ᠥᠪᠥᠷ ᠮᠣᠩᠭᠤᠯ ᠤᠮᠠᠷᠠᠲᠤ ᠬᠢᠯᠢ ᠶᠢᠨ ᠲᠠᠯ᠎ᠠ ᠨᠣᠲᠤᠭ ᠤᠨ ︽ᠰᠢᠨ᠎ᠡ ᠲᠣᠷᠭᠠᠨ ᠵᠠᠮ︾ ᠢ ᠪᠦᠲᠦᠭᠡᠨ ᠪᠠᠶᠢᠭᠤᠯᠵᠤ ᠳᠠᠯᠠᠶ ᠳᠤ ᠨᠡᠪᠲᠡᠷᠡᠬᠦ ᠬᠤᠶᠠᠷ ᠵᠠᠮ ᠱᠤᠭᠤᠮ ᠢ ᠨᠡᠪᠲᠡᠷᠡᠭᠦᠯᠬᠦ ᠪᠠᠷ ᠪᠣᠢ
ᠨᠡᠶᠢᠲᠡᠯᠡᠭᠰᠡᠨ ᠴᠠᠭ᠄
2015-09-16
      ᠤᠯᠤᠰ ᠤᠨ ︽ᠨᠢᠭᠡ ᠪᠦᠰᠡ ᠨᠢᠭᠡ ᠵᠠᠮ︾ ᠪᠣᠯᠣᠨ ᠤᠮᠠᠷᠠᠰᠢ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠥᠪᠥᠷ ᠮᠣᠩᠭᠤᠯ ᠣᠷᠣᠰ ᠮᠣᠩᠭᠤᠯ ᠯᠤᠭ᠎ᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂   ᠳᠣᠲᠣᠭᠠᠳᠤ ᠭᠠᠳᠠᠭᠠᠳᠤ ᠶᠢ ᠬᠤᠯᠪᠣᠭᠰᠠᠨ᠂ ᠠᠮᠤᠷ ᠲᠥᠪᠰᠢᠨ ᠰᠠᠭᠠᠳ ᠦᠭᠡᠢ ᠨᠡᠪᠲᠡᠷᠡᠬᠦ ᠤᠮᠠᠷᠠᠲᠤ ᠬᠢᠯᠢ ᠶᠢᠨ ᠲᠠᠯ᠎ᠠ ᠨᠤᠲᠤᠭ ᠤᠨ ︽ᠰᠢᠨ᠎ᠡ ᠲᠣᠷᠭᠠᠨ ᠵᠠᠮ︾ ᠢ ᠲᠦᠷᠭᠡᠨ ᠪᠠᠶᠢᠭᠤᠯᠵᠤ᠂ ᠳᠠᠯᠠᠢ ᠳᠤ ᠨᠡᠪᠲᠡᠷᠡᠬᠦ ᠬᠤᠶᠠᠷ ᠵᠠᠮ᠂   ᠡᠨᠧᠷᠭᠢ ᠶᠢᠨ ᠡᠬᠢ ᠪᠠᠶᠠᠯᠢᠭ ᠤᠨ ᠭᠤᠷᠪᠠᠨ ᠵᠠᠮ ᠪᠣᠯᠣᠨ ᠵᠢᠭᠤᠯᠴᠢᠯᠠᠯ ᠤᠨ ᠭᠤᠷᠪᠠᠨ ᠵᠠᠮ ᠤᠨ ᠪᠦᠲᠦᠭᠡᠨ ᠪᠠᠢᠭᠤᠯᠤᠯᠲᠠ ᠶᠢ ᠭᠤᠣᠯᠳᠠᠯᠭ᠎ᠠ ᠲᠠᠢ ᠲᠦᠯᠬᠢᠨ ᠠᠬᠢᠭᠤᠯᠬᠤ ᠪᠠᠷ ᠪᠤᠢ᠃ ᠥᠪᠥᠷ ᠮᠣᠩᠭᠤᠯ ᠨᠢ ᠵᠡᠭᠦᠨ ᠬᠤᠶᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ ᠢ ᠰᠤᠨᠳᠠᠯᠠᠵᠤ᠂ ᠨᠠᠢᠮᠠᠨ ᠮᠤᠵᠢ ᠣᠷᠣᠨ ᠲᠠᠢ ᠬᠦᠷᠰᠢᠯᠡᠵᠦ᠂ ᠣᠷᠣᠰ᠂ ᠮᠣᠩᠭᠤᠯ ᠤᠯᠤᠰ ᠲᠠᠢ ᠵᠠᠬ᠎ᠠ ᠨᠡᠶᠢᠯᠡᠨ᠂ ᠬᠢᠯᠢ ᠶᠢᠨ ᠱᠤᠭᠤᠮ ᠨᠢ 4200 ᠭᠠᠷᠤᠢ ᠺᠢᠯᠣᠮᠧᠲᠷ ᠤᠷᠲᠤ ᠪᠠᠶᠢᠳᠠᠭ᠃       ᠥᠪᠥᠷ ᠮᠣᠩᠭᠤᠯ ᠨᠢ ᠤᠯᠤᠰ ᠤᠨ ᠤᠮᠠᠷᠠᠲᠤ ᠶᠡᠭᠡ ᠬᠠᠭᠠᠯᠭ᠎ᠠ ᠪᠣᠯᠣᠭᠰᠠᠨ ᠤ ᠬᠤᠪᠢ ᠳᠤ᠂ ᠲᠤᠲᠤᠭᠰᠢ ᠪᠠᠨ ᠤᠯᠤᠰ ᠤᠨ ᠳᠣᠲᠣᠭᠠᠳᠤ ᠶᠢᠨ ᠥᠷᠭᠡᠨ ᠳᠡᠯᠭᠡᠷ ᠬᠡᠷᠡᠭᠯᠡᠭᠡᠨ ᠤ ᠵᠠᠬ᠎ᠠ ᠳᠡᠯᠭᠡᠭᠦᠷ ᠲᠠᠢ ᠵᠠᠯᠭᠠᠯᠳᠤᠵᠤ᠂ ᠭᠠᠳᠠᠭᠰᠢ ᠪᠠᠨ ᠡᠬᠢ ᠪᠠᠶᠠᠯᠢᠭ ᠢᠶᠠᠷ ᠡᠯᠪᠡᠭ ᠳᠡᠯᠪᠡᠭ ᠣᠷᠣᠰ ᠬᠢᠭᠡᠳ ᠮᠣᠩᠭᠤᠯ ᠤᠯᠤᠰ ᠯᠤᠭ᠎ᠠ ᠵᠠᠯᠭᠠᠯᠳᠤᠭᠰᠠᠨ ᠪᠥᠭᠡᠳ ᠣᠷᠣᠰ ᠮᠣᠩᠭᠤᠯ ᠤᠨ ᠡᠬᠡ ᠬᠠᠭᠤᠷᠠᠶ ᠶᠢᠨ ᠵᠠᠮ ᠢᠶᠠᠷ ᠳᠠᠮᠵᠢᠨ ᠧᠦ᠋ᠷᠣᠫᠠ ᠶᠢᠨ ᠡᠬᠡ ᠬᠠᠭᠤᠷᠠᠶ ᠲᠠᠢ ᠬᠤᠯᠪᠣᠯᠳᠤᠨ   ᠨᠡᠪᠲᠡᠷᠡᠯᠴᠡᠵᠦ ᠪᠠᠶᠢᠳᠠᠭ᠃ ᠣᠳᠣᠬᠠᠨ ᠳᠤ᠂ ᠥᠪᠥᠷ ᠮᠣᠩᠭᠤᠯ ᠤᠨ ᠵᠢᠩᠬᠢᠨᠢ ᠪᠠᠷ ᠨᠡᠭᠡᠭᠡᠯᠲᠡ ᠬᠢᠭᠰᠡᠨ ᠵᠠᠰᠠᠮᠠᠯ ᠵᠠᠮ ︵ᠤᠰᠤᠨ ᠵᠠᠮ︶ ᠤᠨ ᠪᠣᠭᠤᠮᠲᠠ 11 ᠪᠠᠶᠢᠵᠤ᠂ ᠡᠭᠦᠨ ᠳᠤ ᠮᠠᠨᠵᠤᠤᠷ ᠪᠣᠭᠤᠮᠲᠠ ᠨᠢ ᠮᠠᠨ ᠤ ᠤᠯᠤᠰ ᠠᠴᠠ ᠣᠷᠣᠰ ᠲᠤ ᠨᠡᠭᠡᠭᠡᠭᠰᠡᠨ ᠬᠠᠮᠤᠭ ᠤᠨ ᠲᠣᠮᠤ ᠪᠣᠭᠤᠮᠲᠠ ᠪᠣᠯᠬᠤ ᠪᠦᠭᠡᠳ ᠡᠷᠢᠶᠡᠨ ᠬᠤᠲᠠ ᠪᠣᠭᠤᠮᠲᠠ ᠨᠢ ᠮᠠᠨ ᠤ ᠤᠯᠤᠰ  ᠠᠴᠠ ᠮᠣᠩᠭᠤᠯ ᠤᠯᠤᠰ ᠲᠤ ᠨᠡᠭᠡᠭᠡᠭᠰᠡᠨ ᠬᠠᠮᠤᠭ ᠤᠨ ᠲᠣᠮᠣ ᠪᠣᠭᠤᠮᠲᠠ ᠪᠣᠯᠤᠨ᠎ᠠ᠃       ᠵᠡᠭᠦᠨ ᠬᠡᠰᠡᠭ ᠤᠨ ᠡᠪᠦᠳᠦᠭ ᠪᠣᠭᠤᠮᠲᠠ᠂ ᠵᠡᠭᠦᠨ ᠬᠠᠳᠠᠪᠴᠢ ᠪᠣᠭᠤᠮᠲᠠ ᠨᠢ ᠭᠤᠣᠯᠳᠠᠭᠤ ᠳᠤᠮᠳᠠᠳᠤ ᠤᠯᠤᠰ ᠤᠨ ᠴᠢᠯᠠᠭᠤᠨ ᠲᠣᠰᠣᠨ ᠤ ᠳ᠋ᠠᠴᠢᠩ — ᠲᠠᠮᠴᠠᠭ ᠴᠢᠯᠠᠭᠤᠨ ᠲᠣᠰᠣᠨ ᠤ ᠠᠭᠤᠷᠬᠠᠶ ᠶᠢᠨ ᠦᠢᠯᠡᠳᠪᠦᠷᠢᠯᠡᠭᠰᠡᠨ ᠲᠦᠭᠦᠬᠡᠶ ᠲᠣᠰᠣ ᠶᠢ ᠲᠡᠭᠡᠭᠡᠪᠦᠷᠢᠯᠡᠬᠦ ᠪᠠᠷ ᠭᠤᠣᠯ ᠪᠣᠯᠭᠠᠵᠤ᠂ 2007 ᠣᠨ ᠠᠴᠠ ᠨᠠᠰᠢ ᠲᠦᠬᠦᠭᠡᠢ ᠲᠤᠰᠣ   ᠲᠡᠭᠡᠭᠡᠪᠦᠷᠢᠯᠡᠬᠦ ᠬᠡᠮᠵᠢᠶ᠎ᠡ ᠵᠢᠯ ᠳᠠᠷᠠᠭᠠᠯᠠᠨ ᠨᠡᠮᠡᠭᠳᠡᠵᠦ᠂ 2014 ᠣᠨ ᠳᠤ ᠬᠤᠶᠠᠷ ᠪᠣᠭᠤᠮᠲᠠ ᠶᠢᠨ ᠲᠦᠭᠦᠭᠡᠢ ᠲᠣᠰᠣ ᠲᠡᠭᠡᠭᠡᠪᠦᠷᠢᠯᠡᠬᠦ ᠬᠡᠮᠵᠢᠶ᠎ᠡ ᠨᠢ 80 ᠲᠦᠮᠡᠨ ᠲᠣᠨ ᠳᠤ ᠬᠦᠷᠪᠡ︔ ᠪᠠᠷᠠᠭᠤᠨ ᠬᠡᠰᠡᠭ ᠤᠨ ᠴᠡᠭᠡ ᠪᠣᠭᠤᠮᠲᠠ᠂ ᠭᠠᠭᠴᠠ ᠮᠣᠳᠣ ᠪᠣᠭᠤᠮᠲᠠ ᠨᠢ ᠭᠤᠣᠯᠳᠠᠭᠤ ᠮᠣᠩᠭᠤᠯ ᠤᠯᠤᠰ ᠲᠤ ᠨᠡᠭᠦᠷᠡᠰᠦ ᠲᠡᠭᠡᠭᠡᠪᠦᠷᠢᠯᠡᠬᠦ ᠪᠠᠷ ᠭᠤᠣᠯ ᠪᠣᠯᠭᠠᠵᠤ᠂ 2014 ᠣᠨ ᠳᠤ ᠪᠠᠷᠠᠭᠤᠨ ᠣᠷᠣᠨ ᠤ ᠬᠤᠶᠠᠷ ᠪᠣᠭᠤᠮᠲᠠ ᠶᠢᠨ ᠨᠡᠭᠦᠷᠡᠰᠦᠨ ᠲᠡᠭᠡᠭᠡᠪᠦᠷᠢ ᠨᠢ 1700 ᠭᠠᠷᠤᠢ ᠲᠦᠮᠡ ᠲᠣᠨ ᠳᠤ ᠬᠦᠷᠴᠦ᠂ ᠡᠭᠦᠨ ᠳᠤ ᠭᠠᠭᠴᠠ ᠮᠣᠳᠣ ᠪᠣᠭᠤᠮᠲᠠ ᠶᠢᠨ ᠨᠡᠭᠦᠷᠡᠰᠦᠨ ᠲᠡᠭᠡᠭᠡᠪᠦᠷᠢ ᠨᠢ ᠳᠥᠷᠪᠡᠨ ᠵᠢᠯ ᠳᠠᠷᠠᠭᠠᠯᠠᠨ ᠮᠢᠩᠭᠠᠨ ᠲᠦᠮᠡᠨ ᠲᠣᠨ ᠢ ᠳᠠᠪᠠᠪᠠ᠃       ᠳᠣᠲᠣᠭᠠᠳᠤ ᠬᠠᠭᠤᠷᠠᠶ ᠶᠢᠨ ᠮᠤᠵᠢ ᠣᠷᠣᠨ ᠪᠣᠯᠤᠭᠰᠠᠨ ᠤ ᠬᠤᠪᠢ ᠳᠤ᠂ ᠣᠳᠣᠬᠠᠨ ᠳᠤ ᠥᠪᠥᠷ ᠮᠣᠩᠭᠤᠯ ᠪᠦᠬᠦ ᠬᠦᠴᠦ ᠪᠠᠷ ᠢᠶᠠᠨ ᠳᠠᠯᠠᠢ ᠳᠤ ᠨᠡᠪᠲᠡᠷᠡᠬᠦ ᠬᠤᠶᠠᠷ ᠵᠠᠮ ᠢ ᠨᠡᠪᠲᠡᠷᠡᠭᠦᠯᠬᠦ ᠪᠠᠷ ᠪᠣᠢ᠃ ᠨᠢᠭᠡ ᠨᠢ ᠡᠷᠢᠶᠡᠨ ᠬᠤᠲᠠ ᠶᠢᠨ ᠪᠣᠭᠤᠮᠲᠠ ᠪᠠᠷ ᠡᠬᠢᠯᠡᠯᠲᠡ ᠪᠣᠯᠭᠠᠵᠤ᠂   ᠰᠢᠯᠢ ᠶᠢᠨ ᠬᠤᠲᠠ᠂   ᠤᠯᠠᠭᠠᠨᠬᠠᠳᠠ᠂ ᠰᠦᠢᠵᠦ᠋ᠩ ᠢᠶᠠᠷ ᠥᠩᠭᠡᠷᠡᠨ ᠵᠢᠩᠵᠸᠤ ᠭᠠᠷᠠᠮ ᠳᠤ ᠬᠦᠷᠦᠨ᠎ᠡ᠂ ᠥᠪᠥᠷ ᠮᠣᠩᠭᠤᠯ ᠤᠨ ᠬᠢᠯᠢ ᠳᠣᠲᠣᠷᠠᠬᠢ ᠵᠠᠰᠠᠮᠠᠯ ᠵᠠᠮ ᠤᠨ ᠪᠦᠬᠦ ᠣᠷᠳᠣ ᠨᠢ 822 ᠺᠢᠯᠣᠮᠧᠲᠷ   ᠪᠣᠯᠣᠨ᠎ᠠ᠃ ᠡᠷᠢᠶᠡᠨ ᠬᠤᠲᠠ ᠶᠢᠨ ᠪᠣᠭᠤᠮᠲᠠ —   ᠮᠠᠨᠳᠤᠯᠲᠤ ᠬᠦᠷᠬᠦ 120 ᠺᠢᠯᠣᠮᠧᠲᠷ ᠪᠣᠯᠣᠨ   ᠰᠢᠯᠢ ᠶᠢᠨ ᠬᠤᠲᠠ — ᠪᠡᠯᠭᠦᠲᠡᠢ ᠬᠦᠷᠬᠦ 103 ᠺᠢᠯᠣᠮᠧᠲᠷ ᠨᠢᠭᠡᠳᠦᠭᠡᠷ ᠳᠡᠰ ᠤᠨ ᠵᠠᠰᠠᠮᠠᠯ ᠵᠠᠮ ᠢ 2015 ᠣᠨ ᠠᠴᠠ ᠡᠬᠢᠯᠡᠨ ᠪᠦᠲᠦᠭᠡᠨ ᠪᠠᠶᠢᠭᠤᠯᠵᠤ᠂ 2017 ᠣᠨ ᠳᠤ ᠪᠠᠶᠢᠭᠤᠯᠵᠤ ᠳᠠᠭᠤᠰᠬᠠᠬᠤ ᠪᠠᠷ ᠲᠥᠯᠥᠪᠯᠡᠵᠦ ᠪᠤᠢ  ︔   ᠮᠠᠨᠳᠤᠯᠲᠤ —   ᠪᠡᠯᠭᠦᠲᠡᠢ ᠬᠦᠷᠬᠦ 120 ᠺᠢᠯᠣᠮᠧᠲᠷ ᠵᠠᠮ ᠢ ᠣᠳᠣ ᠶᠠᠭ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠵᠦ᠂ 2016 ᠣᠨ ᠳᠤ ᠡᠬᠢᠯᠡᠨ ᠪᠠᠶᠢᠭᠤᠯᠬᠤ ᠪᠠᠷ ᠲᠥᠯᠥᠪᠯᠡᠵᠦ ᠪᠣᠢ᠃ ᠨᠥᠭᠦᠭᠡ  ᠨᠢ ᠵᠡᠭᠦᠨ ᠬᠠᠳᠠᠪᠴᠢ ᠪᠣᠭᠤᠮᠲᠠ ᠠᠴᠠ ᠪᠠᠷᠠᠭᠤᠨ ᠦᠵᠦᠮᠦᠴᠢᠨ ᠬᠤᠰᠢᠭᠤ᠂ ᠤᠯᠠᠭᠠᠨᠬᠠᠳᠠ᠂ ᠰᠦᠢᠵᠦ᠋ᠩ ᠢᠶᠠᠷ ᠥᠩᠭᠡᠷᠡᠨ ᠵᠢᠩᠵᠸᠤ ᠭᠠᠷᠠᠮ ᠳᠤ ᠬᠦᠷᠦᠨ᠎ᠡ᠂ ᠥᠪᠥᠷ ᠮᠣᠩᠭᠤᠯ ᠤᠨ ᠬᠢᠯᠢ ᠳᠣᠲᠣᠷᠠᠬᠢ ᠵᠠᠰᠠᠮᠠᠯ ᠵᠠᠮ ᠤᠨ ᠪᠦᠬᠦ ᠣᠷᠳᠣ ᠨᠢ 650 ᠲᠦᠮᠡᠨ ᠺᠢᠯᠣᠮᠧᠲᠷ ᠪᠣᠯᠤᠨ᠎ᠠ᠃   ᠣᠳᠣᠬᠠᠨ ᠳᠤ ᠤᠯᠤᠰ ᠤᠨ ᠵᠠᠰᠠᠮᠠᠯ ᠵᠠᠮ ᠤᠨ 306 ᠱᠤᠭᠤᠮ ᠤᠨ ᠵᠡᠭᠦᠨ ᠬᠠᠳᠠᠪᠴᠢ ᠪᠣᠭᠤᠮᠲᠠ —   ᠪᠠᠷᠠᠭᠤᠨ ᠦᠵᠦᠮᠦᠴᠢᠨ ᠬᠤᠰᠢᠭᠤ — ᠯᠢᠨᠰᠢ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠲᠦᠯᠬᠢᠨ ᠠᠬᠢᠭᠤᠯᠵᠤ ᠪᠤᠢ᠂ ᠵᠡᠭᠦᠨ ᠬᠠᠳᠠᠪᠴᠢ ᠪᠣᠭᠤᠮᠲᠠ — ᠪᠠᠷᠠᠭᠤᠨ ᠦᠵᠦᠮᠦᠴᠢᠨ ᠬᠤᠰᠢᠭᠤᠨ ᠤ — ᠯᠢᠨᠰᠢ ᠶᠢᠨ ᠪᠦᠬᠦ ᠣᠷᠳᠣ ᠨᠢ ᠪᠠᠷᠤᠭ 320 ᠺᠢᠯᠣᠮᠧᠲᠷ ᠪᠠᠶᠢᠵᠤ᠂ ᠣᠳᠣᠬᠠᠨ ᠳᠤ ᠥᠪᠥᠷ ᠮᠣᠩᠭᠤᠯ ᠶᠠᠭ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠦᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ 2015 ᠣᠨ ᠠᠴᠠ ᠡᠬᠢᠯᠡᠨ ᠢᠳᠡᠭ ᠢᠳᠡᠭ ᠢᠶᠠᠷ ᠪᠦᠲᠦᠭᠡᠨ ᠪᠠᠶᠢᠭᠤᠯᠵᠤ᠂ ︽13· 5︾ ᠶᠢᠨ ᠬᠤᠭᠤᠴᠠᠭᠠᠨ ᠳᠤ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠬᠦ ᠪᠠᠷ ᠴᠢᠷᠮᠠᠶᠢᠵᠤ ᠪᠠᠶᠢᠨ᠎ᠠ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠪᠠᠰᠠ ᠴᠡᠭᠡ᠂ ᠭᠠᠭᠴᠠ ᠮᠣᠳᠣ᠂   ᠮᠠᠨᠳᠤᠯ᠎ᠠ ᠭᠤᠷᠪᠠᠨ ᠪᠣᠭᠤᠮᠲᠠ  ᠶᠢ ᠳᠣᠲᠣᠭᠠᠳᠤ ᠬᠠᠭᠤᠷᠠᠶ ᠶᠢᠨ ᠮᠤᠵᠢ ᠣᠷᠣᠨ ᠯᠤᠭ᠎ᠠ ᠬᠠᠷᠢᠯᠴᠠᠨ ᠬᠤᠯᠪᠣᠭᠠᠯᠠᠵᠤ ᠨᠡᠪᠲᠡᠷᠡᠯᠴᠡᠬᠦ ᠡᠬᠢ ᠪᠠᠶᠠᠯᠢᠭ ᠡᠨᠧᠷᠭᠢ ᠶᠢᠨ ᠵᠠᠮ ᠱᠤᠭᠤᠮ ᠤᠨ ᠪᠦᠲᠦᠭᠡᠨ ᠪᠠᠶᠢᠭᠤᠯᠤᠯᠲᠠ ᠵᠢᠴᠢ   ᠷᠠᠰᠢᠶᠠᠨ᠂ ᠡᠪᠦᠳᠦᠭ ᠪᠣᠯᠣᠨ ᠠᠷᠦ ᠬᠠᠰᠢᠶᠠᠲᠤ ᠵᠡᠷᠭᠡ ᠭᠤᠷᠪᠠᠨ ᠪᠣᠭᠤᠮᠲᠠ ᠶᠢᠨ ᠵᠢᠭᠤᠯᠴᠢᠯᠠᠯ ᠤᠨ ᠵᠠᠮ ᠤᠨ ᠪᠦᠲᠦᠭᠡᠨ ᠪᠠᠢᠭᠤᠯᠤᠯᠲᠠ ᠶᠢ ᠲᠡᠭᠦᠯᠳᠡᠷᠵᠢᠭᠦᠯᠵᠦ ᠪᠣᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠮᠦᠩᠬᠡ ᠭᠠᠯ ᠺᠣᠮᠫᠢᠦ᠋ᠲ᠋ᠧᠷ ᠰᠤᠹᠲ ᠤᠨ ᠪᠦᠷᠢᠨ ᠪᠤᠰᠤ ᠬᠠᠷᠢᠭᠤᠴᠠᠯᠭᠠᠳᠤ ᠺᠤᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号