9 ᠳ᠋ᠤᠭᠡᠷ ᠰᠠᠷ᠎ᠠ ᠶᠢᠨ 21 ᠤ ᠡᠳᠦᠷ᠂ ᠬᠥᠬᠡᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠵᠢᠶᠠ ᠶᠢᠩ ᠰᠢᠶᠠᠩ ᠬᠦᠬᠡᠬᠤᠲᠠ ᠶᠢᠨ ᠤᠯᠤᠰ ᠲᠥᠷᠤ ᠶᠢᠨ ᠵᠥᠪᠯᠡᠯᠭᠡᠨ ᠤ ᠠᠷᠪᠠᠨ ᠬᠤᠶᠠᠳᠤᠭᠠᠷ | ᠬᠤᠭᠤᠴᠠᠭᠠᠨ ᠤ 20 ᠳ᠋ᠤᠭᠠᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠳᠠ ᠶᠢᠨ ᠤᠯᠤᠰ ᠲᠥᠷᠤ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠰᠢᠶᠤᠤ᠂ ᠪᠠᠢ ᠶᠦᠨ᠂ ᠯᠢ ᠬᠤᠩ᠂ | ᠵᠠᠩ ᠬᠠᠢ ᠱᠸᠡᠭ᠂ ᠰᠦᠨ ᠴᠢᠩ ᠪᠢᠨ᠂ ᠬᠤᠳᠠ ᠶᠢᠨ ᠤᠯᠤᠰ ᠲᠥᠷᠤ ᠵᠨ ᠵᠥᠪᠯᠡᠯᠭᠡᠨ ᠤ ᠨᠠᠷᠢᠨ ᠪᠢᠴᠢᠭ ᠤᠨ | ᠳᠠᠷᠤᠭ᠎ᠠ ᠳ᠋ᠦᠩ ᠰᠠᠢ ᠯᠢ ᠬᠤᠷᠠᠯ ᠳᠤ ᠤᠷᠤᠯᠴᠠᠪᠠ᠃ | ᠬᠤᠷᠠᠯ ᠨᠢ ᠦᠨᠳᠦᠰᠦᠲᠡᠨ ᠤ ᠱᠠᠰᠢᠨ ᠰᠤᠷᠲᠠᠬᠤᠨ ᠰᠢᠶᠠᠩᠭᠠᠩ ᠣᠣᠮᠧᠨ ᠲᠠᠶᠢᠸᠠᠨ ᠳᠤᠮᠳᠠᠲᠤ ᠶᠢᠨ | ᠬᠠᠷᠢᠶᠠᠲᠤ ᠶᠢᠨ ᠬᠤᠯᠪᠣᠭ᠎ᠠ ᠠᠪᠬᠤ ᠺᠣᠮᠢᠰ ᠤᠨ ︽ᠨᠡᠷᠡᠲᠦ ᠲᠡᠮᠳᠡᠭ ᠡᠭᠦᠳᠬᠦ ᠪᠠᠷ ᠬᠦᠬᠡᠬᠤᠲᠠ ᠶᠢᠨ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠪᠠᠶᠢᠴᠠᠭᠠᠨ ᠰᠤᠳᠤᠯᠤᠯᠲᠠ ᠶᠢᠨ | ᠮᠡᠳᠡᠭᠦᠯᠦᠯᠲᠡ︾ ᠶᠢ ᠰᠤᠨᠤᠰᠴᠤ ᠬᠢᠨᠠᠨ ᠶᠠᠷᠢᠯᠴᠠᠪᠠ︔ ᠰᠤᠷᠭᠠᠨ ᠬᠥᠮᠦᠵᠢᠯ ᠰᠣᠶᠣᠯ ᠪᠣᠯᠪᠠᠰᠤᠷᠠᠯ ᠡᠷᠡᠭᠦᠯ | ᠬᠠᠮᠠᠭᠠᠯᠠᠯ ᠪᠤᠯᠤᠨ ᠪᠡᠶ᠎ᠡ ᠶᠢᠨ ᠲᠠᠮᠢᠷ ᠤᠨ ᠺᠣᠮᠢᠰ ᠤᠨ ︽ᠬᠦᠬᠡᠬᠤᠲᠠ ᠶᠢᠨ ᠨᠡᠶᠢᠭᠡᠮ ᠲᠣᠭᠤᠷᠢᠭ ᠤᠨ ᠪᠦᠲᠦᠭᠡᠨ | ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ | ᠶᠢ ᠰᠤᠨᠤᠰᠴᠤ ᠬᠢᠨᠠᠨ ᠶᠠᠷᠢᠯᠴᠠᠪᠠ︔ ᠠᠵᠤ ᠠᠬᠤᠶ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠢᠰ ᠤᠨ ︽ | ᠬᠦᠬᠡᠬᠤᠲᠠ ᠶᠢᠨ ᠤᠢ ᠶᠢᠨ ᠬᠤᠷᠮᠤᠢ ᠶᠢᠨ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ | ᠰᠤᠳᠤᠯᠤᠯᠲᠠ ᠶᠢᠨ ᠮᠡᠳᠡᠭᠦᠯᠦᠯᠲᠡ︾ ᠶᠢ ᠰᠣᠨᠣᠰᠤᠨ ᠬᠢᠨᠠᠨ ᠶᠠᠷᠢᠯᠴᠠᠪᠠ᠃ ᠬᠤᠷᠠᠯ ᠨᠢ ᠪᠠᠰᠠ ᠳ᠋ᠦᠩ ᠰᠠᠢ ᠯᠢ ᠶᠢᠨ | ᠬᠢᠭᠰᠡᠨ ︽ᠬᠤᠳᠠ ᠶᠢᠨ ᠤᠯᠤᠰ ᠲᠥᠷᠤ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ | ᠠᠷᠪᠠᠨ ᠭᠤᠷᠪᠠᠳᠤᠭᠠᠷ ᠤᠳᠠᠭ᠎ᠠ ᠶᠢᠨ ᠪᠠᠶᠢᠡᠭᠭᠤ ᠶᠢᠨ ᠬᠤᠷᠠᠯ ᠤᠨ ᠵᠦᠪᠯᠡᠬᠦ ᠵᠦᠢᠯ ︵ᠲᠥᠰᠦᠯ︶ ᠬᠢᠭᠡᠳ | ᠡᠳᠦᠷ ᠤᠨ ᠳᠠᠷᠠᠭᠠᠯᠠᠯ ︵ᠲᠥᠰᠦᠯ︶ ᠤᠨ ᠲᠤᠬᠠᠶ ᠲᠣᠳᠤᠷᠬᠠᠢᠯᠠᠯᠲᠠ︾ ᠶᠢ ᠰᠣᠨᠣᠰᠴᠤ ᠬᠢᠨᠠᠨ ᠶᠠᠷᠢᠯᠴᠠᠪᠠ᠃ | ᠬᠤᠷᠠᠯ ᠳᠡᠭᠡᠷ᠎ᠡ᠂ ᠵᠢᠶᠠ ᠶᠢᠩ ᠰᠢᠶᠠᠩ ᠠᠴᠠ ᠳᠥᠷᠪᠡᠳᠦᠭᠡᠷ ᠤᠯᠠᠷᠢᠯ ᠤᠨ ᠤᠯᠤᠰ ᠲᠥᠷᠥ ᠶᠢᠨ | ᠵᠥᠪᠯᠡᠯᠭᠡᠨ ᠤ ᠪᠠᠶᠢᠴᠠᠭᠠᠨ ᠰᠤᠳᠤᠯᠤᠯᠲᠠ ᠶᠢᠨ ᠠᠵᠢᠯ᠂ ᠡᠯ᠎ᠡ ᠡᠲᠡᠭᠡᠳ ᠤᠨ ᠢᠯᠭᠠᠯ ᠤᠨ ᠠᠵᠢᠯ ᠢ ᠲᠣᠬᠢᠷᠠᠭᠤᠯᠤᠨ | ᠪᠠᠶᠢᠷᠢᠯᠠᠭᠤᠯᠤᠭᠰᠠᠨ ᠪᠥᠭᠡᠳ ᠡᠯ᠎ᠡ ᠰᠠᠯᠠᠭ᠎ᠠ ᠮᠥᠴᠢᠷ ᠤᠨ ᠬᠢᠨ ︽ᠭᠤᠷᠪᠠᠨ ᠴᠢᠩᠭ᠎ᠠ ᠭᠤᠷᠪᠠᠨ ᠪᠤᠳᠠᠲᠠᠢ︾ | ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠭᠤᠷᠪᠠᠳᠤᠭᠠᠷ ᠱᠠᠲᠤᠨ ᠤ ᠲᠤᠰᠬᠠᠢ ᠰᠡᠳᠦᠪ ᠢᠶᠠᠷ ᠶᠠᠷᠢᠯᠴᠠᠬᠤ᠂ | ᠠᠷᠠᠳᠴᠢᠯᠠᠭᠰᠠᠨ ᠠᠮᠢᠳᠤᠷᠠᠯ ᠤᠨ ᠬᠤᠷᠠᠯ ᠵᠡᠷᠭᠡ ᠠᠵᠢᠯ ᠢ ᠬᠢᠨᠠᠮᠠᠭᠠᠶ ᠲᠤᠬᠢᠷᠠᠭᠤᠯᠬᠤ ᠪᠠ ᠨᠠᠶᠢᠳᠠᠪᠤᠷᠢᠵᠢᠭᠤᠯᠬᠤ | ᠬᠡᠷᠡᠭᠲᠠᠢ ᠬᠡᠵᠤ ᠱᠠᠭᠠᠷᠳᠠᠪᠠ᠃ |