ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2015 ᠣᠨ ᠤ ᠨᠠᠮᠤᠷ ᠤᠨ ᠤᠯᠠᠷᠢᠯ ᠤᠨ ᠲᠣᠮᠣ | ᠬᠡᠯᠪᠡᠷᠢ ᠶᠢᠨ ᠴᠢᠳᠠᠪᠤᠷᠢᠲᠠᠨ ᠤ ᠰᠣᠯᠢᠯᠴᠠᠭᠠᠨ ᠤ ᠴᠤᠭᠯᠠᠭᠠᠨ 9 ᠳ᠋ᠤᠭᠡᠷ ᠰᠠᠷ᠎ᠠ ᠶᠢᠨ 19 ᠤ ᠡᠳᠦᠷ ᠥᠪᠥᠷ | ᠮᠣᠩᠭᠤᠯ ᠤᠨ ᠦᠵᠡᠰᠬᠦᠯᠡᠩ ᠤᠨ ᠣᠷᠳᠣᠨ ᠳᠤ ᠡᠬᠢᠯᠡᠵᠦ᠂ ᠡᠭᠦᠨ ᠢᠶᠠᠷ ︽ᠲᠠᠯ᠎ᠠ ᠨᠤᠲᠤᠭ ᠤᠨ ᠰᠣᠳᠣᠨ | ᠴᠢᠳᠠᠪᠤᠷᠢᠲᠠᠨ︾ ᠢᠨᠵᠧᠨᠧᠷᠢᠩ ᠢ ᠥᠷᠭᠡᠳᠬᠡᠵᠦ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ | ᠴᠢᠳᠠᠪᠤᠷᠢᠲᠠᠨ ᠢ ᠠᠵᠤ ᠦᠢᠯᠡᠰ ᠤᠨ ᠲᠥᠷᠥᠯ ᠵᠦᠢᠯ ᠲᠠᠢ ᠵᠤᠯᠭᠠᠯᠳᠤᠭᠤᠯᠬᠤ ᠲᠠᠪᠴᠠᠩ ᠢ ᠪᠠᠶᠢᠭᠤᠯᠵᠤ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠬᠦᠭᠵᠢᠬᠦ ᠶᠢ ᠠᠬᠢᠭᠤᠯᠵᠤ᠂ | ᠳᠡᠭᠡᠳᠦ ᠰᠤᠷᠭᠠᠭᠤᠯᠢ ᠨᠤᠭᠤᠳ ᠠᠴᠠ ᠲᠡᠭᠦᠰᠦᠭᠰᠡᠳ ᠵᠢᠴᠢ ᠡᠯ᠎ᠡ ᠲᠥᠷᠥᠯ ᠤᠨ ᠴᠢᠳᠠᠪᠤᠷᠢᠲᠠᠨ ᠤ ᠠᠳᠠᠯ ᠦᠢᠯᠡᠰ | ᠴᠣᠭᠴᠠᠯᠠᠵᠤ ᠠᠵᠢᠯ ᠣᠯᠬᠤ ᠶᠢ ᠲᠦᠯᠬᠢᠨ ᠠᠬᠢᠭᠤᠯᠤᠨ᠎ᠠ᠃ ᠣᠶᠢᠯᠠᠭᠠᠭᠰᠠᠨ ᠢᠶᠠᠷ᠂ ᠴᠤᠭᠯᠠᠭᠠᠨ ᠤ ᠳᠡᠯᠭᠡᠨ | ᠦᠵᠡᠭᠦᠯᠦᠯᠲᠡ ᠳᠤ 150 ᠳᠤᠭᠤᠶᠢᠯᠠᠩ ᠭᠠᠷᠭᠠᠵᠤ᠂ ᠣᠷᠣᠨ ᠤ ᠳᠣᠲᠣᠷ᠎ᠠ ᠭᠠᠳᠠᠨᠠᠬᠢ ᠨᠡᠯᠢᠶᠡᠳ ᠠᠯᠳᠠᠷ ᠲᠠᠢ | ᠪᠥᠭᠡᠳ ᠪᠣᠳᠠᠲᠤ ᠬᠦᠴᠦᠨ ᠲᠠᠢ ᠤᠯᠤᠰ ᠤᠨ ᠥᠮᠴᠢᠯᠡᠯᠲᠦ᠂ ᠬᠠᠮᠲᠤ ᠶᠢᠨ ᠪᠠ ᠬᠤᠪᠢ ᠣᠷᠣᠭᠤᠯᠤᠭᠰᠠᠨ᠂ | ᠭᠠᠳᠠᠭᠠᠳᠤ ᠶᠢᠨ ᠬᠤᠳᠠᠯᠳᠤᠭᠠᠴᠢᠨ ᠪᠡᠯᠡ ᠣᠷᠤᠭᠤᠯᠤᠭᠰᠠᠨ᠂ ᠳᠡᠭᠡᠳᠦ ᠰᠢᠨ᠎ᠡ ᠮᠡᠷᠭᠡᠵᠢᠯ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠪᠣᠯᠤᠨ ᠶᠡᠭᠡ ᠲᠡᠭᠡᠳᠦ ᠰᠤᠷᠭᠠᠭᠤᠯᠢ ᠲᠤᠮᠳᠠ ᠵᠡᠷᠭᠡ ᠶᠢᠨ ᠲᠤᠰᠬᠠᠢ ᠮᠡᠷᠭᠡᠵᠢᠯ ᠤᠨ | ᠰᠤᠷᠭᠠᠭᠤᠯᠢ ᠵᠡᠷᠭᠡ ᠡᠯ᠎ᠡ ᠲᠥᠷᠥᠯ ᠤᠨ ᠬᠥᠮᠦᠨ ᠬᠡᠷᠡᠭᠯᠡᠬᠦ ᠨᠢᠭᠡᠴᠡ ᠶᠢ ᠣᠷᠢᠵᠤ ᠡᠯᠰᠡᠬᠦᠯᠬᠦ ᠪᠠᠷ ᠢᠷᠡᠭᠦᠯᠦᠨ᠎ᠡ᠂ | ᠵᠢᠱᠢᠯᠲᠡ ᠪᠠᠷ ᠡᠯ᠎ᠡ ᠲᠥᠷᠥᠯ ᠤᠨ ᠳᠤᠮᠳᠠ ᠳᠡᠭᠡᠳᠦ ᠳᠡᠰ ᠤᠨ ᠲᠤᠰᠬᠠᠶ ᠮᠡᠷᠭᠡᠵᠢᠯ᠂ ᠬᠠᠮᠢᠶᠠᠷᠤᠯᠲᠠ ᠶᠢᠨ | ᠴᠢᠳᠠᠪᠤᠷᠢᠲᠠᠨ᠂ ᠶᠡᠭᠡ ᠲᠡᠭᠡᠳᠦ ᠰᠤᠷᠭᠠᠭᠤᠯᠢ ᠲᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ | ᠣᠳᠣ ᠲᠡᠭᠦᠰᠦᠭᠰᠡᠨ ᠪᠣᠶᠣ ᠥᠩᠭᠡᠷᠡᠭᠰᠡᠨ ᠳᠤ ᠲᠡᠭᠦᠰᠦᠭᠰᠡᠳ ᠪᠣᠯᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ | ᠨᠡᠶᠢᠲᠡ ᠲᠦᠮᠡ ᠢᠯᠡᠭᠦᠦ ᠬᠥᠮᠦᠨ ᠴᠣᠭᠯᠠᠭᠠᠨ ᠳᠤ ᠣᠷᠣᠯᠴᠠᠬᠤ ᠪᠣᠯᠤᠨ᠎ᠠ᠃ ᠡᠭᠦᠨ ᠤ ᠬᠠᠮᠲᠤ ᠳᠡᠭᠡᠳᠦ | ᠰᠤᠷᠭᠠᠭᠤᠯᠢ ᠨᠤᠭᠤᠳ ᠠᠴᠠ ᠲᠡᠭᠦᠰᠦᠭᠰᠡᠳ ᠲᠤ ᠨᠡᠩ ᠰᠠᠶᠢᠨ ᠢᠶᠠᠷ ᠦᠢᠯᠡᠴᠢᠯᠡᠬᠦ ᠶᠢᠨ ᠲᠤᠰᠠᠳᠠ᠂ ᠥᠪᠡᠷᠲᠡᠭᠡᠨ | ᠵᠠᠰᠠᠬᠤ ᠣᠷᠣᠨ ᠴᠤᠭᠯᠠᠭᠠᠨ ᠳᠤ ᠣᠷᠣᠯᠴᠠᠬᠤ ᠨᠢᠭᠡᠴᠡ ᠶᠢ ᠬᠠᠮᠢᠶ᠎ᠠ ᠪᠦᠬᠦᠢ ᠬᠠᠣᠯᠢ ᠴᠠᠭᠠᠵᠠ᠂ ᠬᠠᠣᠯᠢ | ᠲᠣᠭᠲᠠᠭᠠᠯ ᠢ ᠵᠢᠷᠤᠮᠯᠠᠨ᠂ ᠠᠵᠢᠯ ᠡᠷᠢᠬᠦ ᠬᠥᠮᠥᠰ ᠠᠴᠠ ᠶᠠᠮᠠᠷᠪᠠ ᠬᠡᠯᠪᠡᠷᠢ ᠪᠠᠷ ᠵᠠᠷᠤᠳᠠᠯ ᠬᠤᠷᠢᠶᠠᠵᠤ ᠪᠣᠯᠬᠤ ᠦᠭᠡᠢ᠃ | ᠴᠤᠭᠯᠠᠭᠠᠨ ᠳᠤ ᠣᠷᠣᠯᠴᠠᠬᠤ ᠨᠢᠭᠡᠴᠡ ᠤᠷᠢᠭᠳᠠᠭᠰᠠᠳ ᠤᠨ ᠲᠣᠪᠴᠢ ᠨᠠᠮᠲᠠᠷ᠂ ᠠᠵᠢᠯ ᠡᠷᠢᠬᠦ ᠭᠤᠶᠤᠴᠢᠯᠠᠯ ᠵᠡᠷᠭᠡ | ᠮᠠᠲ᠋ᠧᠷᠢᠶᠠᠯ ᠤᠳ ᠢ ᠴᠤᠭᠯᠠᠭᠠᠨ ᠤ ᠲᠠᠯᠠᠪᠠᠢ ᠳᠤ ᠭᠡᠭᠡᠵᠦ ᠣᠷᠬᠢᠵᠤ ᠪᠣᠯᠬᠤ ᠦᠭᠡᠢ᠃ ᠠᠵᠢᠯ ᠡᠷᠢᠭᠴᠢᠳ ᠡᠷᠬᠡᠪᠰᠢ | ᠬᠤᠶᠠᠳᠣᠭᠠᠷ ᠦᠶ᠎ᠡ ᠶᠢᠨ ᠪᠡᠶ᠎ᠡ ᠶᠢᠨ ᠦᠨᠡᠮᠯᠡᠯ ᠢᠶᠠᠨ ᠠᠪᠴᠤ ᠴᠤᠭᠯᠠᠭᠠᠨ ᠤ ᠲᠠᠯᠠᠪᠠᠢ ᠳᠤ ᠣᠷᠣᠨ᠎ᠠ ᠭᠡᠵᠦ | ᠲᠣᠲᠤᠷᠬᠠᠢ ᠱᠠᠭᠠᠷᠳᠠᠪᠠ᠃ | ᠠᠵᠢᠯ ᠡᠷᠢᠭᠴᠢᠳ ᠠᠩᠬᠠᠷᠬᠤ ᠴᠢᠬᠤᠯᠠᠲᠠᠢ ᠨᠢ᠄ ᠴᠤᠭᠯᠠᠭᠠᠨ ᠤ ᠠᠮᠤᠷ ᠲᠦᠪᠰᠢᠨ ᠪᠥᠭᠡᠳ ᠡᠮᠬᠢ | ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠤᠰᠠᠳᠠ᠂ ᠳᠡᠭᠡᠳᠦ ᠰᠤᠷᠭᠠᠭᠤᠯᠢ ᠨᠤᠭᠤᠳ ᠠᠴᠠ ᠲᠡᠭᠦᠰᠦᠭᠰᠡᠳ | ᠵᠢᠴᠢ ᠠᠵᠢᠯ ᠡᠷᠢᠭᠴᠢᠳ ᠢ ᠪᠦᠯᠦᠭ ᠬᠤᠪᠢᠶᠠᠵᠤ ᠲᠠᠯᠠᠪᠠᠶ ᠳᠤ ᠣᠷᠤᠭᠤᠯᠤᠨ᠎ᠠ᠂ ᠪᠣᠳᠠᠲᠠᠶ ᠴᠠᠭ ᠨᠢ᠄ 19 ᠤ | ᠡᠳᠦᠷ ᠤᠨ 8᠄ 30-9᠄ 30 ᠪᠣᠯᠲᠠᠯ᠎ᠠ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ | ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ | ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ | ᠰᠤᠷᠭᠠᠭᠤᠯᠢ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠢᠨ ᠲᠠᠯᠠᠪᠠᠢ ᠳᠤ ᠣᠷᠣᠨ᠎ᠠ︔ | 9᠄ 30-10᠄ 30 ᠪᠣᠯᠲᠠᠯ᠎ᠠ᠂ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ᠂ ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ᠂ ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ᠂ ᠥᠪᠥᠷ ᠮᠣᠩᠭᠤᠯ ᠤᠨ ᠬᠤᠳᠠᠯᠳᠤᠭ᠎ᠠ ᠠᠷᠠᠯᠵᠢᠶᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ | ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠥᠬᠡᠬᠤᠲᠠ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ᠂ ᠬᠥᠬᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠬᠢᠨ | ᠲᠠᠯᠠᠪᠠᠢ ᠳᠤ ᠣᠷᠣᠨ᠎ᠠ︔ 10:30 ᠠᠴᠠ ᠬᠤᠶᠢᠰᠢ ᠠᠷᠠᠳ ᠠᠴᠠ ᠡᠷᠬᠢᠯᠡᠭᠰᠡᠨ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠵᠢᠴᠢ ᠭᠠᠳᠠᠷ ᠣᠷᠣᠨ ᠤ ᠳᠡᠭᠡᠳᠦ ᠰᠤᠷᠭᠠᠭᠤᠯᠢ ᠨᠤᠭᠤᠳ ᠤᠨ ᠬᠢᠨ ᠲᠠᠯᠠᠪᠠᠶ ᠳᠤ | ᠣᠷᠣᠨ᠎ᠠ᠃ |