ᠡᠨᠡ ᠵᠢᠯ ᠬᠥᠬᠡᠬᠤᠲᠠ ᠰᠢᠨ᠎ᠡ ᠪᠠᠷ ᠪᠠᠶᠢᠭᠤᠯᠬᠤ ᠪᠠ ᠦᠷᠭᠦᠯᠵᠢᠯᠡᠨ ᠪᠠᠶᠢᠭᠤᠯᠬᠤ ᠰᠤᠷᠭᠠᠭᠤᠯᠢ ᠶᠢᠨ | 31ᠲᠥᠷᠥᠯ ᠵᠦᠢᠯ ᠢ ᠲᠣᠭᠲᠠᠭᠠᠪᠠ᠃ ᠣᠳᠣᠬᠠᠨ ᠳᠤ᠂ ᠰᠢᠨ᠎ᠡ ᠪᠠᠷ ᠪᠠᠶᠢᠭᠤᠯᠬᠤ᠂ ᠦᠷᠭᠦᠯᠵᠢᠯᠡᠨ ᠪᠠᠶᠢᠭᠤᠯᠬᠤ | ᠲᠥᠷᠥᠯ ᠵᠦᠢᠯ ᠤᠨ 5 ᠶᠢ ᠨᠢ ᠶᠠᠭ ᠪᠠᠷᠢᠯᠭ᠎ᠠ ᠪᠠᠷᠢᠵᠤ ᠪᠦᠲᠦᠭᠡᠨ ᠪᠠᠶᠢᠭᠤᠯᠤᠨ᠂ 2 ᠢ ᠨᠢ ᠠᠵᠢᠯ ᠡᠬᠢᠯᠡᠭᠦᠯᠬᠦ ᠪᠠᠷ | ᠪᠡᠯᠡᠳᠬᠡᠵᠦ ᠂ 18 ᠶᠢ ᠨᠢ ᠨᠢᠭᠡᠨᠲᠡ ᠲᠥᠷᠥᠯ ᠵᠦᠢᠯ ᠲᠣᠭᠲᠠᠭᠠᠬᠤ ᠶᠢ ᠪᠡᠶᠡᠯᠡᠭᠦᠯᠵᠦ᠂ ᠣᠳᠣᠬᠠᠨ ᠳᠤ ᠪᠠᠰᠠ 6 | ᠲᠥᠷᠥᠯ ᠵᠦᠢᠯ ᠳᠤᠨᠢ ᠭᠠᠵᠠᠷ ᠰᠢᠷᠤᠢ ᠶᠢᠨ ᠰᠢᠯᠲᠠᠭᠠᠨ ᠠᠴᠠ ᠪᠣᠯᠵᠤ ᠪᠦᠲᠦᠭᠡᠨ ᠪᠠᠶᠢᠭᠤᠯᠤᠯᠲᠠ ᠶᠢᠨ ᠪᠣᠯᠵᠣᠰᠢ | ᠦᠭᠡᠢ ᠴᠢᠨᠠᠷ ᠣᠷᠣᠰᠢᠵᠤ ᠪᠠᠶᠢᠨ᠎ᠠ᠃ ᠳᠡᠭᠡᠷᠡᠬᠢ ᠨᠢᠭᠡᠨᠲᠡ ᠲᠥᠷᠥᠯ ᠵᠦᠢᠯ ᠲᠣᠭᠲᠠᠭᠠᠭᠰᠠᠨ ᠰᠢᠨ᠎ᠡ ᠪᠠᠷ | ᠪᠠᠶᠢᠭᠤᠯᠬᠤ᠂ ᠦᠷᠭᠦᠯᠵᠢᠯᠡᠨ ᠪᠠᠶᠢᠭᠤᠯᠬᠤ 18 ᠲᠥᠷᠥᠯ ᠵᠦᠢᠯ ᠳᠤ ᠣᠳᠣ ᠶᠠᠭ ᠭᠠᠷᠳᠠᠮ ᠢ ᠲᠡᠭᠦᠯᠳᠡᠷᠵᠢᠭᠦᠯᠦᠨ᠂ | ᠣᠨ ᠤ ᠳᠣᠲᠣᠷ᠎ᠠ ᠡᠬᠢᠯᠡᠭᠦᠯᠬᠦ ᠪᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠳᠤ ᠪᠡᠯᠡᠭ ᠪᠣᠯᠭᠠᠬᠤ ᠲᠥᠷᠥᠯ ᠵᠦᠢᠯ ᠳᠤ | ᠵᠣᠷᠢᠭᠤᠯᠤᠭᠰᠠᠨ ᠵᠦᠢᠯᠡᠰ ᠲᠤ᠂ ᠬᠥᠬᠡᠬᠤᠲᠠ ᠶᠢᠨ ᠬᠡᠦᠬᠡᠳ ᠤᠨ ᠬᠠᠶᠢᠨ ᠰᠦᠪᠡᠭᠴᠢᠯᠡᠬᠦ ᠮᠦᠽᠧᠶ ᠠᠵᠢᠯ | ᠡᠬᠢᠯᠡᠭᠦᠯᠬᠦ ᠪᠤᠶ ᠪᠦᠬᠦᠢ ᠭᠠᠷᠳᠠᠮ ᠢᠶᠠᠨ ᠭᠦᠢᠴᠡᠳᠬᠡᠨ ᠳᠠᠭᠤᠰᠬᠠᠵᠤ᠂ 7 ᠳ᠋ᠤᠭᠠᠷ ᠰᠠᠷ᠎ᠠ ᠶᠢᠨ 22 ᠤᠨ ᠡᠳᠦᠷ | ᠵᠢᠩᠬᠢᠨᠢ ᠪᠠᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ ᠡᠳᠡᠭᠡᠷ ᠭᠤᠣᠯᠳᠠᠯᠭ᠎ᠠ ᠲᠠᠢ ᠪᠦᠲᠦᠭᠡᠨ | ᠪᠠᠢᠭᠤᠯᠤᠯᠲᠠ ᠶᠢᠨ ᠲᠥᠷᠥᠯ ᠵᠦᠢᠯ ᠢ ᠤᠷᠤᠭᠰᠢᠲᠠᠢ ᠬᠡᠷᠡᠭᠵᠢᠭᠦᠯᠬᠦ ᠶᠠᠪᠤᠳᠠᠯ ᠨᠢ ᠬᠥᠬᠡᠬᠤᠲᠠ ᠶᠢᠨ ᠰᠤᠷᠭᠠᠭᠤᠯᠢ | ᠡᠷᠬᠢᠯᠡᠬᠦ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠬᠤ ᠳᠤ ᠢᠳᠡᠪᠬᠢᠲᠡᠶ ᠠᠬᠢᠭᠤᠯᠬᠤ ᠦᠢᠯᠡᠳᠦᠯ | ᠦᠵᠡᠭᠦᠯᠬᠦ ᠪᠣᠯᠣᠨ᠎ᠠ᠃ | ᠣᠶᠢᠯᠭᠠᠭᠰᠠᠨ ᠢᠶᠠᠷ᠂ 2014 — 2015 ᠣᠨ ᠤ ᠬᠥᠳᠡᠭᠡ ᠲᠣᠰᠬᠤᠨ ᠤ ︽ᠠᠷᠪᠠ ᠪᠠᠷ ᠪᠦᠬᠦᠨ ᠢ | ᠬᠠᠮᠤᠷᠬᠤ︾ ᠳᠠᠬᠢ ᠰᠤᠷᠭᠠᠭᠤᠯᠢ ᠶᠢᠨ ᠪᠠᠶᠢᠷᠢ ᠶᠢᠨ ᠪᠦᠲᠦᠭᠡᠨ ᠪᠠᠶᠢᠭᠤᠯᠤᠯᠲᠠ ᠪᠣᠯᠤᠨ ᠠᠶᠤᠯ ᠦᠭᠡᠢ ᠶᠢᠨ | ᠰᠢᠨᠡᠳᠬᠡᠨ ᠵᠠᠰᠠᠬᠤ ᠲᠥᠷᠥᠯ ᠵᠦᠢᠯ ᠳᠤ᠂ ᠬᠥᠬᠡᠬᠤᠲᠠ ᠶᠢᠨ ᠨᠡᠶᠢᠲᠡ 33 ᠳᠤᠮᠳᠠᠳᠤ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠬᠤᠯᠪᠣᠭᠳᠠᠵᠤ᠂ ᠲᠥᠯᠥᠪᠵᠢᠭᠦᠯᠭᠡ ᠶᠢᠨ ᠲᠠᠯᠠᠪᠠᠢ ᠨᠢ 13.5 ᠲᠦᠮᠡᠨ ᠲᠡᠭᠰᠢ | ᠳᠥᠷᠪᠡᠯᠵᠢᠨ ᠮᠧᠲᠷ ᠪᠠᠶᠢᠵᠤ᠂ ᠪᠡᠯᠡ ᠮᠥᠩᠭᠦ ᠶᠢᠨ ᠬᠡᠷᠡᠭᠴᠡᠭᠡ ᠨᠢ 3.28 ᠳ᠋ᠦᠩᠰᠢᠭᠤᠷ ᠲᠥᠭᠦᠷᠢᠭ ᠪᠣᠯᠤᠨ᠎ᠠ᠃ | ᠣᠳᠣᠬᠠᠨ ᠪᠣᠯᠲᠠᠯ᠎ᠠ᠂ ᠨᠢᠭᠡᠨᠲᠡ 30 ᠭᠠᠵᠠᠷ ᠠᠵᠢᠯ ᠡᠬᠢᠯᠡᠭᠦᠯᠵᠦ᠂ ᠡᠭᠦᠨ ᠳᠤ ᠨᠢᠭᠡᠨᠲᠡ ᠠᠵᠢᠯ ᠳᠠᠭᠤᠰᠤᠭᠰᠠᠨ | ᠨᠢ 21 ᠭᠠᠵᠠᠷ ᠪᠠᠭᠲᠠᠵᠤ᠂ 3 ᠭᠠᠵᠠᠷ ᠶᠠᠭ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠵᠦ ᠪᠠᠶᠢᠨ᠎ᠠ᠃ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ | ᠬᠤᠲᠠ ᠶᠢᠨ ᠳᠥᠷᠪᠡᠨ ᠲᠣᠭᠤᠷᠢᠭ ᠤᠨ ᠮᠣᠩᠭᠤᠯ ᠬᠡᠯᠡ ᠪᠠᠷ ᠬᠢᠴᠢᠶᠡᠯᠯᠡᠬᠦ ︽ᠭᠤᠷᠪᠠᠨ ᠬᠡᠰᠡᠭ ᠬᠤᠶᠠᠷ ᠴᠢᠭ᠋︾ ᠤᠨ | ᠬᠥᠭᠵᠢᠭᠦᠯᠦᠯᠲᠡ ᠶᠢᠨ ᠲᠥᠯᠥᠪᠵᠢᠭᠦᠯᠭᠡ ᠳᠤ 7 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ | ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷ ᠲᠣᠭᠲᠠᠭᠠᠪᠠ᠃ ᠣᠳᠣᠬᠠᠨ ᠳᠤ᠂ 1 ᠶᠢ | ᠨᠢ ᠠᠰᠢᠭᠯᠠᠯᠲᠠ ᠳᠤ ᠣᠷᠣᠭᠤᠯᠤᠨ ᠬᠡᠷᠡᠭᠯᠡᠵᠦ᠂ 2 ᠢ ᠨᠢ ᠠᠵᠢᠯ ᠡᠬᠢᠯᠡᠭᠦᠯᠦᠨ᠂ 2 ᠢ ᠨᠢ ᠠᠵᠢᠯ ᠡᠬᠢᠯᠡᠭᠦᠯᠬᠦ ᠪᠠᠷ | ᠪᠡᠯᠡᠳᠬᠡᠵᠦ᠂1 ᠶᠢ ᠨᠢ ᠶᠠᠭ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠵᠦ᠂ 