ ᠴᠤᠬᠤᠪᠤᠷᠢᠯᠠᠭᠰᠠᠨ ᠥᠪᠡᠷᠲᠡᠭᠡᠨ ᠵᠠᠰᠠᠬᠤ ᠣᠷᠣᠨ ᠤ ᠮᠸᠡᠭᠰᠢ ᠶᠢᠨ ᠴᠠᠬᠢᠯᠭᠠᠨ ᠤ ᠲᠣᠣᠷ ᠤᠨ ᠳᠠᠮᠵᠢᠭᠤᠯᠵᠤ ᠲᠦᠭᠡᠭᠡᠬᠦ ᠴᠠᠬᠢᠯᠭᠠᠨ ᠤ ᠦᠨ᠎ᠡ ᠶᠢᠨ ᠥᠭᠡᠷᠡᠴᠢᠯᠡᠯᠲᠡ ᠶᠢᠨ ᠲᠤᠷᠰᠢᠯᠲᠠ ᠪᠠᠷ ᠠᠵᠠ ᠲᠣᠬᠢᠶᠠᠯ ᠪᠣᠯᠭᠠᠨ᠂  ᠴᠠᠬᠢᠯᠭᠠᠨ ᠭᠠᠷᠭᠠᠬᠤ ᠲᠠᠯ᠎ᠠ ᠬᠢᠭᠡᠳ ᠪᠣᠷᠣᠯᠠᠭᠤᠯᠬᠤ ᠲᠠᠯ᠎ᠠ ᠶᠢᠨ ᠴᠠᠬᠢᠯᠭᠠᠨ ᠤ ᠦᠨ᠎ᠡ ᠶᠢᠨ ᠵᠠᠬ᠎ᠠ ᠳᠡᠯᠭᠡᠭᠦᠷᠴᠢᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠳ᠋ᠠ ᠯᠤ᠋᠂ ᠱᠠᠩᠬᠤ ᠶᠢᠨ ᠰᠦᠮ᠎ᠡ᠂ ᠢᠮᠢᠨ ᠭᠤᠷᠪᠠᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ︽ᠤᠯᠤᠰ ᠤᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯ ᠤᠨ ᠲᠥᠰᠦᠯ︾ ᠳᠤ ᠤᠷᠤᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦ ᠴᠠᠬᠢᠯᠭᠠᠨ ᠦᠨᠡᠰᠦ ᠬᠥᠩᠭᠡᠨ ᠴᠠᠭᠠᠨ ᠢ ᠨᠢᠭᠡ ᠴᠤᠭᠴᠠᠵᠢᠭᠤᠯᠤᠭᠰᠠᠨ ᠣᠷᠴᠢᠯ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠬᠥᠭᠵᠢᠭᠦᠯᠬᠦ ᠲᠥᠯᠥᠪᠵᠢᠭᠦᠯᠭᠡ︾ ᠶᠢ ᠤᠯᠤᠰ ᠢᠶᠠᠷ ᠴᠤᠬᠤᠯᠠᠪᠤᠷᠢᠯᠠᠭᠤᠯᠬᠤ ᠪᠠᠷ ᠴᠢᠷᠮᠠᠶᠢᠵᠤ᠂ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ᠂ ᠨᠤᠨᠲᠠᠭ ᠨᠡᠭᠦᠷᠡᠰᠦᠨ ᠤ ᠦᠨᠡᠰᠦ ᠠᠴᠠ ᠢᠰᠦᠯᠳᠦᠭᠰᠡᠨ ᠬᠥᠩᠭᠡᠨᠴᠠᠭᠠᠨ ᠭᠠᠷᠭᠠᠵᠤ ᠠᠪᠬᠤ ᠠᠵᠢᠯ ᠲᠥᠷᠥᠯ ᠤᠨ ᠪᠠᠷᠢᠮᠵᠢᠶᠠᠲᠤ ᠰᠤᠳᠤᠯᠤᠨ ᠦᠢᠯᠡᠳᠬᠦ ᠪᠠ ᠠᠵᠤ ᠦᠢᠯᠡᠰ ᠢ ᠤᠷᠲᠤᠳᠬᠠᠬᠤ ᠲᠤᠰᠬᠠᠶ ᠵᠦᠢᠯ ᠤᠨ ᠲᠥᠯᠥᠪᠵᠢᠭᠦᠯᠭᠡ ᠶᠢ ᠲᠦᠯᠬᠢᠨ ᠠᠬᠢᠭᠤᠯᠵᠤ᠂ ᠠᠵᠤ ᠦᠢᠯᠡᠰ ᠤᠨ ᠰᠦᠷᠦᠭᠵᠢᠯ ᠢ ᠲᠦᠷᠭᠡᠳᠭᠡᠨ ᠪᠤᠢ ᠪᠤᠯᠭᠠᠨ᠎ᠠ᠃ ᠬᠤᠶᠠᠷ ᠲᠤ᠂ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠤᠨ ᠲᠤᠭᠤᠷᠢᠨ ᠳᠤ᠂ ᠰᠢᠨ᠎ᠡ ᠨᠡᠮᠡᠭᠳᠡᠯ ᠤᠨ ᠴᠢᠭ᠋ ᠢ ᠪᠤᠶᠢᠵᠢᠭᠤᠯᠤᠨ ᠦᠷᠭᠡᠳᠭᠡᠨ᠎ᠡ᠃ ᠮᠡᠷᠭᠡᠵᠢᠯ ᠤᠨ ᠰᠢᠨ᠎ᠡ ᠡᠭᠦᠳᠦᠯᠲᠡ ᠶᠢᠨ ᠠᠵᠤ ᠦᠢᠯᠡᠰᠴᠢᠯᠡᠬᠦ ᠶᠢ ᠲᠦᠯᠬᠢᠨ ᠠᠬᠢᠭᠤᠯᠬᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠤᠨ ᠠᠵᠢᠯᠯᠠᠭ᠎ᠠ ᠶᠢᠨ ᠲᠥᠯᠥᠪᠯᠡᠭᠡ ᠪᠠ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠰᠤᠳᠤᠯᠤᠨ᠂ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠤᠨ ᠬᠡᠪᠴᠢᠶᠡᠵᠢᠬᠦ ᠠᠬᠢᠴᠠ ᠶᠢ ᠲᠦᠷᠭᠡᠳᠭᠡᠨ᠎ᠡ᠃ ᠥᠪᠡᠷᠲᠡᠭᠡᠨ ᠵᠠᠰᠠᠬᠤ ᠣᠷᠣᠨ ᠤ ᠡᠭᠦᠯᠡᠨ ᠪᠣᠳᠣᠯᠲᠠ ᠤᠨ ᠰᠢᠨ᠎ᠡ ᠶᠢ ᠡᠭᠦᠳᠭᠦ ᠠᠵᠢᠯᠯᠠᠭ᠎ᠠ ᠶᠢᠨ ᠲᠥᠰᠦᠯ ᠪᠤᠯᠤᠨ ︽ᠢᠨᠲ᠋ᠧᠷ ᠰᠦᠯᠵᠢᠶ᠎ᠡ +︾ ᠶᠢ ᠲᠦᠯᠬᠢᠨ ᠠᠬᠢᠭᠤᠯᠬᠤ ᠠᠵᠢᠯ ᠤᠨ ᠵᠢᠯᠣᠭᠤᠳᠬᠤ ᠰᠠᠨᠠᠯ ᠢ ᠢᠳᠡᠪᠬᠢᠲᠠᠢ ᠨᠠᠶᠢᠳᠠᠪᠤᠷᠢᠵᠢᠭᠤᠯᠤᠨ᠂ ᠡᠭᠦᠯᠡᠨ ᠪᠣᠳᠣᠯᠲᠠ ᠶᠢᠨ ᠠᠵᠤ ᠦᠢᠯᠡᠰᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠨᠧᠷᠭᠢ ᠠᠷᠪᠢᠯᠠᠵᠤ ᠣᠷᠴᠢᠨ ᠲᠤᠭᠤᠷᠢᠨ ᠢ ᠬᠠᠮᠠᠭᠠᠯᠠᠬᠤ᠂ ᠰᠤᠳᠤᠯᠤᠨ ᠨᠡᠭᠡᠭᠡᠵᠤ ᠵᠢᠷᠤᠭᠯᠠᠨ ᠲᠦᠯᠦᠪᠯᠡᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠶᠡᠭᠡ ᠪᠠᠷ ᠪᠤᠶᠢᠵᠢᠭᠤᠯᠤᠨ᠂ ᠰᠡᠯᠡᠭᠦᠴᠡᠯ ᠵᠢᠭᠤᠯᠴᠢᠯᠠᠯ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ ᠰᠤᠷᠭᠠᠨ ᠬᠥᠮᠦᠵᠢᠯ ᠰᠤᠶᠤᠯ ᠪᠡᠶ᠎ᠡ ᠶᠢᠨ ᠲᠠᠮᠢᠷ ᠤᠨ ᠵᠡᠷᠭᠡ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠢᠷᠢ  ᠬᠡᠮᠵᠢᠶ᠎ᠡ ᠶᠢ ᠲᠦᠷᠭᠡᠳᠭᠡᠨ ᠳᠡᠭᠡᠭᠰᠢᠯᠡᠭᠦᠯᠵᠤ᠂ ᠠᠵᠤ ᠦᠢᠯᠡᠰ ᠤᠨ ᠰᠢᠨ᠎ᠡ ᠲᠤᠯᠭᠠᠭᠤᠷᠢ ᠶᠢ ᠴᠤᠭᠴᠠᠯᠠᠨ᠎ᠠ᠃      ︵ᠬᠤᠶᠠᠷ︶ ᠥᠪᠡᠷ ᠤᠨ ᠥᠷᠲᠡᠭ ᠢ ᠪᠠᠭᠤᠷᠠᠭᠤᠯᠬᠤ᠂ ᠦᠢᠯᠡᠳᠪᠦᠷᠢᠯᠡᠬᠦ ᠴᠢᠳᠠᠪᠤᠷᠢ ᠶᠢ ᠰᠢᠯᠢᠳᠡᠭᠵᠢᠬᠦᠯᠬᠦ ᠪᠠᠷ ᠠᠵᠤ ᠠᠬᠤᠶᠢᠯᠠᠯ ᠢ ᠬᠠᠪᠰᠤᠷᠴᠤ ᠪᠡᠷᠬᠡ ᠪᠣᠭᠤᠮᠲᠠ ᠶᠢ ᠳᠠᠪᠠᠨ᠎ᠠ      ᠨᠢᠭᠡ ᠳᠤ ᠭᠠᠶᠢᠯᠢ ᠬᠠᠰᠤᠵᠤ ᠰᠦᠢᠳᠭᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠪᠠᠨ ᠲᠦᠷᠭᠡᠳᠭᠡᠬᠦ ᠶᠢ ᠲᠡᠳᠭᠦᠭᠦ ᠨᠠᠢᠮᠠᠨ ᠵᠦᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠶ ᠨᠠᠶᠢᠳᠠᠪᠤᠷᠢᠵᠢᠭᠤᠯᠵᠤ᠂  ᠵᠢᠵᠢᠭ ᠪᠢᠴᠢᠯ ᠠᠵᠤ ᠠᠬᠤᠶᠢᠯᠠᠯ ᠤᠨ ᠬᠦᠡᠭᠭᠡᠨ ᠱᠠᠯᠠᠮᠠᠭᠠᠢ ᠪᠠᠷ ᠤᠷᠤᠭᠰᠢᠯᠠᠨ ᠳᠠᠪᠰᠢᠬᠤ ᠳᠤ ᠬᠦᠴᠦ ᠨᠡᠮᠡᠨ᠎ᠡ᠃ ᠡᠯ᠎ᠡ ᠵᠦᠢᠯ ᠤᠨ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ ᠲᠦᠷᠦ ᠶᠢᠨ ᠪᠣᠳᠣᠯᠭ᠎ᠠ ᠶᠢ ᠦᠨᠡᠨᠬᠦ ᠰᠠᠶᠢᠲᠤᠷ ᠨᠠᠶᠢᠳᠠᠪᠤᠷᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠤᠷᠤᠨ ᠪᠠᠶᠢᠷᠢ ᠳᠤᠨᠢ ᠬᠦᠷᠦᠬᠦᠯᠦᠨ᠂ ︽ᠲᠤᠷ᠎ᠠ ᠪᠠᠷ︾ ᠰᠦᠢᠳᠬᠡᠯ ᠬᠤᠷᠢᠶᠠᠬᠤ ᠶᠢ ᠡᠷᠡᠰ ᠬᠤᠷᠢᠭᠯᠠᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠲᠦᠷᠦᠯ ᠵᠦᠢᠯ ᠪᠤᠯᠤᠨ ᠰᠦᠢᠳᠬᠡᠯ ᠬᠤᠷᠢᠶᠠᠬᠤ ᠪᠠᠷᠢᠮᠵᠢᠶ᠎ᠠ ᠵᠡᠷᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠬᠤ ᠶᠢ ᠴᠢᠩᠭᠠᠳᠬᠠᠨ᠂  ᠰᠦᠢᠳᠬᠡᠯ ᠬᠤᠷᠢᠶᠠᠬᠤ ᠬᠡᠰᠡᠭ ᠲᠦᠷᠦᠯ ᠵᠦᠢᠯ ᠤᠨ ᠬᠡᠯᠪᠡᠷᠢ ᠮᠠᠶ᠋ᠢᠭ ᠢᠶᠠᠨ ᠰᠤᠯᠢᠵᠤ ᠳᠠᠬᠢᠨ ᠭᠠᠶᠢᠯᠢ ᠲᠠᠲᠠᠪᠤᠷᠢᠯᠠᠬᠤ ᠶᠢ ᠪᠦᠲᠦᠮᠵᠢᠲᠠᠢ ᠬᠤᠷᠢᠭᠯᠠᠨ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠲᠥᠷᠥᠯ ᠵᠦᠢᠯ ᠪᠠᠶᠢᠭᠤᠯᠬᠤ᠂ ᠥᠪᠡᠷ ᠤᠨ ᠲᠤᠷ᠎ᠠ ᠪᠠᠷ ᠰᠦᠢᠳᠭᠡᠯ ᠬᠤᠷᠢᠶᠠᠬᠤ ᠪᠠᠷᠢᠮᠵᠢᠶ᠎ᠠ ᠶᠢ ᠦᠪᠡᠷ ᠲᠡᠭᠡᠨ ᠳᠡᠭᠡᠭᠰᠢᠯᠡᠭᠦᠯᠬᠦ ᠵᠡᠷᠭᠡ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠬᠤᠶᠠᠷ ᠲᠤ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ ᠴᠠᠬᠢᠯᠭᠠᠨ ᠬᠦᠴᠦᠨ ᠤ ᠣᠯᠠᠨ ᠲᠠᠯ᠎ᠠ ᠪᠠᠷ ᠠᠷᠠᠯᠵᠢᠶᠠᠯᠠᠬᠤ ᠰᠢᠭᠤᠳ ᠴᠠᠬᠢᠯᠭᠠᠨ ᠬᠠᠩᠭᠠᠬᠤ ᠬᠡᠪᠴᠢᠶ᠎ᠡ ᠪᠠ ᠵᠠᠰᠠᠭ ᠤᠨ ᠣᠷᠳᠣᠨ ᠤ ᠴᠠᠬᠢᠯᠭᠠᠨ ᠤ ᠦᠨ᠎ᠡ ᠶᠢᠨ ᠨᠥᠬᠦᠪᠥᠷᠢ ᠥᠭᠬᠦ ᠬᠡᠪᠴᠢᠶ᠎ᠡ ᠶᠢ ᠤᠯᠠᠮ ᠨᠢᠭᠡ ᠠᠯᠬᠤᠮ ᠦᠷᠭᠡᠳᠭᠡᠨ᠂ ᠤᠯᠤᠰ ᠤᠨ ᠴᠠᠬᠢᠯᠭᠠᠨ ᠤ ᠦᠨ᠎ᠡ ᠶᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠸᠡᠭᠰᠢ ᠶᠢᠨ ᠴᠠᠬᠢᠯᠭᠠᠨ ᠤ ᠲᠤᠤᠷ ᠤᠨ ᠴᠠᠬᠢᠯᠭᠠᠨ ᠬᠦᠷᠭᠡᠬᠦ ᠪᠠ ᠲᠦᠭᠡᠭᠡᠬᠦ ᠦᠨ᠎ᠡ ᠶᠢᠨ ᠥᠭᠡᠷᠡᠴᠢᠯᠡᠯᠲᠡ ᠪᠠ ᠪᠢᠴᠢᠯ ᠴᠠᠬᠢᠯᠭᠠᠨ ᠤ ᠲᠤᠤᠷ ᠤᠨ ᠲᠤᠷᠰᠢᠯᠲᠠ ᠬᠢᠬᠦ ᠶᠢ ᠲᠦᠷᠭᠡᠳᠭᠡᠨ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠦᠨ᠎ᠡ ᠶᠢ ᠪᠠᠭᠤᠷᠠᠭᠤᠯᠤᠨ᠎ᠠ᠃ ᠭᠤᠷᠪᠠ ᠳᠤ ᠨᠡᠭᠦᠷᠡᠰᠦ ᠶᠢ ᠤᠯᠠᠷᠢᠭᠤᠯᠬᠤ ᠠᠵᠤ ᠠᠬᠤᠶᠢᠯᠠᠯ ᠬᠢᠭᠡᠳ ᠨᠡᠭᠦᠷᠡᠰᠦ ᠦᠢᠯᠡᠳᠪᠦᠷᠢᠯᠡᠬᠦ ᠠᠵᠤ ᠠᠬᠤᠶᠢᠯᠠᠯ ᠤᠨ ᠳᠠᠬᠢᠨ ᠵᠤᠬᠢᠶᠠᠨ ᠪᠠᠶᠢᠭᠤᠯᠬᠤ ᠶᠢ ᠲᠡᠮᠵᠢᠬᠦ ᠲᠤᠬᠠᠶ ᠦᠪᠡᠷᠲᠡᠭᠡᠨ ᠵᠠᠰᠠᠬᠤ ᠤᠷᠤᠨ ᠤ ᠮᠡᠳᠡᠭᠳᠡᠯ ᠢ ᠨᠠᠶᠢᠳᠠᠪᠤᠷᠢᠵᠢᠭᠤᠯᠵᠤ᠂ ᠨᠡᠭᠦᠷᠡᠰᠦ ᠤᠯᠠᠷᠢᠭᠤᠯᠬᠤ ᠠᠵᠤ ᠠᠬᠤᠶᠢᠯᠠᠯ ᠪᠤᠯᠤᠨ ᠦᠢᠯᠡᠳᠪᠦᠷᠢᠯᠡᠬᠦ ᠠᠵᠤ ᠠᠬᠤᠶᠢᠯᠠᠯ ᠤᠨ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠳᠡᠮᠵᠢᠵᠤ᠂ ᠨᠡᠭᠦᠷᠡᠰᠦ ᠴᠠᠬᠢᠯᠭᠠᠨ ᠬᠢᠮᠢ ᠶᠢᠨ ᠪᠦᠬᠦᠯᠢ ᠴᠣᠭᠴᠠ ᠶᠢᠨ ᠳᠠᠪᠠᠭᠤᠯᠢᠭ ᠢ ᠪᠤᠢ ᠪᠤᠯᠭᠠᠨ᠂ ᠨᠡᠭᠦᠷᠡᠰᠦᠨ ᠤ ᠠᠵᠢᠯ ᠲᠥᠷᠥᠯ ᠤᠨ ᠰᠡᠷᠭᠦᠭᠡᠯᠲᠡ ᠶᠢᠨ ᠴᠢᠨᠠᠷᠲᠠᠢ ᠨᠡᠮᠡᠭᠳᠡᠯ ᠲᠠᠢ ᠪᠤᠯᠬᠤ ᠳᠤᠨᠢ ᠬᠠᠪᠰᠤᠷᠤᠨ᠎ᠠ᠃      ᠬᠦᠲᠦᠯᠦᠭᠴᠢ᠄ᠶᠠᠩ ᠡᠷᠬᠢᠯᠡᠭᠴᠢ ᠶᠢᠨ ᠬᠢᠭᠰᠡᠨ ᠮᠠᠨ ᠤ ᠣᠷᠣᠨ ᠤ 2015 ᠣᠨ ᠤ ᠳᠡᠭᠡᠲᠦ ᠬᠠᠭᠠᠰ ᠵᠢᠯ ᠤᠨ ᠠᠵᠤ ᠠᠬᠤᠶ ᠶᠢᠨ ᠪᠠᠶᠢᠳᠠᠯ ᠤᠨ ᠵᠠᠳᠠᠯᠤᠯᠲᠠ ᠪᠠᠷ ᠳᠠᠮᠵᠢᠭᠠᠳ᠂ ᠪᠢᠳᠡ ᠠᠵᠤ ᠠᠬᠤᠶ ᠶᠢᠨ ᠪᠠᠶᠢᠳᠠᠯ ᠳᠤ ᠤᠶᠢᠯᠠᠭᠠᠯᠲᠠ ᠲᠠᠢ ᠪᠤᠯᠤᠭᠰᠠᠨ ᠪᠦᠭᠡᠳ ᠮᠠᠨ ᠤ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠬᠠᠨᠳᠤᠰᠢ ᠳᠤ ᠤᠯᠠᠮ ᠢᠲᠡᠭᠡᠯ ᠲᠠᠢ ᠪᠤᠯᠪᠠ᠃ ᠶᠠᠩ ᠡᠷᠬᠢᠯᠡᠭᠴᠢ ᠶᠢᠨ ᠬᠠᠯᠠᠰᠢᠷᠠᠯ ᠦᠭᠡᠢ ᠲᠠᠶᠢᠯᠪᠤᠷᠢᠯᠠᠭᠰᠠᠨ ᠳᠤ ᠮᠠᠰᠢ ᠲᠠᠯᠠᠷᠬᠠᠵᠤ ᠪᠠᠶᠢᠨ᠎ᠠ᠂ ᠮᠦᠨᠴᠦ ᠰᠦᠯᠵᠢᠶᠡᠨ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠲᠠᠯᠠᠷᠬᠠᠵᠤ ᠪᠠᠢᠨ᠎ᠠ︕ ᠴᠠᠭ ᠤᠨ ᠬᠠᠷᠠᠭ᠎ᠠ ᠠᠴᠠ ᠪᠤᠯᠤᠭᠠᠳ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠪᠡ᠂ ᠳᠠᠷᠠᠭᠠᠴᠢ ᠶᠢᠨ ᠫᠷᠤᠭ᠍ᠷᠠᠮ ᠳᠤ ᠪᠠᠶᠠᠷᠲᠠᠶ ᠵᠤᠯᠭᠠᠶ᠎ᠠ︕
     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠯᠧᠺᠲᠷᠤᠨ ᠵᠠᠰᠠᠭ ᠤᠨ  ᠶᠠᠪᠤᠳᠠᠯ ᠤᠨ ᠭᠠᠵᠠᠷ ᠤᠨ ᠳᠠᠷᠤᠭ᠎ᠠ ᠡᠾᠧ ᠪᠢᠶᠤᠤ ᠡᠷᠬᠢᠮ ᠵᠣᠴᠢᠨ ᠳᠤ ᠪᠠᠷ᠎ᠠ ᠪᠣᠯᠵᠤ ᠥᠪᠡᠷᠲᠡᠭᠡᠨ ᠵᠠᠰᠠᠬᠤ ᠣᠷᠣᠨ ᠤ ᠫᠤᠷᠲ᠋ᠧᠯ ᠰᠦᠯᠵᠢᠶ᠎ᠡ ᠶᠢ ᠲᠣᠭᠤᠷᠢᠨ ᠦᠵᠡᠵᠦ ᠪᠠᠶᠢᠭ᠎ᠠ ᠨᠢ
     ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢ ᠰᠤᠳᠤᠯᠬᠤ ᠲᠥᠪ ᠤᠨ ᠡᠷᠬᠢᠯᠡᠭᠴᠢ ᠶᠠᠩ ᠴᠧᠨ ᠬᠤᠸᠠ  ︽ᠳᠤᠮᠳᠠᠳᠤ ᠤᠯᠤᠰ   ᠥᠪᠥᠷ ᠮᠣᠩᠭᠤᠯ︾ ᠰᠦᠯᠵᠢᠶ᠎ᠡ ᠳᠤ ᠰᠠᠭᠠᠳᠠᠵᠤ ᠪᠠᠶᠢᠭ᠎ᠠ ᠨᠢ
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