ᠪᠤᠭᠤᠲᠤ ᠬᠤᠲᠠ ᠬᠤᠷᠠᠯ ᠬᠤᠷᠠᠯᠳᠤᠭᠤᠯᠵᠤ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠢ ᠳᠥᠯᠭᠢᠨ ᠠᠬᠢᠭᠤᠯᠵᠤ ᠪᠠᠶᠢᠭ᠎ᠠ ᠪᠠᠶᠢᠳᠠᠯ ᠢ ᠲᠤᠰᠬᠠᠢ ᠰᠡᠳᠦᠪ ᠢᠶᠠᠷ ᠰᠤᠨᠤᠰᠪᠠ
ᠨᠡᠶᠢᠲᠡᠯᠡᠭᠰᠡᠨ ᠴᠠᠭ᠄
2015/9/2
      8 ᠳ᠋ᠤᠭᠠᠷ ᠰᠠᠷ᠎ᠠ ᠶᠢᠨ 31᠎ ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠪᠤᠤ ᠭᠠᠨᠭ᠌ ᠬᠤᠷᠠᠯ ᠡᠷᠬᠢᠯᠡᠨ ᠬᠤᠷᠠᠯᠳᠤᠭᠤᠯᠵᠤ᠂ ᠪᠤᠭᠤᠲᠤ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠢ ᠳᠥᠯᠭᠢᠨ ᠠᠬᠢᠭᠤᠯᠵᠤ ᠪᠠᠶᠢᠭ᠎ᠠ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠤᠰᠬᠠᠶ ᠰᠡᠳᠦᠪ ᠢᠶᠠᠷ ᠰᠣᠨᠣᠰᠴᠤ᠂ ᠳᠠᠷᠠᠭᠠᠬᠢ ᠱᠠᠲᠤ ᠦᠶ᠎ᠡ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ  ᠃ ᠬᠤᠷᠠᠯ ᠠᠴᠠ᠂ ᠮᠠᠯᠵᠢᠬᠤ ᠲᠠᠷᠢᠶᠠᠯᠠᠬᠤ ᠣᠷᠣᠨ ᠤ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠶᠡᠷᠦᠩᠬᠡᠶ ᠱᠦᠵᠢ ᠰᠢ ᠶᠢᠨ ᠫᠢᠡᠭ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠶᠠᠷᠢᠭᠰᠠᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠪᠤᠯᠤᠨ ︽8337︾ ᠬᠥᠭᠵᠢᠯᠲᠡ ᠶᠢᠨ ᠰᠡᠳᠭᠢᠮᠵᠢ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠵᠤ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠠᠴᠠ ᠨᠠᠰᠢᠬᠢ ᠮᠠᠯᠵᠢᠬᠤ ᠲᠠᠷᠢᠶᠠᠯᠠᠬᠤ ᠣᠷᠣᠨ ᠳᠠᠬᠢ ᠤᠷᠤᠭᠤᠯᠤᠯᠲᠠ ᠶᠢᠨ ᠬᠡᠪᠴᠢᠶ᠎ᠡ ᠪᠠᠷ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠤᠯᠤᠨ᠎ᠠ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠤ ᠤᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠤᠰᠤᠭᠠᠷ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ ᠬᠢᠭᠡᠳ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠢ ᠦᠨᠡᠨᠬᠦ ᠴᠢᠩᠭ᠎ᠠ ᠪᠦᠭᠡᠳ ᠪᠣᠳᠠᠲᠠᠶ ᠠᠳᠬᠤᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠠᠪᠤᠴᠠ ᠳᠤ ᠠᠷᠠᠳ ᠤᠯᠠᠨ ᠢ ᠨᠡᠩ ᠠᠷᠪᠢᠨ ᠤᠯᠤᠯᠲᠠ ᠤᠯᠤᠭᠰᠠᠨ ᠰᠡᠳᠬᠢᠯᠭᠡ ᠬᠢᠭᠡᠳ ᠵᠣᠯ ᠵᠢᠷᠭᠠᠯᠲᠤ ᠰᠡᠳᠬᠢᠯᠭᠡ ᠲᠠᠢ ᠪᠤᠯᠭᠠᠬᠤ ᠬᠡᠷᠡᠭᠲᠠᠢ ᠬᠡᠵᠤ ᠵᠢᠭᠠᠵᠤ ᠭᠠᠷᠭᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号