ᠰᠤᠷᠪᠤᠯᠵᠢᠯᠠᠭᠰᠠᠨ ᠴᠠᠭ᠄ | 2015 ᠤᠨ ᠤ 8 ᠳ᠋ᠤᠭᠠᠷ ᠰᠠᠷ᠎ᠠ ᠶᠢᠨ 28 ᠤ ᠡᠳᠤᠷ ᠤᠨ 15 ᠴᠠᠭ | ᠰᠤᠷᠪᠤᠯᠵᠢᠯᠠᠭᠰᠠᠨ ᠵᠣᠴᠢᠨ᠄ | ᠦᠪᠡᠷᠳᠡᠭᠡᠨ ᠵᠠᠰᠠᠬᠤ ᠤᠷᠤᠨ ᠤ ᠬᠦᠭᠵᠢᠬᠦᠯᠦᠯᠳᠡ ᠪᠤᠯᠤᠨ ᠦᠬᠡᠷᠡᠴᠢᠯᠡᠯᠳᠡ ᠶᠢᠨ ᠵᠦᠪᠯᠡᠯ ᠤᠨ ᠳᠡᠳ᠋ ᠡᠷᠬᠢᠯᠡᠭᠴᠢ ᠸᠧᠨ ᠮᠢᠨ | | | | | 2014 ᠤᠨ ᠤ 8 ᠳ᠋ᠤᠭᠠᠷ ᠰᠠᠷ᠎ᠠ ᠳᠤ ᠲᠦᠷᠦ ᠶᠢᠨ ᠶᠠᠪᠤᠳᠠᠯ ᠤᠨ ᠬᠤᠷᠢᠶ᠎ᠠ ᠠᠴᠠ ︽ᠤᠶᠢᠷ᠎ᠠ ᠶᠢᠨ ᠬᠤᠭᠤᠴᠠᠭᠠᠨ ᠳᠤ ᠵᠡᠬᠦᠨ ᠬᠤᠶᠢᠳᠤ ᠤᠷᠤᠨ ᠢ | ᠳᠡᠮᠵᠢᠨ ᠬᠦᠭᠵᠢᠬᠦᠯᠬᠦ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠨᠦᠭᠦᠳ ᠤᠨ ᠲᠤᠬᠠᠢ ᠰᠠᠨᠠᠯ︾ ︵ᠲᠦᠷᠦ ᠲᠠᠷᠬᠠᠭᠠᠭᠰᠠᠨ ﹇2014] 28 | ᠳ᠋ᠤᠭᠠᠷ ᠳᠤᠭᠠᠳᠤ᠂ ᠳᠤᠷᠤᠭᠰᠢ 28 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠬᠡᠵᠦ ᠲᠦᠬᠦᠮᠴᠢᠯᠡᠨ᠎ᠡ︶ ᠢ ᠨᠡᠶᠢᠳᠡᠯᠡᠵᠦ᠂ ᠵᠡᠬᠦᠨ ᠬᠤᠶᠢᠳᠤ ᠤᠷᠤᠨ ᠤ ᠠᠵᠦ ᠠᠬᠤᠢ | ᠶᠢᠨ ᠨᠡᠮᠡᠭᠳᠡᠯ ᠤᠨ ᠬᠤᠷᠳᠤᠴᠠ ᠢᠯᠠᠳᠳᠠ ᠪᠠᠭᠤᠷᠠᠵᠦ ᠪᠠᠶᠢᠭ᠎ᠠ ᠠᠰᠢᠭ ᠦᠬᠡᠢ ᠪᠠᠶᠢᠳᠠᠯ ᠢ ᠬᠦᠴᠦ ᠲᠠᠯᠪᠢᠨ ᠡᠷᠬᠢᠬᠦᠯᠵᠦ᠂ ᠬᠦᠭᠵᠢᠯᠳᠡ ᠶᠢᠨ ᠬᠦᠴᠢᠷ ᠰᠡᠳᠤᠪ ᠢ | ᠰᠢᠪᠳᠤᠯᠤᠨ ᠰᠢᠢᠳᠪᠤᠷᠢᠯᠡᠵᠦ᠂ ᠵᠡᠭᠦᠨ ᠬᠤᠶᠢᠳᠤ ᠤᠷᠤᠨ ᠤ ᠠᠵᠦ ᠠᠬᠤᠢ ᠶᠢᠨ ᠴᠢᠨᠠᠷ ᠢ ᠳᠡᠭᠡᠭᠰᠢᠯᠡᠭᠦᠯᠦᠨ ᠠᠰᠢᠭ ᠢ ᠨᠡᠮᠡᠭᠳᠡᠭᠦᠯᠦᠨ ᠲᠡᠰ ᠢ ᠦᠰᠭᠡᠬᠦ ᠶᠢ | ᠠᠬᠢᠭᠤᠯᠬᠤ ᠪᠠᠷ ᠪᠤᠯᠪᠠ᠃ ᠮᠠᠨ ᠤ ᠤᠷᠤᠨ ᠲᠦᠷᠦ ᠲᠠᠷᠬᠠᠭᠠᠭᠰᠠᠨ 28 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠬᠢᠷᠬᠢᠨ ᠲᠤᠤᠱᠯᠠᠭᠤᠯᠣᠨ | ᠨᠠᠶᠢᠳᠠᠪᠤᠷᠢᠵᠢᠭᠤᠯᠬᠤ ᠶᠢ ᠨᠠᠷᠢᠨ ᠤᠶᠢᠯᠠᠭᠠᠬᠤ ᠶᠢᠨ ᠲᠤᠰᠠᠳᠠ᠂ ᠪᠢᠳᠡ ᠦᠪᠡᠷᠳᠡᠭᠡᠨ ᠵᠠᠰᠠᠬᠤ ᠤᠷᠤᠨ ᠤ ᠬᠦᠭᠵᠢᠬᠦᠯᠦᠯᠳᠡ ᠪᠤᠯᠤᠨ ᠦᠬᠡᠷᠡᠴᠢᠯᠡᠯᠳᠡ ᠶᠢᠨ ᠵᠦᠪᠯᠡᠯ | ᠤᠨ ᠳᠡᠳ᠋ ᠡᠷᠬᠢᠯᠡᠭᠴᠢ ᠸᠧᠨ ᠮᠢᠨ ᠢ ︽ᠳᠤᠮᠳᠠᠳᠤ ᠤᠯᠤᠰ ᠦᠪᠤᠷ ᠮᠤᠩᠭᠤᠯ︾ ᠰᠦᠯᠵᠢᠶᠡᠨ ᠳᠤ ᠤᠷᠢᠨ ᠵᠠᠯᠠᠵᠦ᠂ ᠰᠦᠯᠵᠢᠶᠡᠨ ᠠᠨᠳᠠ ᠨᠠᠷ ᠲᠠᠢ | ᠵᠤᠭᠤᠭᠳᠠᠭᠤᠯᠬᠤ ᠪᠠᠷ ᠪᠤᠯᠪᠠ᠂ ᠲᠤᠬᠠᠢ ᠶᠢᠨ ᠴᠠᠭ ᠲᠤ ᠰᠦᠯᠵᠢᠶᠡᠨ ᠠᠨᠳᠠ ᠨᠠᠷ ᠢᠳᠡᠪᠬᠢᠲᠡᠢ ᠤᠷᠤᠯᠴᠠᠬᠤ ᠪᠤᠯᠪᠠᠤ︕ | | | ᠰᠤᠷᠪᠤᠯᠵᠢᠯᠠᠨ ᠶᠠᠷᠢᠯᠴᠠᠭᠰᠠᠨ ᠲᠣᠪᠴᠢ᠄ | ᠬᠦᠳᠤᠯᠦᠭᠴᠢ᠄ ᠰᠦᠯᠵᠢᠶᠡᠨ ᠠᠨᠳᠠ ᠨᠠᠷ ᠰᠠᠶᠢᠨ ᠪᠠᠶᠢᠴᠠᠭᠠᠨᠠᠤ︖ ᠲᠠ ᠪᠦᠬᠦᠨ ︽ᠳᠤᠮᠳᠠᠳᠤ ᠤᠯᠤᠰ ᠦᠪᠤᠷ ᠮᠤᠩᠭᠤᠯ︾ ᠰᠦᠯᠵᠢᠶᠡᠨ ᠤ | ᠰᠤᠷᠪᠤᠯᠵᠢᠯᠠᠭ᠎ᠠ ᠶᠠᠷᠢᠯᠴᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠳᠤᠵᠦ ᠪᠠᠶᠢᠨ᠎ᠠ᠃ ᠦᠨᠦᠳᠤᠷ ᠪᠢᠳᠡᠨ ᠤ ᠤᠷᠢᠨ ᠵᠠᠯᠠᠭᠰᠠᠨ ᠵᠤᠴᠢᠨ ᠪᠤᠯ | ᠦᠪᠡᠷᠳᠡᠭᠡᠨ ᠵᠠᠰᠠᠬᠤ ᠤᠷᠤᠨ ᠤ ᠬᠦᠭᠵᠢᠬᠦᠯᠦᠯᠳᠡ ᠪᠤᠯᠤᠨ ᠦᠬᠡᠷᠡᠴᠢᠯᠡᠯᠳᠡ ᠶᠢᠨ ᠵᠦᠪᠯᠡᠯ ᠤᠨ ᠳᠡᠳ᠋ ᠡᠷᠬᠢᠯᠡᠭᠴᠢ ᠸᠧᠨ ᠮᠢᠨ ᠪᠤᠯᠤᠨ᠎ᠠ᠂ ᠳᠡᠷᠡ ᠤᠳᠤ ︽ᠲᠦᠷᠦ | ᠲᠠᠷᠬᠠᠭᠠᠭᠰᠠᠨ 28 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠢ ᠬᠢᠨᠠᠮᠠᠭᠠᠢ ᠲᠤᠤᠱᠯᠠᠭᠤᠯᠣᠨ ᠨᠠᠶᠢᠳᠠᠪᠤᠷᠢᠵᠢᠭᠤᠯᠵᠦ ᠵᠡᠬᠦᠨ ᠭᠡᠰᠡᠭ ᠤᠨᠠᠶᠢᠮᠠᠭ ᠬᠤᠳᠠ ᠶᠢᠨ ᠬᠦᠭᠵᠢᠨ | ᠮᠠᠨᠳᠤᠬᠤ ᠶᠢ ᠲᠦᠷᠭᠡᠳᠭᠡᠨ ᠠᠬᠢᠭᠤᠯᠤᠶ᠎ᠠ︾ ᠬᠡᠰᠡᠨ ᠭᠤᠤᠯ ᠰᠡᠳᠤᠪ ᠢᠶᠠᠷ ᠤᠯᠠᠨ ᠲᠠᠢ ᠵᠤᠭᠤᠭᠳᠠᠬᠤ ᠪᠤᠯᠤᠨ᠎ᠠ᠂ ᠲᠠ ᠪᠦᠬᠦᠨ ᠫᠷᠦᠭᠷᠡᠮ ᠳᠤ ᠢᠳᠡᠪᠬᠢᠲᠡᠢ | ᠤᠷᠤᠯᠴᠠᠬᠤ ᠶᠢ ᠪᠠᠶᠠᠷᠯᠠᠨ ᠤᠭᠳᠤᠵᠦ ᠪᠠᠶᠢᠨ᠎ᠠ᠃ ᠸᠧᠨ ᠡᠷᠬᠢᠯᠡᠭᠴᠢ ᠡ᠂ ᠲᠠᠨ ᠢ ᠪᠠᠶᠠᠷᠯᠠᠨ ᠤᠭᠳᠤᠵᠦ ᠪᠠᠶᠢᠨ᠎ᠠ︕ | ᠸᠧᠨ ᠮᠢᠨ᠄ ᠬᠦᠳᠤᠯᠦᠭᠴᠢ ᠰᠠᠶᠢᠨ ᠤᠤ︖ ᠰᠦᠯᠵᠢᠶᠡᠨ ᠠᠨᠳᠠ ᠨᠠᠷ ᠰᠠᠶᠢᠨ ᠪᠠᠶᠢᠴᠠᠭᠠᠨᠠᠤ︖ | ᠬᠦᠳᠦᠯᠦᠭᠴᠢ᠄ ᠸᠧᠨ ᠡᠷᠬᠢᠯᠡᠭᠴᠢ ᠡ᠂ ᠲᠠ ᠶᠠᠭᠤᠨ ᠤ ᠤᠷᠢᠳᠠᠲ᠋ᠦ᠋ᠷᠦ ᠲᠠᠷᠬᠠᠭᠠᠭᠰᠠᠨ 28 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠨᠢ ᠶᠠᠮᠠᠷ ᠶᠠᠮᠠᠷ ᠭᠤᠤᠯ | ᠤᠨᠴᠠᠯᠢᠭ ᠲᠠᠢ ᠪᠠᠶᠢᠬᠤ ᠶᠢ ᠲᠠᠶᠢᠯᠪᠤᠷᠢᠯᠠᠭᠠᠳ ᠦᠭᠬᠦᠨᠡᠤ︖ | ᠸᠧᠨ ᠮᠢᠨ᠄ ᠨᠢᠭᠡ ᠳᠤ ᠴᠢᠬᠤᠯᠠ ᠶᠡᠭᠡ ᠲᠦᠷᠦ ᠶᠢᠨ ᠪᠤᠳᠤᠯᠭ᠎ᠠ ᠳᠤ ᠴᠢᠭᠯᠡᠭᠦᠯᠵᠦ᠂ ᠲᠦᠷᠦ ᠶᠢᠨ ᠪᠤᠳᠤᠯᠭ᠎ᠠ ᠶᠢᠨ ᠦᠨ᠎ᠡ ᠴᠠᠨ᠎ᠠ ᠶᠢ ᠦᠨᠳᠤᠷᠵᠢᠬᠦᠯᠵᠦ᠂ | 28 ᠳ᠋ᠤᠭᠠᠷ ᠲᠤᠭᠠᠳᠤ ᠪᠢᠴᠢᠭ ᠮᠠᠲ᠋ᠧᠷᠢᠶᠠᠯ ᠳᠤ ᠪᠤᠳᠠᠲᠠᠢ ᠳᠡᠮᠵᠢᠯᠭᠡ ᠦᠵᠡᠬᠦᠯᠬᠦ ᠨᠡᠶᠢᠳᠡ140 ᠭᠠᠷᠤᠢ ᠲᠦᠷᠦ ᠶᠢᠨ ᠪᠤᠳᠤᠯᠭ᠎ᠠ ᠶᠢ ᠪᠠᠭᠳᠠᠭᠠᠭᠰᠠᠨ ᠪᠠᠶᠢᠨ᠎ᠠ᠃ | ᠬᠤᠶᠠᠷ ᠲᠤ ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠲᠠᠯ᠎ᠠ ᠪᠠᠷ ᠠᠷᠭ᠎ᠠ ᠤᠬᠠᠭᠠᠨ ᠭᠠᠷᠭᠠᠵᠦ᠂ ᠵᠡᠬᠦᠨ ᠬᠤᠶᠢᠳᠤ ᠤᠷᠤᠨ ᠤ ᠵᠠᠰᠠᠭ ᠢ | ᠴᠤᠮᠬᠠᠳᠬᠠᠨ ᠡᠷᠬᠡ ᠶᠢ ᠲᠤᠷᠤᠭᠰᠢ ᠪᠠᠭᠤᠯᠭᠠᠬᠤ᠂ ᠤᠯᠤᠰ ᠤᠨ ᠦᠮᠴᠢᠯᠡᠯ ᠤᠨ ᠠᠵᠦ ᠠᠬᠤᠶᠢᠯᠠᠯ ᠤᠨ ᠦᠬᠡᠷᠡᠴᠢᠯᠡᠯᠳᠡ᠂ ᠨᠡᠶᠢᠳᠡ ᠶᠢᠨ ᠦᠮᠴᠢᠯᠡᠯ ᠤᠨ ᠪᠤᠰᠤ | ᠠᠵᠦ ᠠᠬᠤᠶᠢᠯᠠᠯ ᠤᠨ ᠬᠦᠭᠵᠢᠯᠳᠡ ᠶᠢ ᠳᠡᠮᠵᠢᠬᠦ᠂ ᠬᠦᠳᠡᠭᠡ ᠠᠵᠦ ᠠᠬᠤᠢ ᠶᠢᠨ ᠦᠬᠡᠷᠡᠴᠢᠯᠡᠯᠳᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠦᠬᠡᠷᠡᠴᠢᠯᠡᠯᠳᠡ᠂ ᠡᠬᠢ ᠪᠠᠶᠠᠯᠢᠭ ᠤᠨ ᠬᠡᠯᠪᠡᠷᠢᠳᠤ ᠬᠤᠳᠠ ᠶᠢᠨ ᠦᠬᠡᠷᠡᠴᠢᠯᠡᠯᠳᠡ ᠶᠢ ᠠᠬᠢᠭᠤᠯᠬᠤ ᠵᠡᠷᠭᠡ ᠲᠠᠯ᠎ᠠ ᠪᠠᠷ ᠴᠦᠮ ᠪᠦᠳᠤᠮᠵᠢᠲᠠᠢ ᠰᠡᠳᠬᠢᠬᠦᠢ ᠪᠤᠯᠤᠨ | ᠠᠷᠭ᠎ᠠ ᠶᠢ ᠲᠤᠷᠠᠳᠴᠠᠢ᠃ ᠭᠤᠷᠪᠠ ᠳᠤ ᠪᠡᠯᠡ ᠤᠷᠤᠭᠤᠯᠤᠯᠳᠠ ᠶᠢᠨ ᠵᠠᠩᠬᠢᠯᠠᠭ᠎ᠠ ᠶᠢᠨ ᠴᠢᠨᠠᠷᠲᠠᠢ ᠦᠢᠯᠡᠳᠤᠯ ᠢ ᠬᠦᠢᠴᠡᠳ ᠪᠠᠳᠠᠷᠠᠭᠤᠯᠵᠦ᠂ ᠪᠡᠯᠡ ᠤᠷᠤᠭᠤᠯᠤᠯᠳᠠ | ᠶᠢᠨ ᠪᠦᠳᠤᠴᠡ ᠶᠢ ᠰᠢᠯᠢᠳᠡᠭᠵᠢᠬᠦᠯᠵᠦ᠂ ᠪᠡᠯᠡ ᠮᠦᠩᠬᠦᠨ ᠤ ᠤᠷᠤᠭᠤᠯᠤᠯᠳᠠ ᠶᠢᠨ ᠬᠠᠨᠳᠤᠰᠢ ᠶᠢ ᠴᠢᠬᠤᠯᠠᠴᠢᠯᠠᠵᠦ᠂ ᠤᠯᠠᠨ ᠨᠡᠶᠢᠳᠡ ᠶᠢᠨ ᠰᠠᠭᠤᠷᠢ ᠪᠡᠯᠡᠳᠭᠡᠮᠵᠢ | ᠪᠤᠯᠤᠨ ᠲᠤᠮᠤ ᠴᠢᠬᠤᠯᠠ ᠰᠠᠭᠤᠷᠢ ᠴᠢᠨᠠᠷᠲᠠᠢ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠦᠷᠦᠯ ᠵᠦᠢᠯ ᠢ ᠲᠦᠪᠯᠡᠷᠡᠬᠦᠯᠦᠨ ᠳᠡᠮᠵᠢᠬᠦ ᠪᠤᠯᠭᠠᠵᠠᠢ᠃ | ᠬᠦᠳᠦᠯᠦᠭᠴᠢ᠄ ᠲᠦᠷᠦ ᠲᠠᠷᠬᠠᠭᠠᠭᠰᠠᠨ 28 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠳᠤ ᠶᠠᠮᠠᠷ ᠶᠠᠮᠠᠷ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠨᠦᠭᠦᠳ | ᠪᠠᠶᠢᠬᠤ ᠪᠤᠢ︖ | ᠸᠧᠨ ᠮᠢᠨ ᠄ ᠲᠦᠷᠦ ᠲᠠᠷᠬᠠᠭᠠᠭᠰᠠᠨ 28 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠨᠢ ᠤᠶᠢᠷ᠎ᠠ ᠶᠢᠨ ᠬᠤᠭᠤᠴᠠᠭᠠᠨ ᠳᠤ ᠵᠡᠬᠦᠨ ᠬᠤᠶᠢᠳᠤ ᠤᠷᠤᠨ ᠢ | ᠳᠡᠮᠵᠢᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠪᠤᠯᠤᠨ ᠴᠢᠬᠤᠯᠠ ᠲᠤᠮᠤ ᠢᠨᠵᠧᠨᠧᠷᠢᠩ ᠤᠨ ᠲᠦᠷᠦᠯ ᠵᠦᠢᠯ ᠳᠤ ᠴᠢᠭᠯᠡᠬᠦᠯᠦᠨ᠂ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠢ ᠬᠦᠴᠤ ᠲᠠᠯᠪᠢᠨ ᠬᠦᠭᠵᠢᠭᠡᠬᠦ᠂ ᠤᠯᠤᠰ ᠤᠨ ᠦᠮᠴᠢᠯᠡᠯ ᠤᠨ ᠠᠵᠦ ᠠᠬᠤᠶᠢᠯᠠᠯ ᠤᠨ ᠦᠬᠡᠷᠡᠴᠢᠯᠡᠯᠳᠡ ᠶᠢ ᠬᠦᠨᠵᠡᠭᠡᠶᠢᠷᠡᠬᠦᠯᠬᠦ᠂ ᠰᠢᠨ᠎ᠡ ᠶᠢ | ᠡᠭᠦᠳᠬᠦ ᠪᠠᠷ ᠬᠦᠭᠵᠢᠯᠳᠡ ᠶᠢᠨ ᠬᠦᠳᠡᠯᠬᠡᠬᠦᠷ ᠪᠤᠯᠭᠠᠬᠤ᠂ ᠠᠵᠦ ᠦᠢᠯᠡᠰ ᠤᠨ ᠦᠷᠢᠰᠤᠯᠳᠤᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠲᠡᠰ ᠳᠡᠪᠰᠢᠬᠦᠯᠬᠦ᠂ ᠬᠦᠳᠡᠭᠡ | ᠠᠵᠦ ᠠᠬᠤᠢ ᠶᠢᠨ ᠦᠷᠭᠦᠯᠵᠢᠳᠡ ᠬᠦᠭᠵᠢᠬᠦ ᠴᠢᠳᠠᠪᠤᠷᠢ ᠶᠢ ᠨᠡᠮᠡᠭᠳᠡᠭᠦᠯᠬᠦ᠂ ᠬᠤᠳᠠ ᠶᠢᠨ ᠬᠡᠯᠪᠡᠷᠢ ᠶᠢ ᠬᠤᠪᠢᠷᠠᠭᠤᠯᠤᠨ ᠬᠦᠭᠵᠢᠬᠦᠯᠬᠦ ᠶᠢ ᠠᠬᠢᠭᠤᠯᠬᠤ᠂ ᠲᠤᠮᠤ | ᠴᠢᠬᠤᠯᠠ ᠰᠠᠭᠤᠷᠢ ᠪᠡᠯᠡᠳᠭᠡᠮᠵᠢ ᠶᠢᠨ ᠪᠦᠳᠤᠭᠡᠨ ᠪᠠᠶᠢᠭᠤᠯᠤᠯᠳᠠ ᠶᠢ ᠲᠦᠷᠭᠡᠨ ᠠᠬᠢᠭᠤᠯᠬᠤ᠂ ᠠᠷᠠᠳ ᠤᠨ ᠠᠮᠢᠳᠤᠷᠠᠯ ᠢ ᠦᠨᠡᠨᠬᠦ ᠪᠠᠳᠤᠯᠠᠨ ᠰᠠᠶᠢᠵᠢᠷᠠᠭᠤᠯᠬᠤ᠂ ᠠᠮᠢ | ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠬᠤ᠂ ᠴᠢᠯᠤᠭᠡᠲᠠᠢ ᠶᠠᠪᠤᠯᠴᠠᠬᠤ ᠪᠠ ᠬᠤᠷᠰᠢᠯᠴᠠᠬᠤ ᠶᠢ ᠪᠦᠬᠦ ᠲᠠᠯ᠎ᠠ ᠪᠠᠷ ᠦᠷᠭᠡᠳᠬᠡᠬᠦ᠂ ᠲᠦᠷᠦ | ᠶᠢᠨ ᠪᠤᠳᠤᠯᠭ᠎ᠠ ᠶᠢᠨ ᠲᠠᠯ᠎ᠠ ᠪᠠᠷ ᠪᠠᠳᠤᠯᠠᠬᠤ ᠪᠠ ᠵᠤᠬᠢᠶᠠᠨ ᠪᠠᠶᠢᠭᠤᠯᠤᠨ ᠬᠡᠷᠡᠭᠵᠢᠬᠦᠯᠬᠦ ᠶᠢ ᠴᠢᠩᠭᠠᠷᠠᠭᠤᠯᠬᠤ ᠵᠡᠷᠭᠡ11 ᠲᠠᠯ᠎ᠠ ᠶᠢᠨ35 ᠵᠦᠢᠯ ᠤᠨ ᠲᠦᠷᠦ ᠶᠢᠨ | ᠪᠤᠳᠤᠯᠭ᠎ᠠ ᠶᠢᠨ ᠠᠷᠭ᠎ᠠ ᠭᠡᠮᠵᠢᠶ᠎ᠡ ᠶᠢ ᠲᠤᠷᠠᠳᠤᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠵᠡᠬᠦᠨ ᠬᠤᠶᠢᠳᠤ ᠤᠷᠤᠨ ᠤ ᠲᠤᠮᠤ ᠴᠢᠬᠤᠯᠠ ᠲᠦᠷᠦᠯ ᠵᠦᠢᠯ ᠤᠨ | ᠪᠦᠳᠤᠭᠡᠨ ᠪᠠᠶᠢᠭᠤᠯᠤᠯᠳᠠ ᠶᠢ ᠤᠯᠠᠮ ᠲᠦᠷᠭᠡᠳᠬᠡᠬᠦ ᠶᠢᠨ ᠲᠤᠰᠠᠳᠠ᠂ ᠤᠯᠤᠰ ᠤᠨ ᠬᠦᠭᠵᠢᠬᠦᠯᠦᠯᠳᠡ ᠪᠤᠯᠤᠨ ᠦᠬᠡᠷᠡᠴᠢᠯᠡᠯᠳᠡ ᠶᠢᠨ ᠵᠦᠪᠯᠡᠯ ᠲᠦᠷᠦ ᠲᠠᠷᠬᠠᠭᠠᠭᠰᠠᠨ | 28 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠲᠠᠢ ᠢᠵᠢ ᠪᠦᠷᠢᠳᠤᠭᠦᠯᠦᠨ ᠵᠡᠭᠦᠨ ᠬᠤᠶᠢᠳᠤ ᠤᠷᠤᠨ ᠳᠤ ᠪᠠᠶᠢᠭᠤᠯᠵᠦ ᠪᠠᠶᠢᠭ᠎ᠠ ᠪᠠ ᠪᠠᠶᠢᠭᠤᠯᠬᠤ ᠬᠡᠵᠦ ᠪᠠᠶᠢᠭ᠎ᠠ ᠲᠤᠮᠤ | ᠴᠢᠬᠤᠯᠠ ᠲᠦᠷᠦᠯ ᠵᠦᠢᠯ ᠤᠨ ᠬᠦᠰᠦᠨᠦᠭᠳᠤ ᠶᠢ ᠨᠡᠶᠢᠳᠡᠯᠡᠵᠦ᠂ ᠮᠠᠨ ᠤ ᠤᠷᠤᠨ ᠤ ᠵᠡᠭᠦᠨ ᠬᠡᠰᠡᠭ ᠤᠨ ᠠᠶᠢᠮᠠᠭ ᠬᠤᠳᠠ ᠶᠢᠨ29 ᠭᠤᠤᠯᠳᠠᠯᠭ᠎ᠠ ᠲᠠᠢ ᠲᠦᠷᠦᠯ ᠵᠦᠢᠯ | ᠲᠡᠭᠦᠨ ᠳᠤ ᠵᠢᠭᠰᠠᠭᠠᠭᠳᠠᠭᠰᠠᠨ ᠪᠠᠶᠢᠨ᠎ᠠ᠃ | ᠬᠦᠳᠤᠯᠦᠭᠴᠢ᠄ ᠦᠪᠡᠷᠳᠡᠭᠡᠨ ᠵᠠᠰᠠᠬᠤ ᠤᠷᠤᠨ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠲᠦᠷᠦ ᠲᠠᠷᠬᠠᠭᠠᠭᠰᠠᠨ 28 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠢ | ᠲᠤᠤᠱᠯᠠᠭᠤᠯᠤᠨ ᠨᠠᠶᠢᠳᠠᠪᠤᠷᠢᠵᠢᠭᠤᠯᠵᠦ ᠪᠠᠶᠢᠭ᠎ᠠ ᠪᠤᠢ︖ | ᠸᠧᠨ ᠮᠢᠨ᠄ ᠲᠦᠷᠦ ᠲᠠᠷᠬᠠᠭᠠᠭᠰᠠᠨ 28 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠭᠰᠠᠨ ᠤ ᠲᠠᠷᠠᠭ᠎ᠠ᠂ ᠦᠪᠡᠷᠳᠡᠭᠡᠨ ᠵᠠᠰᠠᠬᠤ ᠤᠷᠤᠨ | ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠡᠭᠡᠳᠤ ᠭᠡᠮᠵᠢᠶ᠎ᠡ ᠪᠠᠷ ᠬᠦᠨᠳᠤᠳᠭᠡᠨ ᠦᠵᠡᠵᠦ᠂ ᠴᠠᠭ ᠳᠠᠷᠤᠢ ᠳᠤᠨᠢ ︽ᠦᠪᠤᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ︽ᠤᠶᠢᠷ᠎ᠠ ᠶᠢᠨ ᠬᠤᠭᠤᠴᠠᠭᠠᠨ ᠳᠤ ᠵᠡᠬᠦᠨ ᠬᠤᠶᠢᠳᠤ ᠤᠷᠤᠨ ᠢ ᠳᠡᠮᠵᠢᠨ ᠬᠦᠭᠵᠢᠬᠦᠯᠬᠦ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ | ᠨᠦᠭᠦᠳ ᠤᠨ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠭᠤᠤᠯᠳᠠᠯᠭ᠎ᠠ ᠲᠠᠢ ᠡᠭᠦᠷᠭᠡ ᠶᠢ ᠬᠤᠪᠢᠶᠠᠷᠢᠯᠠᠬᠤ | ᠲᠦᠰᠦᠯ ᠤᠨ ᠲᠤᠬᠠᠢ ᠮᠡᠳᠡᠭᠳᠡᠯ︾ ︵ᠦᠪᠤᠷ ᠵᠠᠰᠠᠭ ᠦᠰᠦᠭ ﹇2015﹈ 246 ᠲᠤᠭᠠᠳᠤ︶ ᠢ ᠲᠤᠭᠳᠠᠭᠠᠨ ᠲᠠᠷᠬᠠᠭᠠᠵᠦ᠂ ᠵᠡᠭᠦᠨ ᠬᠡᠰᠡᠭ ᠤᠨ ᠠᠶᠢᠮᠠᠭ ᠬᠤᠳᠠ | ᠂ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠤᠨ 28 ᠳ᠋ᠤᠭᠠᠷ ᠲᠤᠭᠠᠳᠤ ᠪᠢᠴᠢᠭ ᠮᠠᠲ᠋ᠧᠷᠢᠶᠠᠯ ᠢ ᠬᠦᠴᠤᠲᠠᠢ ᠠᠷᠭ᠎ᠠ ᠬᠡᠮᠵᠢᠶ᠎ᠡ | ᠠᠪᠴᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠠᠪᠤᠳᠠᠯ ᠢ ᠬᠢᠨᠠᠮᠠᠭᠠᠢ ᠲᠤᠬᠢᠷᠠᠭᠤᠯᠤᠨ ᠪᠠᠶᠢᠷᠢᠯᠠᠭᠤᠯᠪᠠ᠃ | ᠨᠢᠭᠡ ᠳᠤ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠵᠤᠬᠢᠶᠠᠨ ᠪᠠᠶᠢᠭᠤᠯᠤᠨ ᠰᠤᠷᠤᠯᠴᠠᠪᠠ ᠃ ᠤᠯᠤᠰ ᠤᠨ ᠬᠦᠭᠵᠢᠬᠦᠯᠦᠯᠳᠡ ᠪᠤᠯᠤᠨ | ᠦᠬᠡᠷᠡᠴᠢᠯᠡᠯᠳᠡ ᠶᠢᠨ ᠵᠦᠪᠯᠡᠯ ᠤᠨ ᠬᠦᠭᠵᠢᠨ ᠮᠠᠨᠳᠤᠭᠤᠯᠬᠤ ᠵᠤᠷᠭᠠᠨ ᠤ ᠤᠳᠤᠷᠢᠳᠤᠯᠭ᠎ᠠ ᠶᠢ ᠤᠷᠢᠨ ᠵᠠᠯᠠᠵᠦ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ | ᠤ 46 ᠳ᠋ᠤᠭᠠᠷ ᠬᠤᠭᠤᠴᠠᠭᠠᠨ ᠤ ᠤᠳᠤᠷᠢᠳᠬᠤ ᠺᠠᠳ᠋ᠷ ᠤᠨ ᠬᠤᠤᠰ ᠠᠮᠠᠷᠠᠯᠳᠠ ᠶᠢᠨ ᠡᠳᠤᠷ ᠤᠨ ᠲᠠᠶᠢᠯᠤᠮᠵᠢ ᠶᠢᠨ ᠬᠤᠷᠠᠯ ᠳᠡᠭᠡᠷ᠎ᠡ 28 ᠳ᠋ᠤᠭᠠᠷ ᠲᠤᠭᠠᠳᠤ ᠪᠢᠴᠢᠭ | ᠮᠠᠲ᠋ᠧᠷᠢᠶᠠᠯ ᠤᠨ ᠴᠢᠬᠤᠯᠠ ᠵᠤᠷᠢᠭ ᠰᠠᠨᠠᠭ᠎ᠠ ᠶᠢ ᠲᠠᠶᠢᠯᠪᠤᠷᠢᠯᠠᠭᠤᠯᠪᠠ᠃ | ᠬᠤᠶᠠᠷ ᠲᠤ ᠲᠤᠰᠬᠠᠢ ᠬᠤᠷᠠᠯ ᠬᠢᠵᠦ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠦᠪᠡᠷᠳᠡᠭᠡᠨ ᠵᠠᠰᠠᠬᠤ ᠤᠷᠤᠨ ᠤ | ᠵᠠᠰᠠᠭ ᠤᠨ ᠤᠷᠳᠤᠨ ᠵᠡᠬᠦᠨ ᠬᠤᠶᠢᠳᠤ ᠤᠷᠤᠨ ᠢ ᠬᠦᠭᠵᠢᠬᠦᠯᠦᠨ ᠮᠠᠨᠳᠤᠭᠤᠯᠬᠤ ᠵᠡᠷᠭᠡ ᠬᠠᠭᠤᠴᠢᠨ ᠠᠵᠦ ᠦᠢᠯᠡᠳᠪᠤᠷᠢ ᠶᠢᠨ ᠰᠠᠭᠤᠷᠢᠨ ᠭᠠᠵᠠᠷ ᠤᠨ ᠤᠳᠤᠷᠢᠳᠬᠤ | ᠳᠤᠭᠤᠶᠢᠯᠠᠩ ︵ᠦᠷᠭᠡᠳᠭᠡᠭᠰᠡᠨ︶ ᠤᠨ ᠬᠤᠷᠠᠯ ᠪᠠ ᠦᠪᠡᠷᠳᠡᠭᠡᠨ ᠵᠠᠰᠠᠬᠤ ᠤᠷᠤᠨ ᠤ ᠲᠤᠮᠤ ᠴᠢᠬᠤᠯᠠ ᠲᠦᠷᠦᠯ ᠵᠦᠢᠯ ᠤᠨ ᠳᠤᠬᠢᠷᠠᠭᠤᠯᠭ᠎ᠠ ᠶᠢᠨ ᠬᠤᠷᠠᠯ ᠢ | ᠵᠤᠬᠢᠶᠠᠨ ᠪᠠᠶᠢᠭᠤᠯᠤᠨ ᠬᠤᠷᠠᠯᠳᠤᠭᠤᠯᠵᠦ᠂ 28 ᠳ᠋ᠤᠭᠠᠷ ᠲᠤᠭᠠᠳᠤ ᠪᠢᠴᠢᠭ ᠮᠠᠲ᠋ᠧᠷᠢᠶᠠᠯ ᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ 29 ᠭᠤᠤᠯᠳᠠᠯᠭ᠎ᠠ | ᠲᠠᠢ ᠲᠦᠷᠦᠯ ᠵᠦᠢᠯ ᠢ ᠪᠦᠳᠤᠭᠡᠨ ᠪᠠᠶᠢᠭᠤᠯᠬᠤ ᠲᠠᠷᠠᠭ᠎ᠠ ᠠᠯᠬᠤᠮ ᠤᠨᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠭᠤᠷᠪᠠ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠤᠭᠳᠠᠴᠠ ᠶᠢ ᠪᠠᠶᠢᠭᠤᠯᠤᠨ ᠳᠡᠭᠦᠯᠳᠡᠷᠵᠢᠬᠦᠯᠪᠠ᠃ ᠵᠡᠬᠦᠨ ᠬᠡᠰᠡᠭ ᠤᠨ ᠡᠯ᠎ᠡ ᠠᠶᠢᠮᠠᠭ | ᠬᠤᠳᠠ᠂ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ 28 ᠳ᠋ᠤᠭᠠᠷ ᠪᠢᠴᠢᠭ ᠮᠠᠲ᠋ᠧᠷᠢᠶᠠᠯ ᠤᠨ ᠭᠤᠤᠯᠳᠠᠯᠭ᠎ᠠ ᠲᠠᠢ ᠡᠭᠦᠷᠭᠡ ᠶᠢᠨ | ᠡᠬᠡ ᠳᠠᠩᠰᠠ ᠶᠢ ᠲᠤᠰ ᠲᠤᠰ ᠲᠤᠭᠳᠠᠭᠠᠵᠦ᠂ ᠴᠠᠭ ᠤᠨ ᠬᠦᠰᠦᠨᠦᠭᠳᠤ ᠪᠤᠯᠤᠨ ᠱᠤᠭᠤᠮ ᠤᠨ ᠵᠢᠷᠤᠭ ᠢ ᠳᠤᠳᠤᠷᠬᠠᠶᠢᠯᠠᠵᠠᠢ᠃ | ᠲᠦᠷᠪᠠ ᠳᠤ ᠲᠤᠤᠱᠯᠠᠭᠤᠯᠤᠨ ᠨᠠᠶᠢᠳᠠᠪᠤᠷᠢᠵᠢᠭᠤᠯᠵᠦ ᠪᠠᠶᠢᠭ᠎ᠠ ᠪᠠᠶᠢᠳᠠᠯ ᠢ ᠲᠤᠰᠬᠠᠢ ᠰᠢᠮᠳᠠᠭᠤᠯᠤᠨ ᠪᠠᠶᠢᠴᠠᠭᠠᠪᠠ᠃ ᠦᠪᠡᠷᠳᠡᠭᠡᠨ ᠵᠠᠰᠠᠬᠤ ᠤᠷᠤᠨ ᠤ ᠵᠠᠰᠠᠭ | ᠤᠨ ᠤᠷᠳᠤᠨ ᠤ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠵᠡᠬᠦᠨ ᠬᠡᠰᠡᠭ ᠤᠨ ᠡᠯ᠎ᠡ ᠠᠶᠢᠮᠠᠭ ᠬᠤᠳᠠ ᠳᠤ ᠬᠦᠷᠴᠤ 28 ᠳ᠋ᠤᠭᠠᠷ ᠲᠤᠭᠠᠳᠤ ᠪᠢᠴᠢᠭ ᠮᠠᠲ᠋ᠧᠷᠢᠶᠠᠯ ᠢ | ᠲᠤᠤᠱᠯᠠᠭᠤᠯᠤᠨ ᠨᠠᠶᠢᠳᠠᠪᠤᠷᠢᠵᠢᠭᠤᠯᠵᠦ ᠪᠠᠶᠢᠭ᠎ᠠ ᠠᠬᠢᠴᠠ ᠶᠢᠨ ᠪᠠᠶᠢᠳᠠᠯ᠂ ᠤᠷᠤᠰᠢᠵᠦ ᠪᠠᠶᠢᠭ᠎ᠠ ᠠᠰᠠᠭᠤᠳᠠᠯ ᠵᠢᠴᠢ ᠲᠠᠷᠠᠭ᠎ᠠ ᠠᠯᠬᠤᠮ ᠳᠠᠬᠢ ᠰᠠᠨᠠᠭᠤᠯᠭ᠎ᠠ ᠵᠡᠷᠭᠡ | ᠪᠠᠶᠢᠳᠠᠯ ᠢ ᠲᠤᠰᠬᠠᠢ ᠪᠠᠶᠢᠴᠠᠭᠠᠨ ᠰᠤᠳᠤᠯᠪᠠ᠂ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠤᠨ ᠲᠤᠤᠱᠯᠠᠭᠤᠯᠤᠨ | ᠨᠠᠶᠢᠳᠠᠪᠤᠷᠢᠵᠢᠭᠤᠯᠵᠦ ᠪᠠᠶᠢᠭ᠎ᠠ ᠪᠠᠶᠢᠳᠠᠯ ᠢ ᠪᠢᠴᠢᠭ ᠢᠶᠠᠷ ᠰᠢᠮᠳᠠᠭᠤᠯᠤᠨ ᠪᠠᠶᠢᠴᠠᠭᠠᠪᠠ᠃ | ᠬᠦᠳᠤᠯᠦᠭᠴᠢ᠄ 28 ᠳ᠋ᠤᠭᠠᠷ ᠪᠢᠴᠢᠭ ᠮᠠᠲ᠋ᠧᠷᠢᠶᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠦᠪᠡᠷᠳᠡᠭᠡᠨ ᠵᠠᠰᠠᠬᠤ ᠤᠷᠤᠨ ᠤ ᠠᠬᠢᠴᠠ ᠶᠢᠨ | ᠪᠠᠶᠢᠳᠠᠯ ᠶᠠᠮᠠᠷ ᠪᠠᠶᠢᠭ᠎ᠠ ᠪᠤᠢ︖ | ᠸᠧᠨ ᠮᠢᠨ᠄ ᠤᠳᠤ ᠪᠤᠯᠳᠠᠯ᠎ᠠ᠂ 28 ᠳ᠋ᠤᠭᠠᠷ ᠲᠤᠭᠠᠳᠤ ᠪᠢᠴᠢᠭ ᠮᠠᠲ᠋ᠧᠷᠢᠶᠠᠯ ᠳᠤ ᠮᠠᠨ ᠤ ᠤᠷᠤᠨ ᠳᠤ ᠬᠤᠯᠪᠤᠭᠳᠠᠭᠰᠠᠨ ᠭᠤᠤᠯᠳᠠᠯᠭ᠎ᠠ ᠲᠠᠢ ᠡᠭᠦᠷᠭᠡ | ᠪᠤᠯᠤᠨ ᠲᠤᠮᠤ ᠴᠢᠬᠤᠯᠠ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠢᠳᠡᠪᠬᠢᠲᠠᠢ ᠠᠬᠢᠵᠦ ᠪᠠᠶᠢᠨ᠎ᠠ᠃ ᠲᠦᠷᠦ ᠶᠢᠨ ᠪᠤᠳᠤᠯᠭ᠎ᠠ ᠶᠢᠨ ᠡᠭᠦᠷᠭᠡ ᠶᠢᠨ | ᠨᠠᠶᠢᠳᠠᠪᠤᠷᠢᠵᠢᠭᠤᠯᠤᠯᠳᠠ ᠶᠢᠨ ᠲᠠᠯ᠎ᠠ ᠪᠠᠷ᠄ | ᠨᠢᠭᠡ ᠳᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠤᠨ ᠢ ᠤᠯᠠᠮ ᠢᠯᠡᠭᠦᠤ ᠬᠦᠭᠵᠢᠭᠡᠪᠡ᠃ ᠦᠪᠡᠷᠳᠡᠭᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ | ᠰᠢᠶᠠᠨ ᠭᠤᠷᠪᠠᠨ ᠱᠠᠳᠤᠨ ᠤ ᠡᠷᠭᠡ ᠶᠢᠨ ᠨᠠᠷᠢᠨ ᠳᠠᠩᠰᠠ ᠶᠢ ᠨᠡᠶᠢᠳᠡᠯᠡᠵᠦ᠂ ᠭᠤᠷᠪᠠᠨ ᠱᠠᠳᠤ ᠪᠠᠷ ᠢᠶᠠᠨ ᠬᠤᠯᠪᠤᠭᠠᠯᠠᠨ ᠬᠦᠳᠡᠯᠦᠯᠴᠡᠬᠦ᠂ ᠡᠷᠬᠡ ᠬᠠᠷᠢᠭᠤᠴᠠᠯᠭ᠎ᠠ ᠢᠯᠡ | ᠲᠤᠳᠤᠷᠬᠠᠢ ᠪᠠᠶᠢᠬᠤ᠂ ᠪᠦᠬᠦ ᠤᠷᠤᠨ ᠢ ᠪᠦᠷᠭᠦᠭᠰᠡᠨ ᠵᠠᠰᠠᠭ ᠤᠨ ᠤᠷᠳᠤᠨ ᠤ ᠡᠷᠬᠡ ᠶᠢᠨ ᠨᠠᠷᠢᠨ ᠳᠠᠩᠰᠠ ᠶᠢᠨ ᠰᠢᠰᠲ᠋ᠧᠮᠵᠢ ᠶᠢ ᠠᠩᠬ᠎ᠠ ᠠᠯᠬᠤᠮ ᠪᠦᠷᠢᠳᠤᠭᠦᠯᠪᠠ᠃ | ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠡᠬᠦᠨ ᠬᠡᠰᠡᠭ ᠤᠨ ᠠᠶᠢᠮᠠᠭ ᠬᠤᠳᠠ ᠶᠢᠨ ᠬᠢᠯᠢ ᠶᠢᠨ ᠭᠠᠳᠠᠨ᠎ᠠ ᠨᠡᠶᠢᠯᠡᠬᠦᠯᠦᠨ ᠬᠤᠳᠠᠯᠳᠤᠨ ᠠᠪᠬᠤ | ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠳᠠ ᠶᠢᠨ ᠲᠤᠷᠰᠢᠯᠳᠠ ᠶᠢᠨ ᠠᠵᠢᠯᠯᠠᠬᠤ ᠲᠦᠰᠦᠯ︾ ᠢ ᠲᠤᠭᠳᠠᠭᠠᠪᠠ᠃ ᠦᠪᠡᠷᠳᠡᠭᠡᠨ ᠵᠠᠰᠠᠬᠤ ᠤᠷᠤᠨ ᠤ ᠵᠠᠰᠠᠭ ᠤᠨ | ᠤᠷᠳᠤᠨ ︽ᠤᠯᠠᠨ ᠨᠡᠶᠢᠳᠡ ᠶᠢᠨ ᠦᠢᠯᠡᠴᠢᠯᠡᠭᠡᠨ ᠤ ᠬᠦᠷᠢᠶᠡᠨ ᠳᠤ ᠵᠠᠰᠠᠭ ᠤᠨ ᠤᠷᠳᠤᠨ ᠪᠤᠯᠤᠨ ᠨᠡᠶᠢᠭᠡᠮ ᠤᠨ ᠬᠦᠷᠦᠩᠬᠡ ᠶᠢᠨ ᠬᠤᠷᠰᠢᠯᠴᠠᠭ᠎ᠠ ᠶᠢᠨ ᠵᠠᠭᠪᠤᠷᠰᠢᠯ ᠢ | ᠳᠡᠯᠭᠡᠷᠡᠬᠦᠯᠬᠦ ᠲᠤᠬᠠᠢ ᠬᠡᠷᠡᠭᠵᠢᠬᠦᠯᠬᠦ ᠰᠠᠨᠠᠯ︾ ᠢ ᠲᠠᠷᠤᠮᠠᠯᠯᠠᠨ ᠲᠠᠷᠬᠠᠭᠠᠵᠦ᠂PPP ᠲᠦᠷᠦᠯ ᠵᠦᠢᠯ ᠤᠨ ᠪᠡᠯᠡ ᠮᠦᠩᠬᠦ᠂ ᠮᠦᠩᠬᠦᠨ ᠬᠦᠢᠯᠬᠡᠬᠡ᠂ ᠭᠠᠶᠢᠯᠢ ᠶᠢᠨ | ᠵᠠᠷᠤᠳᠠᠯ᠂ ᠭᠠᠵᠠᠷ ᠬᠡᠷᠡᠭᠯᠡᠯᠳᠡ ᠵᠡᠷᠬᠡ ᠲᠠᠯ᠎ᠠ ᠶᠢᠨ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠲᠤᠷᠠᠳᠤᠨ ᠭᠠᠷᠭᠠᠪᠠ᠃ ᠵᠠᠰᠠᠭ ᠤᠨ ᠤᠷᠳᠤᠨ ᠪᠤᠯᠤᠨ ᠨᠡᠶᠢᠭᠡᠮ ᠤᠨ | ᠬᠦᠷᠦᠩᠬᠡ ᠶᠢᠨ ᠬᠤᠷᠰᠢᠯᠴᠠᠭ᠎ᠠ ᠶᠢᠨ ᠵᠠᠭᠪᠤᠷᠰᠢᠯ ᠢ ᠶᠡᠭᠡ ᠪᠠᠷ ᠳᠡᠯᠭᠡᠷᠡᠬᠦᠯᠵᠦ᠂ ᠦᠪᠡᠷᠳᠡᠭᠡᠨ ᠵᠠᠰᠠᠬᠤ ᠤᠷᠤᠨ ᠤ PPP ᠲᠦᠷᠦᠯ ᠵᠦᠢᠯ ᠤᠨ ᠬᠦᠮᠦᠷᠭᠡ ᠶᠢ | ᠳᠡᠭᠦᠯᠳᠡᠷᠵᠢᠬᠦᠯᠵᠦ᠂ ᠪᠦᠬᠦ ᠤᠷᠤᠨ ᠳᠤ ᠬᠦᠮᠦᠷᠬᠡᠯᠡᠬᠦ ᠲᠦᠷᠦᠯ ᠵᠦᠢᠯ 201 ᠪᠠᠶᠢᠵᠦ᠂ 2278 ᠳ᠋ᠦᠩᠰᠢᠭᠤᠷ ᠲᠦᠬᠦᠷᠢᠭ ᠤᠨ ᠶᠡᠷᠦᠩᠬᠡᠢ ᠪᠡᠯᠡ ᠤᠷᠤᠭᠤᠯᠬᠤ ᠪᠠᠷ | ᠲᠦᠯᠦᠪᠯᠡᠵᠦ ᠪᠤᠢ᠃ | ᠬᠤᠶᠠᠷ ᠲᠤ ᠰᠢᠨ᠎ᠡ ᠶᠢ ᠡᠭᠦᠳᠬᠦ ᠪᠠᠷ ᠬᠦᠭᠵᠢᠯᠳᠡ ᠶᠢᠨ ᠬᠦᠳᠡᠯᠭᠡᠬᠦᠷ ᠪᠤᠯᠭᠠᠪᠠ᠃ ᠤᠳᠤᠬᠠᠨ ᠳᠤ᠂ ᠦᠪᠡᠷᠳᠡᠭᠡᠨ ᠵᠡᠰᠠᠬᠤ ᠤᠷᠤᠨ ᠠᠮᠢᠳᠤ ᠪᠤᠳᠠᠰ᠂ | ᠰᠢᠨ᠎ᠡ ᠡᠳ᠋ ᠮᠠᠲ᠋ᠧᠷᠢᠶᠠᠯ᠂ ᠡᠨᠧᠷᠬᠢ ᠠᠷᠪᠢᠯᠠᠯᠳᠠ ᠤᠷᠴᠢᠨ ᠲᠤᠭᠤᠷᠢᠨ ᠤ ᠬᠠᠮᠠᠭᠠᠯᠠᠯᠳᠠ᠂ ᠡᠯᠧᠺᠲᠷᠤᠨ ᠮᠡᠳᠡᠭᠡ ᠵᠠᠩᠬᠢ᠂ ᠳᠡᠭᠡᠳᠤ ᠮᠡᠷᠭᠡᠵᠢᠯ ᠤᠨ ᠦᠢᠯᠡᠴᠢᠯᠡᠭᠡᠨ ᠤ | ᠦᠢᠯᠡᠰ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠬᠤ ᠠᠵᠦ ᠦᠢᠯᠡᠰ ᠤᠨ ᠬᠦᠷᠢᠶᠡᠨ ᠤ ᠬᠦᠭᠵᠢᠯᠳᠡ ᠶᠢᠨ ᠲᠦᠯᠦᠪᠵᠢᠬᠦᠯᠬᠡ ᠶᠢ ᠶᠠᠭ | ᠰᠤᠳᠤᠯᠤᠨ ᠲᠤᠭᠳᠠᠭᠠᠵᠦ᠂ ᠵᠡᠬᠦᠨ ᠬᠡᠰᠡᠭ ᠤᠨ ᠠᠶᠢᠮᠠᠭ ᠬᠤᠳᠠ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠬᠤ ᠠᠵᠦ ᠦᠢᠯᠠᠰ ᠤᠨ ᠴᠢᠳᠠᠮᠵᠢ | ᠶᠢᠨ ᠤᠷᠤᠨ ᠪᠠᠶᠢᠷᠢ᠂ ᠠᠵᠦ ᠦᠢᠯᠠᠰ ᠤᠨ ᠪᠠᠶᠢᠷᠢᠰᠢᠭᠤᠯᠤᠯᠳᠠ ᠪᠤᠯᠤᠨ ᠭᠤᠤᠯ ᠡᠭᠦᠷᠭᠡ ᠶᠢ ᠤᠯᠠᠮ ᠨᠢᠬᠡ ᠠᠯᠬᠤᠮ ᠳᠤᠳᠤᠷᠬᠠᠶᠢᠯᠠᠪᠠ᠃ | ᠭᠤᠷᠪᠠ ᠳᠤ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠲᠦᠷᠭᠡᠨ ᠠᠬᠢᠭᠤᠯᠪᠠ᠃ ᠵᠡᠬᠦᠨ ᠬᠡᠰᠡᠭ ᠤᠨ ᠠᠶᠢᠮᠠᠭ ᠬᠤᠳᠠ ᠶᠢᠨ ᠬᠤᠳᠠ | ᠪᠠᠯᠭᠠᠰᠤᠨ ᠤ ᠰᠠᠭᠤᠷᠢ ᠪᠡᠯᠡᠳᠬᠡᠮᠵᠢ ᠶᠢᠨ ᠪᠦᠳᠤᠭᠡᠨ ᠪᠠᠶᠢᠭᠤᠯᠤᠯᠳᠠ ᠲᠦᠷᠭᠡᠨ ᠠᠬᠢᠵᠦ᠂2015 ᠤᠨ ᠳᠤ ᠦᠪᠡᠷᠳᠡᠭᠡᠨ ᠵᠠᠰᠠᠬᠤ ᠤᠷᠤᠨ ᠤ ᠲᠤᠰ ᠱᠠᠳᠤ 5 | ᠳ᠋ᠦᠩᠰᠢᠭᠤᠷ ᠲᠦᠬᠦᠷᠢᠭ ᠤᠨ ᠲᠤᠰᠬᠠᠢ ᠪᠠᠯᠡ ᠮᠦᠩᠬᠦ ᠲᠤᠬᠢᠷᠠᠭᠤᠯᠵᠦ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠵᠢᠴᠢ ᠬᠤᠳᠠ ᠬᠦᠳᠡᠭᠡ ᠶᠢᠨ ᠤᠯᠠᠨ | ᠨᠡᠶᠢᠳᠡ ᠶᠢᠨ ᠪᠡᠯᠡᠳᠭᠡᠮᠵᠢ ᠶᠢᠨ ᠪᠦᠳᠤᠭᠡᠨ ᠪᠠᠶᠢᠭᠤᠯᠤᠯᠳᠠ ᠶᠢ ᠳᠡᠮᠵᠢᠪᠠ᠃ ᠤᠳᠤ ᠪᠤᠯᠬᠤ ᠳᠤ ᠮᠠᠨ ᠤ ᠤᠷᠤᠨ ᠪᠡᠶ᠎ᠡ ᠪᠠᠨ ᠲᠠᠭᠠᠭᠠᠭᠰᠠᠨ ᠦᠢᠯᠡᠳᠪᠤᠷᠢ ᠠᠭᠤᠷᠬᠠᠢ | ᠶᠢᠨ ᠤᠷᠤᠨ ᠪᠤᠯᠤᠨ ᠬᠤᠳᠠ ᠲᠤᠭᠤᠷᠢᠭ ᠤᠨ ᠬᠠᠭᠤᠴᠢᠨ ᠠᠵᠦ ᠦᠢᠯᠡᠳᠪᠤᠷᠢ ᠶᠢᠨ ᠲᠤᠭᠤᠷᠢᠭ ᠢ ᠨᠡᠭᠦᠯᠬᠡᠨ ᠦᠬᠡᠷᠡᠴᠢᠯᠡᠬᠦ ᠲᠤᠰᠬᠠᠢ ᠲᠦᠷᠦᠯ ᠵᠦᠢᠯ ᠳᠤ ᠲᠦᠪ | ᠤᠨ ᠲᠦᠰᠦᠪ ᠤᠨ ᠳᠤᠳᠤᠷᠠᠬᠢ ᠪᠡᠯᠡ ᠤᠷᠤᠭᠤᠯᠤᠯᠳᠠ ᠶᠢᠨ ᠨᠦᠬᠦᠪᠤᠷᠢ ᠪᠡᠯᠡ ᠮᠦᠩᠬᠦ ᠶᠢ ᠨᠡᠶᠢᠳᠡ57315 ᠲᠦᠮᠡᠨ ᠲᠦᠬᠦᠷᠢᠭ ᠪᠤᠯᠤᠨ25884 ᠲᠦᠮᠡᠨ | ᠲᠦᠬᠦᠷᠢᠭ ᠤᠯᠪᠠ᠃ | ᠲᠦᠷᠪᠠ ᠳᠤ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠡᠷᠴᠢᠮ ᠢ ᠴᠢᠩᠭᠠᠯᠠᠪᠠ᠃ ᠵᠡᠭᠦᠨ ᠬᠡᠰᠡᠭ ᠤᠨ ᠠᠶᠢᠮᠠᠭ ᠬᠤᠳᠠ ᠶᠢᠨ ︽ᠠᠷᠪᠠ ᠪᠠᠷ | ᠪᠦᠬᠦᠨ ᠢ ᠬᠠᠮᠤᠷᠬᠤ︾ ᠢᠨᠵᠧᠨᠧᠷᠢᠩ ᠲᠦᠷᠭᠡᠨ ᠠᠬᠢᠵᠦ᠂ ᠰᠠᠭᠤᠷᠢ ᠰᠤᠷᠭᠠᠨ ᠬᠦᠮᠤᠵᠢᠯ᠂ ᠰᠤᠶᠤᠯ ᠬᠡᠬᠡᠷᠡᠯ ᠵᠢᠴᠢ ᠨᠡᠶᠢᠭᠡᠮ ᠤᠨ ᠦᠢᠯᠡᠴᠢᠯᠡᠭᠡ ᠵᠡᠷᠭᠡ ᠤᠯᠠᠨ | ᠨᠡᠶᠢᠳᠡ ᠶᠢᠨ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠳᠠᠰᠤᠷᠠᠯᠳᠠ ᠦᠬᠡᠢ ᠴᠢᠩᠭᠠᠳᠴᠤ᠂ ᠶᠠᠭ ᠠᠵᠢᠯ ᠣᠯᠭᠤᠯᠲᠠ ᠦᠬᠡᠢ ᠭᠡᠷ ᠪᠦᠯᠢ ᠳᠤ ᠠᠯᠢ ᠴᠦᠬᠡᠨ | ᠳᠡᠭᠡᠨ ᠨᠢᠭᠡ ᠬᠦᠮᠤᠨ ᠳᠤ ᠠᠵᠢᠯ ᠤᠯᠭᠤᠪᠠ᠃ 2015 ᠤᠨ ᠳᠤ᠂ ᠵᠡᠬᠦᠨ ᠬᠡᠰᠡᠭ ᠤᠨ ᠠᠶᠢᠮᠠᠭ ᠬᠤᠳᠠ ᠶᠢᠨ ᠪᠠᠳᠤᠯᠠᠭ᠎ᠠ ᠶᠢᠨ ᠴᠢᠨᠠᠷᠲᠠᠢ ᠬᠢᠮᠳᠠ ᠤᠷᠤᠨ | ᠰᠠᠭᠤᠴᠠ ᠶᠢᠨ ᠪᠠᠷᠢᠯᠭ᠎ᠠ ᠶᠢᠨ ᠪᠦᠳᠤᠭᠡᠨ ᠪᠠᠶᠢᠭᠤᠯᠤᠯᠳᠠ ᠶᠢᠨ ᠡᠭᠦᠷᠭᠡ12.51 ᠲᠦᠮᠡᠨ ᠢᠵᠢ ᠪᠠᠶᠢᠵᠦ᠂7.8 ᠲᠦᠮᠡᠨ ᠢᠵᠢ ᠶᠢ ᠨᠢ ᠦᠨᠳᠤᠰᠤᠨ ᠳᠡᠭᠡᠨ | ᠪᠠᠶᠢᠭᠤᠯᠪᠠ᠃ | ᠲᠠᠪᠤ ᠳᠤ ᠠᠮᠢ ᠠᠬᠤᠢ ᠶᠢᠨ ᠬᠠᠮᠠᠭᠠᠯᠠᠯᠳᠠ ᠶᠢᠨ ᠪᠦᠳᠤᠭᠡᠨ ᠪᠠᠶᠢᠭᠤᠯᠤᠯᠳᠠ ᠶᠢ ᠤᠯᠠᠮ ᠴᠢᠩᠭᠠᠳᠬᠠᠪᠠ᠃ ᠠᠮᠢ ᠠᠬᠤᠢ ᠶᠢᠨ ᠪᠤᠯᠪᠠᠰᠤᠨ ᠤ ᠪᠦᠳᠤᠭᠡᠨ | ᠪᠠᠶᠢᠭᠤᠯᠤᠯᠳᠠ ᠶᠢ ᠲᠦᠷᠭᠡᠨ ᠠᠬᠢᠭᠤᠯᠬᠤ ᠲᠤᠬᠠᠢ ᠦᠪᠡᠷᠳᠡᠭᠡᠨ ᠵᠠᠰᠠᠬᠤ ᠤᠷᠤᠨ ᠤ ᠬᠡᠷᠭᠵᠢᠬᠦᠯᠬᠦ ᠲᠦᠰᠦᠯ ᠢ ᠶᠠᠭ ᠰᠤᠳᠤᠯᠤᠨ ᠨᠠᠶᠢᠷᠠᠭᠤᠯᠵᠦ ᠪᠤᠢ᠃ ᠪᠦᠬᠦ ᠤᠷᠤᠨ | ᠤ ᠠᠭᠤᠷᠬᠠᠢ ᠭᠠᠵᠠᠷ ᠰᠢᠨᠵᠢᠯᠡᠭᠡᠨ ᠤ ᠤᠷᠴᠢᠨ ᠳᠤᠭᠤᠷᠢᠨ ᠤ ᠬᠠᠮᠠᠭᠠᠯᠠᠯᠳᠠ ᠬᠢᠭᠡᠳ ᠵᠠᠰᠠᠯᠳᠠ ᠶᠢᠨ ᠲᠦᠯᠦᠪᠵᠢᠬᠦᠯᠬᠡ ᠶᠢ ᠲᠤᠭᠳᠠᠭᠠᠭᠠᠳ᠂ ᠠᠭᠤᠷᠬᠠᠢ ᠭᠠᠵᠠᠷ | ᠰᠢᠨᠵᠢᠯᠡᠭᠡᠨ ᠤ ᠤᠷᠴᠢᠨ ᠳᠤᠭᠤᠷᠢᠨ ᠢ ᠵᠠᠰᠠᠬᠤ ᠪᠠ ᠠᠮᠢ ᠠᠬᠤᠢ ᠶᠢ ᠰᠡᠷᠬᠦᠬᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠪᠠ᠃ | ᠵᠢᠷᠭᠤᠭ᠎ᠠ ᠳᠤ ᠭᠤᠤᠯᠳᠠᠯᠭ᠎ᠠ ᠲᠠᠢ ᠨᠡᠭᠡᠭᠡᠯᠳᠡ ᠶᠢᠨ ᠳᠠᠪᠴᠠᠩ ᠤᠨ ᠪᠦᠳᠤᠭᠡᠨ ᠪᠠᠶᠢᠭᠤᠯᠤᠯᠳᠠ ᠶᠢ ᠲᠦᠷᠭᠡᠳᠭᠡᠪᠠ ᠃ ᠦᠪᠡᠷᠳᠡᠭᠡᠨ ᠵᠠᠰᠠᠬᠤ ᠤᠷᠤᠨ ᠤ | ᠵᠠᠰᠠᠭ ᠤᠨ ᠤᠷᠳᠤᠨ ︽ᠦᠪᠤᠷ ᠮᠤᠩᠭᠤᠯ ᠤᠨ ᠮᠤᠩᠭᠤᠯ ᠤᠯᠤᠰ ᠯᠤᠭ᠎ᠠ ᠪᠦᠬᠦ ᠲᠠᠯ᠎ᠠ ᠪᠠᠷ ᠬᠤᠷᠰᠢᠯᠴᠠᠬᠤ ᠶᠢ ᠬᠦᠨᠵᠡᠶᠢᠭᠡᠶᠢᠷᠡᠭᠦᠯᠬᠦ ᠲᠦᠯᠦᠪᠵᠢᠬᠦᠯᠭᠡ ᠶᠢᠨ | ᠬᠦᠳᠤᠯᠪᠤᠷᠢ ︾ ᠲᠠᠷᠤᠮᠠᠯᠯᠠᠨ ᠲᠠᠷᠬᠠᠭᠠᠪᠠ᠃ ᠮᠠᠨᠵᠤᠤᠷ᠂ ᠡᠷᠢᠶᠡᠨ ᠬᠤᠳᠠ ᠶᠢᠨ ᠭᠤᠤᠯᠳᠠᠯᠭ᠎ᠠ ᠲᠠᠢ ᠨᠡᠭᠡᠭᠡᠨ ᠬᠦᠭᠵᠢᠬᠦᠯᠬᠦ ᠲᠤᠷᠰᠢᠯᠳᠠ ᠶᠢᠨ ᠤᠷᠤᠨ ᠤ ᠪᠦᠳᠤᠭᠡᠨ | ᠪᠠᠶᠢᠭᠤᠯᠤᠯᠳᠠ ᠡᠮᠬᠢ ᠵᠢᠷᠤᠮ ᠲᠠᠢ ᠠᠬᠢᠵᠦ᠂ ᠮᠠᠨᠵᠤᠤᠷ ᠤᠨ ᠶᠡᠷᠦᠩᠬᠡᠶᠢᠯᠡᠭᠰᠡᠨ ᠭᠠᠶᠢᠯᠢ ᠪᠠᠳᠤᠯᠠᠬᠤ ᠤᠷᠤᠨ ᠪᠠᠶᠢᠭᠤᠯᠬᠤ ᠶᠠᠪᠤᠳᠠᠯ ᠨᠢ ᠲᠦᠷᠦ ᠶᠢᠨ ᠶᠠᠪᠤᠳᠠᠯ ᠤᠨ | ᠬᠤᠷᠢᠶᠠᠨ ᠤ ᠵᠦᠪᠰᠢᠶᠡᠷᠡᠯ ᠢ ᠤᠯᠵᠦ᠂ ︽ᠡᠷᠢᠶᠡᠨ ᠬᠤᠳᠠ ᠶᠢᠨ ᠭᠤᠤᠯᠳᠠᠯᠭ᠎ᠠ ᠲᠠᠢ ᠨᠡᠭᠡᠭᠡᠨ ᠬᠦᠭᠵᠢᠬᠦᠯᠬᠦ ᠲᠤᠷᠰᠢᠳᠠ ᠶᠢᠨ ᠤᠷᠤᠨ ᠤ ᠪᠦᠳᠤᠭᠡᠨ ᠪᠠᠶᠢᠭᠤᠯᠤᠯᠳᠠ | ᠶᠢᠨ ᠶᠡᠷᠦᠩᠬᠡᠢ ᠲᠦᠯᠦᠪᠵᠢᠬᠦᠯᠬᠡ︾ ᠶᠢ ᠶᠠᠭ ᠱᠠᠯᠠᠪᠳᠠᠨ ᠨᠠᠶᠢᠷᠠᠭᠤᠯᠵᠦ᠂ ︽ᠬᠦᠯᠤᠨ ᠪᠤᠶᠢᠷ ᠤᠨ ᠳᠤᠮᠳᠠᠳᠤ ᠤᠷᠤᠰ ᠮᠤᠩᠭᠤᠯ ᠤᠨ ᠬᠤᠷᠰᠢᠯᠴᠠᠭᠠᠨ ᠤ | ᠬᠤᠰᠢᠭᠤᠴᠢᠯᠠᠬᠤ ᠤᠷᠤᠨ ᠤ ᠪᠦᠳᠤᠭᠡᠨ ᠪᠠᠶᠢᠭᠤᠯᠤᠯᠳᠠ ᠶᠢᠨ ᠲᠦᠯᠦᠪᠵᠢᠬᠦᠯᠭᠡ ︾ ᠶᠢ ᠨᠢᠭᠡᠨᠳᠡ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠪᠡ᠃ | ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢᠨ ᠲᠠᠯ᠎ᠠ ᠪᠠᠷ᠂ ᠮᠠᠨ ᠤ ᠤᠷᠤᠨ ᠤ 29 ᠭᠤᠤᠯᠳᠠᠯᠭ᠎ᠠ ᠲᠠᠢ ᠲᠦᠷᠯ ᠵᠦᠢᠯ ᠤᠨ ᠠᠬᠢᠴᠠ | ᠲᠦᠷᠭᠡᠳᠴᠤ᠂ ᠬᠤᠤᠯᠢᠨ ᠭᠤᠤᠯ ᠨᠢᠰᠭᠡᠯ ᠤᠨ ᠪᠠᠭᠤᠳᠠᠯ ᠢ ᠰᠢᠨ᠎ᠡ ᠪᠠᠷ ᠪᠠᠶᠢᠭᠤᠯᠬᠤ᠂ ᠬᠠᠷᠪᠢᠨ ᠠᠴᠠ ᠮᠠᠨᠵᠤᠤᠷ ᠬᠦᠷᠬᠦ ᠲᠡᠮᠤᠷ ᠵᠠᠮ ᠢ ᠴᠠᠬᠢᠯᠭᠠᠨᠴᠢᠯᠠᠬᠤ | ᠦᠬᠡᠷᠡᠴᠢᠯᠡᠯᠳᠡ᠂ ᠦᠪᠤᠷ ᠮᠤᠩᠭᠤᠯ ᠤᠨ ᠰᠢᠯᠢ ᠶᠢᠨ ᠭᠤᠤᠯ ᠠᠶᠢᠮᠠᠭ ᠠᠴᠠ ᠪᠡᠭᠡᠵᠢᠩ᠂ ᠲᠢᠶᠠᠨᠵᠢᠨ ᠢᠶᠠᠷ ᠲᠠᠮᠵᠢᠨ ᠱᠠᠨᠳᠦ᠋ᠩ ᠬᠦᠷᠬᠦ ᠴᠠᠬᠢᠯᠭᠠᠨ ᠬᠦᠷᠭᠡᠬᠦ ᠵᠠᠮ | ᠰᠤᠭᠤᠮ᠂ ᠴᠠᠩᠴᠦ᠋ᠨ ᠱᠧᠨᠵᠧᠨ ᠤᠨ ᠲᠦᠷᠭᠡᠨ ᠬᠤᠷᠳᠤᠴᠠ ᠵᠠᠮ ᠤᠨ ᠲᠦᠩᠯᠢᠶᠤᠤ ᠠᠴᠠ ᠯᠦᠪᠸᠢ ᠬᠦᠷᠭᠦ ᠬᠡᠰᠡᠭ ᠵᠡᠷᠭᠡ10 ᠲᠦᠷᠦᠯ ᠵᠦᠢᠯ ᠨᠢᠭᠡᠨᠳᠡ ᠪᠠᠷᠢᠯᠭ᠎ᠠ | ᠡᠬᠢᠯᠡᠵᠦ᠂ ᠴᠠᠩᠴᠦ᠋ᠨ ᠠᠴᠠ ᠪᠠᠷᠠᠭᠤᠨ ᠪᠠᠶᠠᠨᠬᠤᠸᠠ ᠬᠦᠷᠬᠦ ᠲᠡᠮᠤᠷ ᠵᠠᠮ᠂ ᠴᠤᠤᠯ ᠭᠤᠤᠯ ᠤᠨ ᠳᠤᠤᠷᠠᠳᠤ ᠤᠷᠤᠰᠬᠠᠯ ᠤᠨ ᠦᠪᠤᠷ ᠮᠤᠩᠭᠤᠯ ᠤᠨ ᠤᠰᠤᠯᠠᠯᠳᠠ ᠶᠢᠨ | ᠤᠷᠤᠨ ᠤ ᠪᠠᠷᠢᠯᠭ᠎ᠠ ᠵᠡᠷᠭᠡ ᠲᠦᠷᠦᠯ ᠵᠦᠢᠯ ᠪᠤᠯᠤᠨ ᠪᠤᠰᠤᠳ ᠲᠦᠷᠦᠯ ᠵᠦᠢᠯ ᠤᠨ ᠤᠷᠢᠳᠠᠴᠢ ᠠᠵᠢᠯ ᠢ ᠶᠠᠭ ᠱᠠᠯᠠᠪᠳᠠᠨ ᠦᠷᠨᠢᠬᠦᠯᠵᠦ ᠪᠠᠶᠢᠨ᠎ᠠ᠃ | ᠬᠦᠳᠤᠯᠦᠭᠴᠢ᠄ ᠲᠦᠷᠦ ᠲᠠᠷᠬᠠᠭᠠᠭᠰᠠᠨ 28 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠢ ᠦᠪᠤᠷ ᠮᠤᠩᠭᠤᠯ ᠬᠢᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ | ᠪᠤᠢ︖ | ᠸᠧᠨ ᠮᠢᠨ᠄ ᠤᠶᠢᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠲᠤᠮᠢᠯᠠᠨ ᠵᠡᠭᠦᠨ ᠬᠤᠶᠢᠳᠤ ᠤᠷᠤᠨ ᠳᠤ | ᠤᠴᠢᠭᠤᠯᠵᠦ 28 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠠᠵᠢᠯ ᠢ ᠰᠢᠮᠳᠠᠭᠤᠯᠤᠨ ᠪᠠᠶᠢᠴᠠᠭᠠᠯᠭᠠᠬᠤ ᠪᠠᠷ ᠪᠠᠶᠢᠨ᠎ᠠ᠃ | ᠲᠠᠷᠠᠭᠠᠴᠢ ᠪᠠᠷ᠂ ᠮᠠᠨ ᠤ ᠤᠷᠤᠨ ᠤᠯᠤᠰ ᠤᠨ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠰᠢᠮᠳᠠᠭᠤᠯᠤᠨ ᠪᠠᠶᠢᠴᠠᠭᠠᠬᠤ ᠠᠵᠢᠯ ᠳᠤ ᠨᠢᠭᠳᠠ ᠬᠠᠮᠵᠢᠯᠴᠠᠵᠦ᠂ | ᠤᠳᠤᠬᠠᠨ ᠤ ᠦᠪᠡᠷᠳᠡᠭᠡᠨ ᠵᠠᠰᠠᠬᠤ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠳᠡ ᠦᠬᠡᠷᠡᠴᠢᠯᠡᠯᠳᠡ ᠶᠢᠨ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠵᠦ᠂ | ᠲᠦᠷᠦ ᠳᠠᠷᠬᠠᠭᠠᠭᠰᠠᠨ 28 ᠳ᠋ᠤᠭᠠᠷ ᠳᠤᠭᠠᠳᠤ ᠪᠢᠴᠢᠭ ᠮᠠᠲ᠋ᠧᠷᠢᠶᠠᠯ ᠢ ᠦᠷᠬᠦᠯᠵᠢᠯᠡᠨ ᠰᠠᠶᠢᠳᠤᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠲᠤᠮᠤ ᠴᠢᠬᠤᠯᠠ ᠲᠦᠷᠦ | ᠶᠢᠨ ᠪᠤᠳᠤᠯᠭ᠎ᠠ ᠶᠢ ᠴᠢᠷᠮᠠᠶᠢᠨ ᠨᠠᠶᠢᠳᠠᠪᠤᠷᠢᠵᠢᠭᠤᠯᠬᠤ ᠶᠢ ᠤᠯᠠᠮ ᠴᠢᠩᠭᠠᠳᠬᠠᠵᠦ᠂ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠲᠦᠷᠭᠡᠨ | ᠠᠬᠢᠭᠤᠯᠵᠦ᠂ ᠠᠶᠢᠮᠠᠭ ᠬᠤᠳᠠ᠂ ᠰᠠᠯᠠᠭ᠎ᠠ ᠮᠦᠴᠢᠷ ᠤᠨ ᠬᠤᠭᠤᠷᠤᠨᠳᠤᠬᠢ ᠠᠵᠢᠯ ᠤᠨ ᠬᠠᠮᠵᠢᠯᠴᠠᠭ᠎ᠠ ᠶᠢ ᠴᠢᠨᠠᠭᠰᠢᠳᠠ ᠪᠤᠢ ᠪᠤᠯᠭᠠᠵᠦ᠂ ᠵᠡᠭᠦᠨ ᠬᠡᠰᠡᠭ ᠤᠨ ᠠᠶᠢᠮᠠᠭ | ᠬᠤᠳᠠ ᠶᠢᠨ ᠬᠦᠭᠵᠢᠨ ᠮᠠᠨᠳᠤᠬᠤ ᠶᠢ ᠲᠦᠷᠭᠡᠳᠭᠡᠨ ᠠᠬᠢᠭᠤᠯᠤᠨ᠎ᠠ᠃ | ᠬᠦᠳᠤᠯᠦᠭᠴᠢ᠄ ᠵᠠ ᠰᠠᠶᠢᠨ ᠪᠤᠯᠤᠯ᠎ᠠ᠂ ᠲᠠᠨ ᠤ ᠲᠠᠶᠢᠯᠪᠤᠷᠢᠯᠠᠯᠳᠠ ᠬᠢᠭᠰᠡᠨ ᠳᠤ ᠲᠠᠯᠠᠷᠬᠠᠵᠦ ᠪᠠᠶᠢᠨ᠎ᠠ᠃ ᠲᠦᠷᠦ ᠲᠠᠷᠬᠠᠭᠠᠭᠰᠠᠨ 28 ᠳ᠋ᠤᠭᠠᠷ ᠳᠤᠭᠠᠳᠤ | ᠪᠢᠴᠢᠭ ᠮᠠᠲ᠋ᠧᠷᠢᠶᠠᠯ ᠤᠨ ᠵᠤᠷᠢᠭ ᠰᠠᠨᠠᠭᠠᠨ ᠤ ᠵᠢᠯᠤᠭᠤᠳᠤᠯᠭ᠎ᠠ ᠳᠤᠤᠷ᠎ᠠ᠂ ᠮᠠᠨ ᠤ ᠤᠷᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠮᠳᠤ ᠶᠢᠨ | ᠴᠢᠷᠮᠠᠶᠢᠯᠭ᠎ᠠ ᠳᠤᠤᠷ᠎ᠠ ᠂ ᠵᠡᠬᠦᠨ ᠬᠡᠰᠡᠭ ᠤᠨ ᠠᠶᠢᠮᠠᠭ ᠬᠤᠳᠠ ᠶᠢᠨ ᠬᠦᠭᠵᠢᠯ ᠮᠠᠨᠳᠤᠯ ᠢ ᠯᠠᠪᠳᠠᠶᠢᠶ᠎ᠠ ᠬᠦᠴᠤᠲᠠᠢ ᠠᠬᠢᠭᠤᠯᠤᠨ᠎ᠠ ᠭᠡᠳᠡᠭ ᠢ ᠢᠳᠡᠭᠡᠵᠦ ᠪᠠᠶᠢᠨ᠎ᠠ᠃ | ᠸᠧᠨ ᠡᠷᠬᠢᠯᠡᠭᠴᠢ ᠳᠤ ᠳᠠᠬᠢᠨᠳᠠ ᠲᠠᠯᠠᠷᠬᠠᠶ᠎ᠠ᠂ ᠮᠦᠨᠴᠤ ᠰᠦᠯᠵᠢᠶᠡᠨ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠲᠠᠯᠠᠷᠬᠠᠵᠦ ᠪᠠᠶᠢᠨ᠎ᠠ᠃ ᠡᠨᠡ ᠤᠳᠠᠭᠠᠨ ᠤ | ᠰᠤᠷᠪᠤᠯᠵᠢᠯᠠᠭ᠎ᠠ ᠶᠠᠷᠢᠯᠴᠠᠭ᠎ᠠ ᠠᠳᠡ ᠬᠦᠷᠦᠭᠡᠳ ᠲᠠᠭᠦᠰᠤᠯᠠ᠂ ᠲᠠᠷᠠᠭᠠᠴᠢ ᠶᠢᠨ ᠫᠷᠦᠭᠷᠡᠮ ᠳᠤ ᠪᠠᠶᠠᠷᠲᠠᠢ ᠵᠤᠯᠭᠠᠶ᠎ᠠ ︕ | | | |