ᠥᠪᠥᠷ ᠮᠣᠩᠭᠤᠯ ᠭᠤᠷᠪᠠᠨ ᠶᠡᠭᠡ ᠨᠡᠪᠲᠡᠷᠡᠬᠦ ᠵᠠᠮ ᠤᠨ ᠪᠦᠲᠦᠭᠡᠨ ᠪᠠᠢᠭᠤᠯᠤᠯᠲᠠ ᠶᠢ ᠳᠥᠯᠭᠢᠨ ᠠᠬᠢᠭᠤᠯᠵᠤ ᠲᠠᠯ᠎ᠠ ᠨᠤᠲᠤᠭ ᠤᠨ ︽ᠰᠢᠨ᠎ᠡ ᠲᠣᠷᠭᠠᠨ ᠵᠠᠮ︾  ᠢ ᠴᠤᠭᠴᠠᠯᠠᠵᠤ ᠪᠤᠢ
ᠨᠡᠶᠢᠲᠡᠯᠡᠭᠰᠡᠨ ᠴᠠᠭ᠄
2015-09-22
      ᠤᠯᠤᠰ ᠤᠨ ︽ᠨᠢᠭᠡ ᠪᠦᠰᠡ ᠨᠢᠭᠡ ᠵᠠᠮ︾ ᠬᠢᠭᠡᠳ ᠤᠮᠠᠷᠠᠰᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠥᠷ ᠮᠣᠩᠭᠤᠯ ᠣᠷᠣᠰ ᠮᠣᠩᠭᠤᠯ ᠯᠤᠭ᠎ᠠ ᠶᠢᠨ ᠬᠤᠯᠪᠤᠭᠠᠯᠠᠨ ᠨᠡᠪᠲᠡᠷᠡᠯᠴᠠᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠳᠣᠲᠣᠭᠠᠳᠤ ᠭᠠᠳᠠᠭᠠᠳᠤ ᠳᠤ ᠬᠤᠯᠪᠤᠨ ᠨᠡᠪᠲᠡᠷᠡᠭᠰᠡᠨ᠂ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠤᠮᠠᠷᠠᠲᠤ ᠶᠢᠨ ᠬᠢᠯᠢ ᠶᠢᠨ ᠲᠠᠯ᠎ᠠ ᠨᠤᠲᠤᠭ ᠤᠨ ︽ᠰᠢᠨ᠎ᠡ ᠲᠣᠷᠭᠠᠨ ᠵᠠᠮ︾ ᠢ   ᠲᠦᠷᠭᠡᠳᠭᠡᠨ ᠪᠠᠶᠢᠭᠤᠯᠵᠤ᠂ ᠳᠠᠯᠠᠶ ᠪᠠᠷ ᠭᠠᠷᠬᠤ ᠬᠤᠶᠠᠷ ᠵᠤᠷᠪᠤᠰ ᠨᠡᠪᠲᠡᠷᠡᠬᠦ ᠵᠠᠮ᠂ ᠡᠨᠧᠷᠭᠢ ᠡᠬᠢ ᠪᠠᠶᠠᠯᠢᠭ ᠤᠨ ᠵᠠᠮ ᠭᠤᠷᠪᠠᠨ ᠵᠤᠷᠪᠤᠰ ᠨᠡᠪᠲᠡᠷᠡᠬᠦ ᠪᠤᠯᠤᠨ ᠵᠢᠭᠤᠯᠴᠢᠯᠠᠯ ᠤᠨ ᠭᠤᠷᠪᠠᠨ ᠵᠤᠷᠪᠤᠰ ᠨᠡᠪᠲᠡᠷᠡᠬᠦ ᠵᠠᠮ ᠤᠨ ᠪᠦᠲᠦᠭᠡᠨ ᠪᠠᠢᠭᠤᠯᠤᠯᠲᠠ ᠶᠢ ᠭᠤᠣᠯᠳᠠᠯᠭ᠎ᠠ ᠲᠠᠢ ᠳᠥᠯᠭᠢᠨ ᠠᠬᠢᠭᠤᠯᠪᠠ᠃       ᠥᠪᠥᠷ ᠮᠣᠩᠭᠤᠯ ᠵᠡᠭᠦᠨ ᠬᠤᠶᠢᠲᠤ ᠤᠷᠤᠨ᠂ ᠤᠮᠠᠷᠠᠲᠤ ᠣᠷᠣᠨ᠂ ᠪᠠᠷᠠᠭᠤᠨ ᠬᠤᠶᠢᠲᠤ ᠤᠷᠤᠨ ᠢ ᠰᠤᠨᠳᠠᠯᠠᠨ᠂ ᠣᠷᠣᠰ᠂ ᠮᠣᠩᠭᠤᠯ ᠤᠯᠤᠰ ᠯᠤᠭ᠎ᠠ ᠵᠠᠬ᠎ᠠ ᠨᠡᠶᠢᠯᠡᠵᠤ᠂ ᠬᠢᠯᠢ ᠶᠢᠨ ᠱᠤᠭᠤᠮ 4200 ᠭᠠᠷᠤᠢ ᠺᠢᠯᠣᠮᠧᠲᠷ ᠪᠤᠯᠤᠨ᠎ᠠ᠃ ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠨᠢ ᠳᠤᠮᠳᠠᠳᠤ ᠣᠷᠣᠰ ᠮᠣᠩᠭᠤᠯ ᠤᠨ ᠠᠵᠤ ᠠᠬᠤᠶ ᠶᠢᠨ ᠪᠦᠰᠡ ᠳᠠᠬᠢ ᠥᠪᠥᠷ ᠮᠣᠩᠭᠤᠯ ᠤᠨ ᠴᠢᠬᠤᠯᠠ ᠪᠠᠶᠢᠷᠢ ᠰᠠᠭᠤᠷᠢ ᠶᠢ ᠲᠤᠭᠲᠠᠭᠠᠵᠠᠢ᠃ ᠤᠯᠤᠰ ᠤᠨ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠭᠠᠳᠠᠭᠠᠳᠤ ᠶᠠᠪᠤᠳᠠᠯ ᠤᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠬᠠᠮᠲᠤᠷᠠᠨ ᠨᠡᠶᠢᠲᠡᠯᠡᠭᠰᠡᠨ ︽ᠲᠣᠷᠭᠠᠨ ᠵᠠᠮ ᠤᠨ ᠠᠵᠤ ᠠᠬᠤᠶ ᠶᠢᠨ ᠪᠦᠰᠡ ᠪᠤᠯᠤᠨ 21 ᠳ᠋ᠤᠭᠡᠷ ᠵᠠᠭᠤᠨ ᠤ ᠳᠠᠯᠠᠶ ᠳᠡᠭᠡᠷᠡᠬᠢ ᠲᠤᠷᠭᠠᠨ ᠵᠠᠮ ᠢ ᠬᠠᠮᠲᠤ ᠪᠠᠷ ᠪᠠᠶᠢᠭᠤᠯᠬᠤ ᠬᠦᠰᠡᠯ ᠪᠠ ᠠᠵᠢᠯᠯᠠᠭ᠎ᠠ ᠶᠢ ᠲᠦᠯᠬᠢᠨ ᠠᠬᠢᠭᠤᠯᠬᠤ︾ ᠳᠤ ᠲᠤᠲᠤᠷᠬᠠᠢ ᠳᠤᠷᠠᠳᠤᠭᠰᠠᠨ ᠨᠢ᠂ ︽ᠥᠪᠥᠷ ᠮᠣᠩᠭᠤᠯ ᠤᠨ ᠣᠷᠣᠰ ᠮᠣᠩᠭᠤᠯ ᠯᠤᠭ᠎ᠠ ᠬᠤᠯᠪᠤᠨ ᠨᠡᠪᠲᠡᠷᠡᠭᠦᠯᠦᠭᠰᠡᠨ ᠣᠷᠣᠨ ᠪᠠᠶᠢᠷᠢ ᠶᠢᠨ ᠳᠠᠪᠠᠭᠤᠯᠢᠭ ᠢᠶᠠᠨ ᠪᠠᠳᠠᠷᠠᠭᠤᠯᠬᠤ︾ ᠬᠡᠷᠡᠭᠲᠠᠢ ᠭᠡᠵᠠᠢ᠃       ᠤᠳᠤᠬᠠᠨ ᠳᠤ᠂ ᠥᠪᠥᠷ ᠮᠣᠩᠭᠤᠯ ᠤᠨ ᠵᠢᠩᠬᠢᠨᠢ ᠨᠡᠭᠡᠭᠡᠭᠰᠡᠨ ᠵᠠᠰᠠᠮᠠᠯ ᠵᠠᠮ ︵ᠤᠰᠤᠨ ᠵᠠᠮ︶ ᠤᠨ ᠪᠣᠭᠤᠮᠲᠠ 11 ᠪᠤᠢ᠂ ᠡᠭᠦᠨ ᠳᠤ ᠮᠠᠨᠵᠤᠤᠷ ᠪᠤᠭᠤᠮᠲᠠ ᠪᠤᠯ ᠮᠠᠨ ᠤ ᠤᠯᠤᠰ ᠤᠨ ᠣᠷᠣᠰ ᠲᠡᠰᠢ ᠨᠡᠭᠡᠭᠡᠭᠰᠡᠨ ᠬᠠᠮᠤᠭ ᠤᠨ ᠶᠡᠭᠡ ᠪᠣᠭᠤᠮᠲᠠ ᠪᠠᠶᠢᠵᠤ᠂ ᠡᠷᠢᠶᠡᠨ ᠬᠤᠲᠠ ᠪᠣᠭᠤᠮᠲᠠ ᠨᠢ ᠮᠠᠨ ᠤ ᠤᠯᠤᠰ ᠤᠨ ᠮᠣᠩᠭᠤᠯ ᠤᠯᠤᠰ ᠲᠡᠰᠢ ᠨᠡᠭᠡᠭᠡᠭᠰᠡᠨ ᠬᠠᠮᠤᠭ ᠤᠨ ᠶᠡᠭᠡ   ᠪᠤᠭᠤᠮᠲᠠ ᠪᠣᠯᠤᠨ᠎ᠠ᠃ ᠣᠳᠣᠬᠠᠨ ᠳᠤ ᠥᠪᠥᠷ ᠮᠣᠩᠭᠤᠯ ᠠᠴᠠ ᠮᠣᠩᠭᠤᠯ ᠳᠤ ᠬᠠᠨᠳᠤᠭᠤᠯᠤᠭᠰᠠᠨ ᠤᠯᠤᠰ ᠤᠨ ᠬᠤᠭᠤᠷᠣᠨᠳᠣᠬᠢ ᠵᠠᠮ ᠲᠡᠭᠡᠭᠡᠪᠦᠷᠢ ᠨᠢ ︽ᠵᠡᠬᠦᠨᠳᠡᠬᠢ ᠲᠤᠰᠤ᠂ ᠪᠠᠷᠠᠭᠤᠨᠳᠠᠬᠢ ᠨᠡᠭᠦᠷᠡᠰᠦ᠂ ᠳᠤᠮᠳᠠᠬᠢ ᠠᠷᠠᠯᠵᠢᠶ᠎ᠠ ᠬᠤᠳᠠᠯᠳᠤᠭ᠎ᠠ︾ ᠶᠢᠨ ᠣᠯᠠᠨ ᠤᠯᠤᠰ ᠤᠨ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠰᠢᠨ᠎ᠡ ᠪᠠᠶᠢᠷᠢᠰᠢᠯ ᠢ ᠦᠨᠳᠦᠰᠦᠨ ᠳᠡᠭᠡᠨ ᠪᠤᠢ ᠪᠤᠯᠭᠠᠪᠠ᠃       ᠳᠣᠲᠣᠭᠠᠳᠤ ᠬᠠᠭᠤᠷᠠᠶ ᠶᠢᠨ ᠮᠤᠵᠢ ᠣᠷᠣᠨ ᠪᠣᠯᠤᠭᠰᠠᠨ ᠤ ᠬᠤᠪᠢ ᠳᠤ᠂ ᠤᠳᠤᠬᠠᠨ ᠳᠤ ᠥᠪᠥᠷ ᠮᠣᠩᠭᠤᠯ ᠳᠠᠯᠠᠶ ᠪᠠᠷ ᠭᠠᠷᠬᠤ ᠬᠤᠶᠠᠷ ᠵᠤᠷᠪᠤᠰ ᠨᠡᠪᠲᠡᠷᠡᠬᠦ ᠵᠠᠮ ᠢ ᠪᠦᠬᠦ ᠬᠦᠴᠦᠨ ᠢᠶᠠᠷ ᠢᠶᠠᠨ ᠨᠡᠪᠲᠡᠷᠡᠭᠦᠯᠵᠤ ᠪᠤᠢ᠃ ᠨᠢᠭᠡ ᠵᠤᠷᠪᠤᠰ ᠵᠠᠮ ᠨᠢ ᠡᠷᠢᠶᠡᠨ ᠬᠤᠲᠠ ᠶᠢᠨ ᠪᠣᠭᠤᠮᠲᠠ ᠪᠠᠷ ᠡᠬᠢᠯᠡᠯᠲᠡ ᠪᠤᠯᠭᠠᠨ᠂ ᠰᠢᠯᠢ ᠶᠢᠨ ᠬᠤᠲᠠ᠂ ᠤᠯᠠᠭᠠᠨᠬᠠᠳᠠ᠂ ᠰᠦᠢ ᠵᠦᠡᠭ ᠢᠶᠠᠷ ᠳᠠᠭᠠᠷᠢᠨ ᠵᠢᠨᠵᠸᠤ ᠭᠠᠷᠠᠮ ᠳᠤ ᠬᠦᠷᠴᠦ᠂ ᠥᠪᠥᠷ ᠮᠣᠩᠭᠤᠯ ᠤᠨ ᠬᠡᠪᠴᠢᠶᠡᠨ ᠳᠠᠬᠢ ᠵᠠᠰᠠᠮᠠᠯ ᠵᠠᠮ ᠤᠨ ᠪᠦᠬᠦ ᠣᠷᠳᠣ ᠨᠢ 822 ᠺᠢᠯᠣᠮᠧᠲᠷ ᠪᠤᠯᠤᠨ᠎ᠠ᠃ ᠡᠷᠢᠶᠡᠨ ᠪᠣᠭᠤᠮᠲᠠ — ᠮᠠᠨᠳᠤᠯᠲᠤ ᠬᠦᠷᠬᠦ 120 ᠺᠢᠯᠣᠮᠧᠲᠷ ᠬᠢᠭᠡᠳ ᠰᠢᠯᠢ ᠶᠢᠨ ᠬᠤᠲᠠ — ᠪᠢᠯᠡᠭᠦᠲᠠᠢ ᠬᠦᠷᠬᠦ 103 ᠺᠢᠯᠣᠮᠧᠲᠷ ᠤᠨ ᠨᠢᠭᠡᠳᠦᠭᠡᠷ ᠳᠡᠰ ᠤᠨ ᠵᠠᠰᠠᠮᠠᠯ ᠵᠠᠮ ᠢ 2015 ᠣᠨ ᠳᠤ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ 2017 ᠣᠨ ᠳᠤ ᠪᠠᠶᠢᠭᠤᠯᠵᠤ ᠳᠠᠭᠤᠰᠬᠠᠬᠤ ᠪᠠᠷ ᠲᠦᠯᠦᠪᠯᠡᠵᠤ ᠪᠤᠢ︔   ᠮᠠᠨᠳᠤᠯᠲᠤ — ᠪᠢᠯᠡᠭᠦᠲᠠᠢ ᠬᠦᠷᠬᠦ 120 ᠺᠢᠯᠣᠮᠧᠲᠷ ᠤᠨ ᠵᠠᠮ ᠢ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠶᠣᠰᠣᠭᠠᠷ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠵᠦ᠂ 