ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦ ᠣᠷᠣᠨ ᠳᠤ ᠮᠠᠯᠵᠢᠬᠤ ᠲᠠᠷᠢᠶᠠᠯᠠᠬᠤ | ᠣᠷᠣᠨ ᠤ ᠠᠶᠤᠯ ᠦᠭᠡᠢ ᠤᠤᠭᠤᠬᠤ ᠤᠰᠤ ᠵᠡᠷᠭᠡ ︽ᠠᠷᠪᠠ ᠪᠠᠷ ᠪᠥᠬᠦᠨ ᠢ ᠬᠠᠮᠤᠷᠬᠤ︾ ᠢᠨᠵᠧᠨᠧᠷᠢᠩ ᠢ | ᠪᠡᠶᠡᠯᠡᠭᠦᠯᠬᠦ ᠱᠠᠭᠠᠷᠳᠠᠯᠭ᠎ᠠ ᠶᠣᠰᠣᠭᠠᠷ᠂ ᠡᠷᠢᠶᠡᠨ ᠬᠤᠲᠠ ᠬᠠᠮᠢᠶ᠎ᠡ ᠪᠦᠬᠦᠢ ᠲᠥᠷᠥᠯ ᠵᠦᠢᠯ ᠤᠨ ᠪᠦᠲᠦᠭᠡᠨ | ᠪᠠᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠬᠠᠮᠲᠤ ᠮᠠᠯᠵᠢᠬᠤ ᠲᠠᠷᠢᠶᠠᠯᠠᠬᠤ ᠣᠷᠣᠨ ᠤ ᠠᠶᠤᠯ ᠦᠭᠡᠢ | ᠤᠤᠭᠤᠬᠤ ᠤᠰᠤᠨ ᠤ ᠢᠨᠵᠧᠨᠧᠷᠢᠩ ᠢ ᠪᠦᠬᠦ ᠬᠤᠲᠠ ᠶᠢᠨ ᠭᠤᠣᠯᠳᠠᠯᠭ᠎ᠠ ᠲᠠᠢ ᠪᠦᠲᠦᠭᠡᠨ ᠪᠠᠢᠭᠤᠯᠤᠯᠲᠠ ᠶᠢᠨ | ᠲᠥᠷᠥᠯ ᠵᠦᠢᠯ ᠳᠤ ᠵᠢᠭᠰᠠᠭᠠᠨ ᠣᠷᠤᠭᠤᠯᠪᠠ᠃ ᠣᠳᠣᠬᠠᠨ ᠳᠤ᠂ ᠮᠠᠯᠵᠢᠬᠤ ᠲᠠᠷᠢᠶᠠᠯᠠᠬᠤ ᠣᠷᠣᠨ ᠤ ᠠᠶᠤᠯ ᠦᠭᠡᠢ | ᠤᠤᠭᠤᠬᠤ ᠤᠰᠤᠨ ᠤ ᠢᠨᠵᠧᠨᠧᠷᠢᠩ ᠵᠢᠴᠢ ᠠᠶᠤᠯ ᠦᠭᠡᠢ ᠤᠤᠭᠤᠬᠤ ᠤᠰᠤᠨ ᠤ ᠭᠦᠢᠬᠡᠨ ᠳᠠᠪᠬᠤᠷᠭ᠎ᠠ ᠶᠢᠨ | ᠣᠯᠠᠨ ᠲᠠᠯᠠᠲᠤ ᠬᠥᠨᠳᠡᠯᠡᠨ ᠢᠶᠠᠷ ᠤᠰᠤ ᠠᠪᠬᠤ ᠬᠤᠳᠳᠤᠭ ᠤᠨ ᠪᠠᠷᠢᠯᠭ᠎ᠠ ᠶᠢᠨ ᠠᠵᠢᠯ ᠢ ᠨᠢᠭᠡᠨᠲᠡ ᠪᠥᠬᠦᠨ ᠢ | ᠳᠠᠭᠤᠰᠬᠠᠭᠰᠠᠨ ᠪᠥᠭᠡᠳ ᠠᠵᠢᠯ ᠢᠶᠠᠨ ᠲᠤᠰᠢᠶᠠᠵᠤ᠂ ᠣᠳᠣ ᠶᠠᠭ ᠲᠤᠷᠰᠢᠨ ᠬᠡᠷᠡᠭᠯᠡᠵᠦ ᠪᠣᠢ᠂ ᠲᠤᠷᠰᠢᠨ ᠬᠡᠷᠡᠭᠯᠡᠬᠦ | ᠬᠤᠭᠤᠴᠠᠭ᠎ᠠ ︵2 ᠰᠠᠷ᠎ᠠ ᠠᠴᠠ ᠬᠠᠭᠠᠰ ᠵᠢᠯ ᠪᠣᠯᠣᠨ᠎ᠠ︶ ᠳᠠᠭᠤᠰᠤᠭᠰᠠᠨ ᠤ ᠳᠠᠷᠠᠭ᠎ᠠ ᠰᠢᠯᠭᠠᠨ ᠠᠪᠤᠨ᠎ᠠ᠃ |