ᠪᠦᠬᠦ ᠣᠷᠣᠨ ᠤ ᠨᠠᠮᠤᠷ ᠤᠨ ᠤᠯᠠᠷᠢᠯ ᠤᠨ ᠲᠣᠮᠣ ᠬᠡᠯᠪᠡᠷᠢ ᠶᠢᠨ ᠴᠢᠳᠠᠪᠤᠷᠢᠲᠠᠨ ᠤ ᠰᠣᠯᠢᠯᠴᠠᠭᠠᠨ ᠤ ᠴᠤᠭᠯᠠᠭᠠᠨ 3021 ᠠᠵᠢᠯ ᠤᠨ ᠪᠠᠶᠢᠷᠢ ᠬᠠᠨᠭ᠍ᠭᠠᠪᠠ
ᠨᠡᠶᠢᠲᠡᠯᠡᠭᠰᠡᠨ ᠴᠠᠭ᠄
2015/9/21
     9 ᠳ᠋ᠤᠭᠡᠷ ᠰᠠᠷ᠎ᠠ ᠶᠢᠨ 19᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2015 ᠣᠨ ᠤ ᠲᠣᠮᠣ ᠬᠡᠯᠪᠡᠷᠢ ᠶᠢᠨ ᠴᠢᠳᠠᠪᠤᠷᠢᠲᠠᠨ ᠤ ᠰᠣᠯᠢᠯᠴᠠᠭᠠᠨ ᠤ ᠴᠤᠭᠯᠠᠭᠠᠨ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠶᠠᠪᠤᠭᠳᠠᠵᠤ᠂ 151 ᠬᠥᠮᠥᠨ ᠬᠡᠷᠡᠭᠯᠡᠬᠦ ᠨᠢᠭᠡᠴᠡ ᠳᠡᠯᠭᠡᠨ ᠦᠵᠡᠭᠦᠯᠬᠦ ᠪᠠᠶᠢᠷᠢ ᠲᠣᠬᠢᠷᠠᠭᠤᠯᠤᠨ ᠬᠥᠮᠦᠨ ᠡᠯᠰᠡᠵᠦ᠂ 3021 ᠠᠵᠢᠯ ᠤᠨ ᠪᠠᠶᠢᠷᠢ ᠬᠠᠨᠭ᠍ᠭᠠᠪᠠ᠃ ᠠᠵᠢᠯ ᠡᠷᠢᠭᠴᠢᠳ ᠤᠨ ᠱᠠᠭᠠᠷᠳᠠᠯᠭ᠎ᠠ ᠶᠢ ᠨᠡᠩ ᠰᠠᠶᠢᠨ ᠬᠠᠨᠭ᠍ᠭᠠᠬᠤ ᠶᠢᠨ ᠲᠥᠯᠥᠭᠡ᠂ ᠲᠤᠰ ᠤᠳᠠᠭᠠᠨ ᠤ ᠰᠣᠯᠢᠯᠴᠠᠭᠠᠨ ᠤ ᠴᠤᠭᠯᠠᠭᠠᠨ ᠡᠭᠦᠯᠡᠨ ᠡᠯᠰᠡᠯᠲᠡ ᠶᠢᠨ ᠲᠠᠪᠴᠠᠩ ᠲᠣᠬᠢᠷᠠᠭᠤᠯᠵᠤ᠂ ᠠᠵᠢᠯ ᠡᠷᠢᠭᠴᠢᠳ ᠺᠣᠮᠫᠢᠦ᠋ᠲ᠋ᠧᠷ᠂ ᠭᠠᠷ ᠤᠲᠠᠰᠤ ᠵᠡᠷᠭᠡ ᠪᠠᠭᠠᠵᠢ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠠᠵᠢᠯ ᠡᠷᠢᠬᠦ ᠠᠴᠠ ᠭᠠᠳᠠᠨ᠎ᠠ᠂ ᠬᠤᠷᠠᠯ ᠤᠨ ᠲᠠᠯᠠᠪᠠᠢ ᠳᠤ ᠪᠠᠰᠠ ︽ᠢᠨᠲ᠋ᠧᠷ ᠰᠦᠯᠵᠢᠶ᠎ᠡ +︾ ᠠᠳᠠᠯ ᠦᠢᠯᠡᠰ ᠴᠣᠭᠴᠠᠯᠠᠭᠰᠠᠨ ᠦᠷ᠎ᠡ ᠪᠦᠲᠦᠭᠡᠯ ᠤᠨ ᠦᠵᠡᠭᠦᠯᠦᠯᠭᠡ ᠲᠣᠬᠢᠷᠠᠭᠤᠯᠵᠤ᠂ ᠠᠵᠢᠯ ᠡᠷᠢᠭᠴᠢᠳ ᠲᠤ ᠠᠳᠠᠯ ᠦᠢᠯᠡᠰ ᠴᠣᠭᠴᠠᠯᠠᠬᠤ ᠳᠤ ᠰᠢᠨ᠎ᠡ ᠶᠢ ᠡᠭᠦᠳᠦᠭᠰᠡᠨ ᠲᠥᠷᠥᠯ ᠵᠦᠢᠯ ᠢ ᠦᠵᠡᠭᠦᠯᠪᠡ᠃ ᠪᠦᠷᠢᠳᠬᠡᠯ ᠢ ᠦᠨᠳᠦᠰᠦᠯᠡᠪᠡᠯ᠂ ᠲᠤᠰ ᠤᠳᠠᠭᠠᠨ ᠤ ᠰᠣᠯᠢᠯᠴᠠᠭᠠᠨ ᠤ ᠴᠤᠭᠯᠠᠭᠠᠨ ᠳᠤ ᠪᠡᠶ᠎ᠡ ᠶᠢᠨ ᠦᠨᠡᠮᠯᠡᠯ ᠪᠦᠷᠢᠳᠬᠡᠭᠦᠯᠦᠭᠡᠳ ᠲᠠᠯᠠᠪᠠᠢ ᠳᠤ ᠣᠷᠣᠵᠤ ᠠᠵᠢᠯ ᠡᠷᠢᠭᠴᠢᠳ 6388 ᠬᠥᠮᠦᠨ ᠪᠠᠶᠢᠵᠤ᠂ ᠲᠤᠬᠠᠶ ᠶᠢᠨ ᠲᠠᠯᠠᠪᠠᠢ ᠳᠤ ᠭᠡᠷ᠎ᠡ ᠲᠣᠭᠲᠠᠵᠤ ᠠᠵᠢᠯ ᠣᠯᠣᠭᠰᠠᠳ 659 ᠬᠥᠮᠦᠨ ᠪᠠᠶᠢᠪᠠ︔ 8 ᠡᠷᠦᠬᠡ ︽ᠢᠨᠲ᠋ᠧᠷ ᠰᠦᠯᠵᠢᠶ᠎ᠡ +︾ ᠠᠳᠠᠯ ᠦᠢᠯᠡᠰ ᠴᠣᠭᠴᠠᠯᠠᠬᠤ ᠠᠵᠤ ᠠᠬᠤᠶᠢᠯᠠᠯ ᠪᠣᠳᠠᠲᠠᠶ ᠠᠵᠢᠯ ᠤᠨ ᠦᠵᠡᠭᠦᠯᠦᠯᠭᠡ ᠬᠢᠵᠦ᠂ ᠨᠡᠶᠢᠲᠡ 188 ᠡᠷᠦᠭᠡ ᠠᠵᠤ ᠠᠬᠤᠶᠢᠯᠠᠯ ᠪᠣᠯᠣᠨ 1215 ᠨᠡᠷᠡᠰ ᠬᠤᠪᠢ ᠬᠥᠮᠦᠨ ᠢ ᠳᠠᠭᠠᠭᠤᠯᠤᠨ ᠬᠠᠮᠲᠤᠷᠠᠵᠤ ᠠᠳᠠᠯ ᠦᠢᠯᠡᠰ ᠴᠣᠭᠴᠠᠯᠠᠬᠤ ᠰᠠᠨᠠᠮᠵᠢ ᠶᠢ ᠬᠡᠯᠡᠯᠴᠡᠨ ᠲᠣᠬᠢᠷᠠᠵᠤ᠂ ︽3 D ᠳᠠᠷᠤᠮᠠᠯᠯᠠᠬᠤ︾ ᠠᠵᠤ ᠠᠬᠤᠶᠢᠯᠠᠯ ᠪᠠᠰᠠ ᠳᠤᠮᠳᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠶᠢᠨ ᠰᠦᠯᠵᠢᠶ᠎ᠡ ᠲᠠᠢ 100 ᠲᠦᠮᠡᠨ ᠲᠥᠬᠦᠷᠢᠭ ᠤᠨ ᠪᠡᠯᠡ ᠣᠷᠤᠭᠤᠯᠬᠤ ᠲᠥᠰᠦᠯ ᠢ ᠬᠡᠯᠡᠯᠴᠡᠨ ᠳᠣᠭᠢᠷᠬᠠᠰᠠᠨ ᠪᠠᠶᠢᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号