2016 ᠣᠨ ᠳᠤ ᠪᠠᠷᠢᠯᠭ᠎ᠠ ᠡᠬᠢᠯᠡᠭᠦᠯᠦᠨ ᠪᠠᠶᠢᠭᠤᠯᠬᠤ ᠪᠠᠷ ᠲᠦᠯᠦᠪᠯᠡᠵᠤ ᠪᠠᠶᠢᠨ᠎ᠠ᠃ ᠨᠥᠭᠦᠭᠡ ᠨᠢᠭᠡ ᠵᠤᠷᠪᠤᠰ ᠵᠠᠮ ᠨᠢ ᠵᠡᠭᠦᠨ ᠬᠠᠳᠠᠪᠴᠢ ᠪᠣᠭᠤᠮᠳᠠ ᠶᠢ ᠳᠠᠭᠠᠷᠢᠵᠤ᠂ ᠪᠠᠷᠠᠭᠤᠨ ᠦᠵᠦᠮᠦᠴᠢᠨ ᠬᠤᠰᠢᠭᠤ᠂ ᠤᠯᠠᠭᠠᠨᠬᠠᠳᠠ᠂ ᠰᠦᠢ ᠵᠦᠡᠭ ᠢ ᠳᠠᠭᠠᠷᠢᠨ ᠵᠢᠨᠵᠸᠤ ᠭᠠᠷᠠᠮ ᠳᠤ ᠬᠦᠷᠴᠦ᠂ ᠥᠪᠥᠷ ᠮᠣᠩᠭᠤᠯ ᠤᠨ   ᠬᠡᠪᠴᠢᠶᠡᠨ ᠳᠠᠬᠢ ᠵᠠᠰᠠᠮᠠᠯ ᠵᠠᠮ ᠤᠨ ᠪᠦᠬᠦ ᠣᠷᠳᠣ ᠨᠢ 650 ᠺᠢᠯᠣᠮᠧᠲᠷ ᠪᠣᠯᠤᠨ᠎ᠠ᠃ ᠤᠳᠤᠬᠠᠨ ᠳᠤ ᠤᠯᠤᠰ ᠤᠨ 306 ᠳ᠋ᠤᠭᠠᠷ ᠱᠤᠭᠤᠮ ᠤᠨ ᠵᠡᠭᠦᠨ ᠬᠠᠳᠠᠪᠴᠢ ᠪᠣᠭᠤᠮᠲᠠ — ᠪᠠᠷᠠᠭᠤᠨ ᠦᠵᠦᠮᠦᠴᠢᠨ ᠬᠤᠰᠢᠭᠤ — ᠯᠢᠨᠰᠢ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠶᠠᠭ ᠭᠤᠣᠯᠳᠠᠯᠭ᠎ᠠ ᠲᠠᠢ ᠳᠥᠯᠭᠢᠨ ᠠᠬᠢᠭᠤᠯᠵᠤ᠂ ᠵᠡᠭᠦᠨ ᠬᠠᠳᠠᠪᠴᠢ ᠪᠣᠭᠤᠮᠲᠠ — ᠪᠠᠷᠠᠭᠤᠨ ᠦᠵᠦᠮᠦᠴᠢᠨ ᠬᠤᠰᠢᠭᠤ — ᠯᠢᠨᠰᠢ ᠬᠦᠷᠬᠦ ᠣᠷᠳᠣ ᠨᠢ ᠪᠠᠷᠤᠭ 320 ᠺᠢᠯᠣᠮᠧᠲᠷ ᠪᠠᠶᠢᠵᠤ᠂ ᠣᠳᠣᠬᠠᠨ ᠳᠤ ᠥᠪᠥᠷ ᠮᠣᠩᠭᠤᠯ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠦᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ ᠪᠠᠶᠢᠭ᠎ᠠ ᠪᠦᠭᠡᠳ 2015 ᠣᠨ ᠳᠤ ᠵᠠᠯᠭᠠᠪᠡᠷ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ᠂ ︽13·5︾ ᠶᠢᠨ ᠲᠦᠯᠦᠪᠵᠢᠭᠦᠯᠭᠡ ᠶᠢᠨ ᠬᠤᠭᠤᠴᠠᠭᠠᠨ ᠳᠤ ᠪᠠᠷᠢᠯᠭ᠎ᠠ ᠳᠠᠭᠤᠰᠬᠠᠨ ᠲᠡᠷᠭᠡ ᠨᠡᠪᠲᠡᠷᠡᠭᠦᠯᠬᠦ ᠪᠠᠷ ᠴᠢᠷᠮᠠᠶᠢᠵᠤ ᠪᠠᠶᠢᠨ᠎ᠠ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠪᠠᠰᠠ ᠴᠡᠭᠡ᠂ ᠭᠠᠭᠴᠠᠮᠤᠲᠤ᠂ ᠮᠠᠨᠳᠤᠯ᠎ᠠ ᠭᠤᠷᠪᠠᠨ ᠪᠣᠭᠤᠮᠲᠠ ᠪᠤᠯᠤᠨ ᠳᠣᠲᠣᠭᠠᠳᠤ ᠬᠠᠭᠤᠷᠠᠶ ᠮᠤᠵᠢ ᠣᠷᠣᠨ ᠯᠤᠭ᠎ᠠ ᠬᠤᠯᠪᠤᠭᠠᠯᠠᠨ ᠨᠡᠪᠲᠡᠷᠡᠯᠴᠡᠬᠦ ᠡᠬᠢ ᠪᠠᠶᠠᠯᠢᠭ ᠡᠨᠧᠷᠭᠢ ᠶᠢᠨ ᠵᠠᠮ ᠱᠤᠭᠤᠮ ᠤᠨ ᠪᠦᠲᠦᠭᠡᠨ ᠪᠠᠶᠢᠭᠤᠯᠤᠯᠲᠠ ᠬᠢᠭᠡᠳ ᠷᠠᠰᠢᠶᠠᠨ᠂ ᠡᠪᠦᠳᠦᠭ ᠪᠤᠯᠤᠨ ᠠᠰᠬᠠᠲᠤ ᠵᠡᠷᠭᠡ ᠭᠤᠷᠪᠠᠨ ᠪᠣᠭᠤᠮᠲᠠ ᠶᠢᠨ ᠵᠢᠭᠤᠯᠴᠢᠯᠠᠯ ᠤᠨ ᠵᠠᠮ ᠱᠤᠭᠤᠮ ᠤᠨ ᠪᠦᠲᠦᠭᠡᠨ ᠪᠠᠢᠭᠤᠯᠤᠯᠲᠠ ᠶᠢ ᠲᠡᠭᠦᠯᠳᠡᠷᠵᠢᠭᠦᠯᠵᠤ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠮᠦᠩᠬᠡ ᠭᠠᠯ ᠺᠣᠮᠫᠢᠦ᠋ᠲ᠋ᠧᠷ ᠰᠤᠹᠲ ᠤᠨ ᠪᠦᠷᠢᠨ ᠪᠤᠰᠤ ᠬᠠᠷᠢᠭᠤᠴᠠᠯᠭᠠᠳᠤ ᠺᠤᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号