ᠣᠶᠢᠷ᠎ᠠ ᠳᠤ᠂ ᠬᠢᠩᠭᠠᠨ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠵᠠᠯᠠᠶᠢᠳ ᠬᠤᠰᠢᠭᠤ ᠶᠢᠨ | ᠠᠷᠪᠡᠨᠭᠡᠷ ᠪᠠᠯᠭᠠᠰᠤ ᠶᠢᠨ ᠨᠠᠷᠢᠨ ᠵᠢᠯᠠᠭ᠎ᠠ ᠠᠶᠢᠯ᠂ ᠪᠤᠯᠠᠭ ᠤᠨ ᠬᠤᠸᠠ ᠰᠤᠮᠤ ᠶᠢᠨ ᠳᠡᠷᠡᠰᠦᠳᠠᠢ ᠭᠠᠴᠠᠭ᠎ᠠ ᠳᠤ | ᠬᠦᠨᠵᠡᠭᠡᠶᠢᠷᠡᠨ᠂ ᠲᠤᠰ ᠭᠠᠵᠠᠷ ᠣᠷᠣᠨ ᠤ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠳᠤ ᠢᠳᠡᠪᠬᠢᠲᠡᠶ | ᠣᠷᠣᠯᠴᠠᠵᠤ᠂ ᠭᠠᠴᠠᠭᠠᠨ ᠤ ᠮᠤᠩᠭᠤᠯ ᠲᠦᠮᠡᠨ ᠢ ᠬᠠᠪᠰᠤᠷᠤᠨ ᠲᠣᠰᠬᠤᠨ ᠤ ᠳᠦᠷᠰᠦ ᠪᠠᠶᠢᠳᠠᠯ ᠢ ᠴᠡᠭᠴᠡᠯᠡᠨ | ᠵᠠᠰᠠᠵᠤ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠠᠪᠰᠦᠷᠤᠨ | ᠠᠬᠢᠭᠤᠯᠵᠤ᠂ ᠮᠠᠰᠢ ᠰᠠᠶᠢᠨ ᠠᠮᠵᠢᠯᠲᠠ ᠣᠯᠤᠭᠰᠠᠨ ᠪᠠᠶᠢᠨ᠎ᠠ᠃ ᠬᠢᠩᠭᠠᠨ ᠠᠶᠢᠮᠠᠭ ᠤᠨ ᠦᠨᠳᠦᠰᠦᠲᠡᠨ ᠤ ᠬᠡᠷᠡᠭ | ᠡᠷᠬᠢᠯᠡᠬᠦ ᠵᠥᠪᠯᠡᠯ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠳᠤ ᠢᠳᠡᠪᠬᠢᠲᠠᠢ ᠤᠷᠤᠯᠴᠠᠨ ᠭᠤᠷᠪᠠᠨ | ᠤᠶᠠᠯᠳᠤᠯ ᠢ ᠪᠡᠶᠡᠯᠡᠬᠦᠯᠪᠡ᠄ | ᠨᠢᠭᠡ ᠳᠤ ᠪᠠᠶᠢᠭᠤᠯᠭ᠎ᠠ ᠶᠢᠨ ᠰᠤᠷᠲᠠᠯ ᠤᠨ ᠪᠠᠶᠢᠭᠤᠯᠤᠯᠲᠠ ᠲᠠᠢ ᠤᠶᠠᠯᠳᠤᠭᠤᠯᠵᠤ᠂ ᠤᠳᠤᠷᠢᠳᠬᠤ ᠪᠠᠭ ᠤᠨ | ᠪᠦᠷᠢᠯᠳᠦᠬᠦᠨ ᠵᠡᠷᠭᠡᠪᠡᠷ ᠣᠷᠣᠯᠴᠠᠵᠤ᠂ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠬᠤᠶᠠᠷ | ᠠᠵᠢᠯᠲᠠᠨ ᠪᠠᠶᠢᠭᠤᠯᠤᠯᠭ᠎ᠠ ᠲᠭᠠᠨ ᠦᠯᠡᠳᠡᠵᠤ᠂ ᠪᠤᠰᠤᠳ ᠠᠵᠢᠯᠲᠠᠨ ᠪᠤᠯᠤᠨ ᠤᠳᠤᠷᠢᠳᠬᠤ ᠪᠠᠭ ᠤᠨ ᠪᠦᠷᠢᠯᠳᠦᠬᠦᠨ | ᠨᠦᠭᠦᠳ ᠴᠦᠮ ᠲᠤᠰ ᠭᠠᠵᠠᠷ ᠤᠨ ᠮᠣᠩᠭᠤᠯ ᠦᠨᠳᠦᠰᠦᠲᠡᠨ ᠤ ᠣᠯᠠᠨ ᠲᠦᠮᠡᠨ ᠲᠠᠢ ᠬᠠᠮᠲᠤᠪᠠᠷ ᠬᠦᠳᠡᠯᠮᠦᠷᠢ ᠳᠤ | ᠣᠷᠣᠯᠴᠠᠵᠤ᠂ 13 ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ ᠤᠷᠤᠭᠤᠯᠵᠤ᠂ ᠵᠠᠬ᠎ᠠ ᠭᠤᠤ ᠶᠢ ᠴᠡᠪᠡᠷᠯᠡᠬᠦ᠂ | ᠨᠤᠷᠠᠬᠤ ᠠᠶᠤᠯᠲᠠᠢ ᠬᠠᠭᠤᠴᠢᠨ ᠰᠢᠪᠠᠷ ᠪᠠᠶᠢᠰᠢᠩ ᠢ ᠨᠤᠷᠠᠭᠠᠬᠤ᠂ ᠵᠠᠮ ᠳᠡᠪᠢᠰᠬᠦ᠂ ᠬᠦᠷᠢᠶ᠎ᠡ ᠬᠠᠰᠢᠶ᠎ᠠ ᠶᠢ ᠴᠡᠪᠡᠷᠯᠡᠬᠦ | ᠵᠡᠷᠭᠡ ᠠᠵᠢᠯ ᠤᠳ ᠢ ᠬᠢᠵᠤ᠂ ᠺᠠᠲᠠᠷ ᠠᠵᠢᠯᠲᠠᠨ ᠠᠵᠢᠯᠴᠢᠨ ᠤ ᠣᠯᠠᠨ ᠲᠦᠮᠡᠨ ᠤ ᠳᠤᠮᠳᠠ ᠭᠦᠨᠵᠡᠭᠡᠶᠢᠷᠡᠬᠦ᠂ ᠣᠯᠠᠨ | ᠲᠦᠮᠡᠨ ᠳᠤ ᠦᠢᠯᠡᠴᠢᠯᠡᠬᠦ ᠦᠵᠡᠯ ᠤᠬᠠᠮᠰᠠᠷ ᠢ ᠨᠢ ᠴᠢᠩᠭᠠᠳᠬᠠᠭᠰᠠᠨ ᠪᠠᠶᠢᠨ᠎ᠠ᠃ | ᠬᠤᠶᠠᠷ ᠲᠤ ᠲᠤᠰ ᠭᠠᠵᠠᠷ ᠤᠨ ᠪᠣᠯᠪᠠᠰᠤᠨ ᠰᠢᠨ᠎ᠡ ᠰᠤᠷᠲᠠᠯ ᠤᠨ ᠪᠠᠶᠢᠭᠤᠯᠤᠯᠲᠠ ᠲᠠᠢ ᠤᠶᠠᠯᠳᠤᠭᠤᠯᠵᠤ᠂ | ᠬᠥᠳᠡᠭᠡ ᠲᠣᠰᠬᠤᠨ ᠤ ᠳᠦᠷᠰᠦ ᠪᠠᠶᠢᠳᠠᠯ ᠢ ᠪᠦᠬᠦ ᠲᠠᠯ᠎ᠠ ᠪᠠᠷ ᠰᠢᠨᠡᠳᠭᠡᠬᠦ ᠶᠢ ᠠᠬᠢᠭᠤᠯᠤᠭᠰᠠᠨ ᠤ ᠬᠠᠮᠲᠤ ᠲᠤᠰ | ᠭᠠᠵᠠᠷ ᠤᠨ ᠣᠯᠠᠨ ᠲᠦᠮᠡᠨ ᠤ ᠠᠵᠢᠯᠴᠢ ᠬᠥᠳᠡᠯᠮᠦᠷᠢᠴᠢ᠂ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ | ᠠᠮᠢᠳᠤᠷᠠᠯ ᠤᠨ ᠵᠠᠩ ᠳᠠᠳᠬᠠᠯ ᠲᠠᠢ ᠪᠤᠯᠬᠤ ᠶᠢ ᠨᠢ ᠠᠬᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ | ᠦᠵᠡᠯᠲᠡ ᠶᠢ ᠤᠬᠠᠭᠤᠯᠤᠨ᠂ ᠬᠥᠳᠡᠭᠡ ᠲᠣᠰᠬᠤᠨ ᠤ ᠰᠢᠨ᠎ᠡ ᠬᠡᠪ ᠪᠠᠶᠢᠳᠠᠯ ᠢ ᠬᠠᠷᠠᠭᠤᠯᠪᠠ᠃ | ᠭᠤᠷᠪᠠ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠪᠠᠶᠢᠭᠤᠯᠤᠯᠲᠠ ᠲᠠᠢ ᠤᠶᠠᠯᠳᠤᠭᠤᠯᠵᠤ᠂ ︽ | ᠠᠷᠪᠠ ᠪᠠᠷ ᠪᠦᠬᠦᠨ ᠢ ᠬᠠᠮᠤᠷᠬᠤ︾ ᠬᠢᠭᠡᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ | ᠵᠢᠷᠤᠭ ᠢ ᠳᠠᠷᠤᠮᠠᠯᠯᠠᠨ ᠲᠠᠷᠬᠠᠭᠠᠵᠤ᠂ ᠮᠠᠯᠴᠢᠨ ᠲᠠᠷᠢᠶᠠᠴᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠤᠡᠭᠰᠢᠬᠤ | ᠨᠣᠮ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢᠨ ᠠᠰᠠᠭᠤᠯᠲᠠ ᠬᠠᠷᠢᠭᠤᠯᠲᠠ ᠵᠡᠷᠭᠡ ᠨᠤᠮ | ᠲᠠᠷᠬᠠᠭᠠᠵᠤ᠂ ᠭᠠᠴᠠᠭᠠᠨ ᠤ 300 ᠰᠢᠬᠠᠮ ᠡᠷᠦᠬᠡ ᠶᠢ ᠲᠤᠭᠤᠷᠢᠨ ᠰᠤᠷᠪᠤᠯᠵᠢᠯᠠᠵᠤ᠂ ᠨᠡᠶᠢᠲᠡ 900 ᠭᠠᠷᠤᠢ | ᠬᠤᠪᠢ ᠤᠬᠠᠭᠤᠯᠭ᠎ᠠ ᠶᠢᠨ ᠵᠢᠷᠤᠭ᠂ 1500 ᠭᠠᠷᠤᠢ ᠳᠡᠪᠲᠡᠷ ᠡᠯ᠎ᠡ ᠲᠥᠷᠥᠯ ᠤᠨ ᠨᠣᠮ ᠪᠢᠴᠢᠭ ᠲᠠᠷᠬᠠᠭᠠᠵᠤ᠂ ︽ | ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠤᠬᠠᠭᠤᠯᠭ᠎ᠠ ᠶᠢᠨ ᠪᠠᠶᠢᠭᠤᠯᠤᠯᠲᠠ ᠶᠢ ᠬᠦᠴᠦᠲᠡᠶ | ᠳᠡᠮᠵᠢᠵᠠᠢ᠃ |