1 ᠨᠢ ᠶᠠᠭ ᠭᠠᠵᠠᠷ ᠰᠣᠩᠭᠤᠵᠤ | ᠪᠠᠶᠢᠨ᠎ᠠ᠃ | ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠠᠴᠠ ᠭᠠᠳᠠᠨ᠎ᠠ᠂ ᠬᠥᠬᠡᠬᠤᠲᠠ ᠶᠢᠨ ᠮᠡᠳᠡᠭᠡ ᠵᠠᠩᠭᠢᠴᠢᠯᠠᠬᠤ | ᠪᠠᠶᠢᠭᠤᠯᠤᠯᠲᠠ ᠴᠤ ᠵᠣᠬᠢᠬᠤ ᠠᠬᠢᠯᠲᠠ ᠲᠠᠢ ᠪᠣᠯᠪᠠ᠃ ︽ᠬᠥᠬᠡᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ | ᠪᠠᠭᠰᠢ ᠶᠢᠨ ᠮᠡᠳᠡᠭᠡ ᠵᠠᠩᠭᠢ ᠶᠢᠨ ᠮᠡᠷᠭᠡᠵᠢᠯ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ | ᠬᠡᠷᠡᠭᠵᠢᠭᠦᠯᠬᠦ ᠲᠥᠰᠥᠯ︾ ᠲᠣᠭᠲᠠᠭᠠᠵᠤ᠂ ᠪᠦᠬᠦ ᠬᠤᠲᠠ ᠶᠢᠨ ︽ᠪᠢᠴᠢᠯ ᠬᠢᠴᠢᠶᠡᠯ ᠤᠨ ᠲᠠᠪᠴᠠᠩ︾ ᠪᠠᠶᠢᠭᠤᠯᠪᠠ᠃ | ᠣᠳᠣᠬᠠᠨ ᠳᠤ᠂ ᠪᠦᠬᠦ ᠬᠤᠲᠠ ᠶᠢᠨ 100% ᠶᠢᠨ ᠰᠤᠷᠭᠠᠭᠤᠯᠢ ᠠᠳᠠᠯᠢ ᠪᠤᠰᠤ ᠠᠷᠭ᠎ᠠ ᠮᠠᠶ᠋ᠢᠭ ᠢᠶᠠᠷ ᠢᠨᠲ᠋ᠧᠷ | ᠰᠦᠯᠵᠢᠶᠡᠨ ᠳᠤ ᠵᠠᠯᠭᠠᠵᠤ᠂ 62% ᠠᠴᠠ ᠳᠡᠭᠡᠭᠰᠢᠬᠢ ᠵᠢᠭᠠᠨ ᠰᠤᠷᠭᠠᠬᠤ ᠠᠩᠭᠢ ᠳᠤ ᠣᠯᠠᠨ ᠵᠠᠭᠤᠴᠢᠲᠤ ᠵᠢᠭᠠᠨ | ᠰᠤᠷᠭᠠᠬᠤ ᠲᠥᠬᠦᠭᠡᠷᠦᠮᠵᠢ ᠲᠣᠬᠢᠷᠠᠭᠤᠯᠵᠤ᠂ ᠪᠦᠬᠦ ᠬᠤᠲᠠ ᠶᠢᠨ 64% ᠶᠢᠨ ᠪᠠᠭᠰᠢ ᠴᠥᠮ ᠲᠣᠭᠠᠴᠠᠯ ᠰᠤᠷᠭᠠᠨ | ᠬᠥᠮᠦᠵᠢᠯ ᠤᠨ ᠡᠬᠢ ᠪᠠᠶᠠᠯᠢᠭ ᠢ ᠬᠡᠷᠡᠭᠯᠡᠨ ᠵᠢᠭᠠᠨ ᠰᠤᠷᠭᠠᠯᠲᠠ ᠬᠢᠬᠦ ᠪᠣᠯᠪᠠ᠃ |