ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠦᠯᠵᠢᠶᠡᠨ ᠳᠡᠭᠡᠷᠡᠬᠢ ᠬᠢᠨᠠᠨ | ᠪᠠᠶᠢᠴᠠᠭᠠᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠵᠢᠴᠢ ᠴᠠᠭᠳᠠᠭᠠᠨ ᠤ ᠶᠠᠪᠤᠳᠠᠯ ᠢ | ᠬᠢᠨᠠᠨ ᠪᠠᠶᠢᠴᠠᠭᠠᠬᠤ ᠶᠡᠷᠦᠩᠬᠡᠶ ᠠᠩᠭᠢ ᠶᠢᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠶᠢᠨ | ᠲᠤᠰᠠᠳᠠ᠂ ᠬᠡᠷᠡᠭ ᠪᠣᠯᠭᠠᠨ ᠳᠠᠩᠰᠠᠯᠠᠬᠤ ᠳᠠᠬᠢ ᠲᠣᠪᠤᠶᠢᠮ᠎ᠠ ᠠᠰᠠᠭᠤᠳᠠᠯ ᠢ ᠲᠤᠰᠬᠠᠢ ᠵᠠᠰᠠᠬᠤ ᠠᠵᠢᠯ ᠢ ᠭᠦᠨᠵᠡᠭᠡᠢ | ᠠᠬᠢᠭᠤᠯᠬᠤ ᠪᠠ ᠰᠦᠯᠵᠢᠶᠡᠨ ᠳᠡᠭᠡᠷᠡᠬᠢ ᠬᠢᠨᠠᠨ ᠪᠠᠶᠢᠴᠠᠭᠠᠬᠤ ᠰᠢᠰᠲ᠋ᠧᠮ ᠤᠨ ᠪᠦᠲᠦᠭᠡᠨ ᠪᠠᠶᠢᠭᠤᠯᠬᠤ ᠠᠵᠢᠯ ᠢ | ᠳᠠᠬᠢᠨ ᠳᠠᠶᠢᠴᠢᠯᠠᠵᠤ᠂ ᠳᠠᠬᠢᠨ ᠪᠠᠶᠢᠷᠢᠯᠠᠭᠤᠯᠪᠠ᠃ 9 ᠳ᠋ᠦ᠋ᠭᠡᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ | ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠡᠷᠡᠭ ᠪᠣᠯᠭᠠᠨ ᠳᠠᠩᠰᠠᠯᠠᠬᠤ ᠳᠠᠬᠢ ᠲᠣᠪᠤᠶᠢᠮ᠎ᠠ | ᠠᠰᠠᠭᠤᠳᠠᠯ ᠢ ᠲᠤᠰᠬᠠᠢ ᠵᠠᠰᠠᠬᠤ ᠵᠢᠴᠢ ᠰᠦᠯᠵᠢᠶᠡᠨ ᠳᠡᠭᠡᠷᠡᠬᠢ ᠬᠢᠨᠠᠨ ᠪᠠᠶᠢᠴᠠᠭᠠᠬᠤ ᠰᠢᠰᠲ᠋ᠧᠮ ᠤᠨ ᠪᠦᠲᠦᠭᠡᠨ | ᠪᠠᠢᠭᠤᠯᠤᠯᠲᠠ ᠶᠢ ᠲᠦᠯᠬᠢᠨ ᠠᠬᠢᠭᠤᠯᠬᠤ ᠬᠤᠷᠠᠯ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ | ᠨᠠᠮ ᠤᠨ ᠬᠤᠷᠢᠶ᠎ᠠ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠶᠠᠩ ᠸᠧᠨ ᠵᠥᠩ᠂ | ᠬᠥᠯᠥᠨ ᠪᠤᠶᠢᠷ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠳᠠᠷᠤᠭ᠎ᠠ ᠸᠠᠩ ᠱᠤ᠋ ᠴᠢᠤᠸᠠᠨ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠢᠨᠠᠨ ᠪᠠᠶᠢᠴᠠᠭᠠᠬᠤ ᠶᠡᠷᠦᠩᠬᠡᠶ | ᠠᠩᠭᠢ ᠶᠢᠨ ᠳᠠᠷᠤᠭ᠎ᠠ ᠬᠦᠩ ᠵᠢᠶᠠᠨ ᠴᠢᠶᠠᠩ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠴᠠᠭᠳᠠᠭᠠᠨ ᠤ | ᠶᠠᠪᠤᠳᠠᠯ ᠢ ᠬᠢᠨᠠᠨ ᠪᠠᠶᠢᠴᠠᠭᠠᠬᠤ ᠶᠡᠷᠦᠩᠬᠡᠶ ᠠᠩᠭᠢ ᠶᠢᠨ ᠤᠯᠤᠰ ᠲᠥᠷᠥ ᠶᠢᠨ ᠭᠡᠰᠢᠭᠦᠨ ᠷᠧᠨ ᠢᠦᠢ ᠴᠠᠢ ᠵᠢᠴᠢ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠲᠣᠪᠴᠢᠶᠠᠨ ᠳᠤ ᠪᠠᠨ ᠪᠠᠶᠢᠭ᠎ᠠ | ᠭᠡᠰᠢᠭᠦᠳ ᠬᠤᠷᠠᠯ ᠳᠤ ᠣᠷᠣᠯᠴᠠᠪᠠ᠃ ᠡᠯ᠎ᠡ ᠠᠶᠢᠮᠠᠭ ᠬᠤᠲᠠ ᠶᠢᠨ ᠬᠢᠨᠠᠨ ᠪᠠᠶᠢᠴᠠᠭᠠᠬᠤ᠂ ᠰᠠᠬᠢᠯᠭ᠎ᠠ ᠪᠠᠲᠤ | ᠪᠠᠶᠢᠴᠠᠭᠠᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ ᠬᠥᠯᠥᠨ | ᠪᠤᠶᠢᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠱᠤ᠋ ᠴᠢᠤᠸᠠᠨ ᠤᠭᠲᠤᠯᠭ᠎ᠠ ᠶᠢᠨ ᠦᠭᠡ ᠶᠠᠷᠢᠵᠤ᠂ | ᠲᠡᠷᠡᠴᠢᠯᠡᠨ ᠲᠤᠰ ᠤᠳᠠᠭᠠᠨ ᠤ ᠬᠤᠷᠠᠯ ᠨᠢ ᠡᠯ᠎ᠡ ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠬᠤᠭᠤᠷᠤᠨᠳᠤ ᠰᠣᠯᠢᠯᠴᠠᠬᠤ᠂ ᠬᠠᠮᠵᠢᠯᠴᠠᠬᠤ᠂ ᠨᠡᠪᠲᠡᠷᠡᠯᠴᠡᠬᠦ ᠬᠥᠭᠦᠷᠭᠡ ᠪᠣᠰᠬᠠᠵᠤ᠂ | ᠬᠤᠭᠤᠷᠤᠨᠳᠤᠬᠢ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠨᠥᠬᠦᠷᠯᠡᠯ ᠢᠶᠠᠨ ᠵᠤᠵᠠᠭᠠᠳᠬᠠᠬᠤ ᠲᠠᠪᠴᠠᠩ ᠪᠣᠯᠬᠤ ᠶᠢ | ᠬᠦᠰᠡᠵᠦ ᠪᠠᠶᠢᠨ᠎ᠠ ᠭᠡᠵᠡᠢ᠃ ᠬᠤᠷᠠᠯ ᠳᠡᠭᠡᠷ᠎ᠡ᠂ ᠬᠥᠬᠡᠬᠤᠲᠠ᠂ ᠬᠥᠯᠥᠨ ᠪᠤᠶᠢᠷ ᠬᠤᠲᠠ᠂ ᠪᠠᠶᠠᠨᠨᠠᠭᠤᠷ ᠬᠤᠲᠠ ᠪᠠ | ᠲᠦᠩᠯᠢᠶᠣᠣ ᠬᠤᠲᠠ ᠶᠢᠨ ᠬᠤᠷᠴᠢᠨ ᠲᠣᠭᠤᠷᠢᠭ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠵᠡᠷᠭᠡ ᠭᠠᠵᠠᠷ ᠤᠨ | ᠳᠣᠲᠣᠭᠠᠳᠤ ᠶᠢ ᠬᠠᠮᠠᠭᠠᠯᠠᠬᠤ ︵ᠬᠤᠪᠢᠶᠠᠷᠢ︶ ᠲᠣᠪᠴᠢᠶ᠎ᠠ ᠲᠤᠰ ᠭᠠᠵᠠᠷ ᠣᠷᠣᠨ ᠤ ᠪᠠᠨ ᠬᠡᠷᠡᠭ ᠪᠣᠯᠭᠠᠨ | ᠳᠠᠩᠰᠠᠯᠠᠬᠤ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶᠢᠯᠠᠨ ᠵᠠᠰᠠᠬᠤ ᠠᠵᠢᠯ ᠢ ᠦᠷᠨᠢᠭᠦᠯᠦᠭᠰᠡᠨ ᠪᠠᠶᠢᠳᠠᠯ ᠳᠤ | ᠦᠪᠡᠷᠮᠢᠴᠡ ᠣᠨᠴᠠᠯᠢᠭ ᠢᠶᠠᠷ ᠢᠯᠡ ᠲᠣᠳᠣ ᠨᠡᠶᠢᠲᠡᠯᠢᠭ ᠵᠢᠱᠢᠶ᠎ᠡ ᠶᠠᠷᠢᠶ᠎ᠠ ᠲᠠᠯᠪᠢᠪᠠ︔ ᠣᠷᠳᠣᠰ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨ ᠰᠦᠯᠵᠢᠶᠡᠨ ᠳᠡᠭᠡᠷᠡᠬᠢ ᠬᠢᠨᠠᠨ ᠪᠠᠶᠢᠴᠠᠭᠠᠬᠤ ᠰᠢᠰᠲ᠋ᠧᠮ ᠤᠨ | ᠪᠦᠲᠦᠭᠡᠨ ᠪᠠᠶᠢᠭᠤᠯᠤᠯᠲᠠ ᠶᠢᠨ ᠠᠵᠢᠯ ᠳᠤ ᠣᠯᠤᠭᠰᠠᠨ ᠠᠮᠵᠢᠯᠲᠠ ᠪᠦᠲᠦᠮᠵᠢ ᠪᠠᠨ ᠭᠤᠣᠯᠳᠠᠯᠭ᠎ᠠ ᠲᠠᠢ ᠪᠠᠷ | ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠢᠨᠠᠨ | ᠪᠠᠶᠢᠴᠠᠭᠠᠬᠤ ᠶᠡᠷᠦᠩᠬᠡᠶ ᠠᠩᠭᠢ ᠶᠢᠨ ᠳᠠᠷᠤᠭ᠎ᠠ ᠭᠦᠩ ᠵᠢᠶᠠᠨ ᠴᠢᠶᠠᠩ ᠰᠦᠯᠵᠢᠶᠡᠨ ᠳᠡᠭᠡᠷᠡᠬᠢ ᠬᠢᠨᠠᠨ ᠪᠠᠶᠢᠴᠠᠭᠠᠬᠤ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠠᠵᠢᠯ᠂ ᠬᠡᠷᠡᠭ ᠪᠣᠯᠭᠠᠨ ᠳᠠᠩᠰᠠᠯᠠᠬᠤ ᠳᠠᠬᠢ ᠲᠣᠪᠤᠶᠢᠮ᠎ᠠ | ᠠᠰᠠᠭᠤᠳᠠᠯ ᠢ ᠲᠤᠰᠬᠠᠢ ᠵᠠᠰᠠᠬᠤ ᠠᠵᠢᠯ᠂ ᠴᠢᠬᠤᠯᠠ ᠶᠡᠭᠡ ᠪᠠᠶᠠᠷ ᠳᠤᠷᠠᠰᠬᠠᠯ ᠤᠨ ᠡᠳᠦᠷ ᠤᠳ ᠤᠨ ᠬᠢᠨᠠᠨ | ᠪᠠᠶᠢᠴᠠᠭᠠᠬᠤ ᠠᠵᠢᠯ ᠤᠨ ᠲᠣᠭᠤᠷᠢᠨ ᠳᠤ ᠶᠠᠷᠢᠶ᠎ᠠ ᠲᠠᠯᠪᠢᠪᠠ᠃ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ | ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠶᠠᠩ ᠸᠧᠨ ᠵᠥᠩ ᠵᠢᠭᠠᠵᠤ ᠭᠠᠷᠭᠠᠭᠰᠠᠨ ᠨᠢ᠂ | ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠡᠷᠡᠭ ᠪᠣᠯᠭᠠᠨ ᠳᠠᠩᠰᠠᠯᠠᠬᠤ ᠳᠠᠬᠢ ᠲᠣᠪᠤᠶᠢᠮ᠎ᠠ | ᠠᠰᠠᠭᠤᠳᠠᠯ ᠢ ᠲᠤᠰᠬᠠᠢ ᠵᠠᠰᠠᠬᠤ ᠠᠵᠢᠯ ᠢ ᠦᠷᠨᠢᠭᠦᠯᠦᠭᠰᠡᠨ ᠠᠴᠠ ᠨᠠᠰᠢ᠂ ᠶᠡᠭᠡ ᠤᠷᠤᠭᠰᠢᠲᠠᠶ ᠶᠠᠪᠤᠭᠳᠠᠵᠤ᠂ | ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠵᠤ᠂ ᠰᠠᠶᠢᠨ ᠰᠠᠶᠢᠬᠠᠨ ᠠᠵᠢᠯ ᠤᠨ ᠪᠠᠶᠢᠳᠠᠯ ᠢᠯᠡᠷᠡᠭᠰᠡᠨ | ᠪᠠᠶᠢᠪᠠᠴᠣ ᠲᠠᠪᠰᠢᠬᠰᠠᠨ ᠭᠠᠵᠠᠷ ᠣᠷᠣᠨ ᠤ ᠲᠠᠢ ᠪᠠᠰᠠ ᠨᠡᠯᠢᠶᠡᠳ ᠶᠡᠭᠡ ᠵᠥᠷᠢᠶ᠎ᠡ ᠣᠷᠣᠰᠢᠵᠤ ᠪᠠᠶᠢᠨ᠎ᠠ᠃ ᠬᠡᠷᠡᠭ | ᠪᠣᠯᠭᠠᠨ ᠳᠠᠩᠰᠠᠯᠠᠬᠤ ᠠᠵᠢᠯ ᠤᠨ ᠳᠤᠮᠳᠠ ᠲᠤᠰᠬᠠᠭᠰᠠᠨ ᠲᠣᠪᠤᠶᠢᠮ᠎ᠠ ᠠᠰᠠᠭᠤᠳᠠᠯ ᠨᠢ ᠵᠥᠪᠬᠡᠨ ᠬᠠᠤᠯᠢ | ᠴᠠᠭᠠᠵᠠ ᠶᠢᠨ ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠠᠯ᠎ᠠ ᠪᠠᠷ ᠬᠢ ᠠᠰᠠᠭᠤᠳᠠᠯ ᠪᠢᠰᠢ᠂ ᠬᠠᠷᠢᠨ | ᠨᠡᠩ ᠢᠯᠡᠭᠦᠦ ᠨᠢ ᠠᠵᠢᠯ ᠤᠨ ᠰᠤᠷᠲᠠᠯ᠂ ᠠᠵᠢᠯ ᠮᠡᠷᠭᠡᠵᠢᠯ ᠤᠨ ᠶᠣᠰᠣ ᠰᠤᠷᠲᠠᠬᠤᠨ ᠤ ᠠᠰᠠᠭᠤᠳᠠᠯ ᠪᠣᠯᠤᠨ᠎ᠠ᠃ | ᠳᠠᠷᠠᠭ᠎ᠠ ᠠᠯᠬᠤᠮ ᠤᠨ ᠠᠵᠢᠯ ᠤᠨ ᠳᠤᠮᠳᠠ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯ ᠤᠨ | ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠳᠬᠠᠨ᠂ ᠲᠤᠰᠬᠠᠢ ᠵᠠᠰᠠᠬᠤ ᠠᠵᠢᠯ ᠤᠨ ᠪᠦᠬᠦ ᠲᠠᠯ᠎ᠠ ᠪᠠᠷ | ᠬᠥᠭᠵᠢᠬᠦ ᠶᠢ ᠳᠥᠯᠭᠢᠨ ᠠᠬᠢᠭᠤᠯᠵᠤ᠂ ᠦᠨᠡᠨ ᠪᠤᠳᠠᠲᠠᠢ ᠠᠮᠵᠢᠯᠲᠠ ᠪᠦᠲᠦᠮᠵᠢ ᠣᠯᠬᠤ ᠬᠡᠷᠡᠭᠲᠡᠢ ᠭᠡᠵᠡᠢ᠃ ᠡᠭᠦᠨ ᠤ | ᠬᠠᠮᠲᠤ ᠲᠡᠷᠡ ᠪᠠᠰᠠ ᠵᠢᠭᠠᠵᠤ ᠭᠠᠷᠭᠠᠭᠰᠠᠨ ᠨᠢ᠂ ᠮᠠᠨ ᠤ ᠣᠷᠣᠨ ᠤ ᠰᠦᠯᠵᠢᠶᠡᠨ ᠳᠡᠭᠡᠷᠡᠬᠢ ᠬᠢᠨᠠᠨ ᠪᠠᠶᠢᠴᠠᠭᠠᠬᠤ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠭᠰᠡᠨ ᠠᠴᠠ ᠨᠠᠰᠢ᠂ ᠡᠯ᠎ᠡ ᠭᠠᠵᠠᠷ ᠤᠨ ᠬᠢᠨ ᠢᠳᠡᠪᠬᠢᠯᠡᠨ | ᠴᠢᠷᠮᠠᠶᠢᠬᠤ ᠪᠠᠷ ᠳᠠᠮᠵᠢᠭᠠᠳ᠂ ᠵᠣᠬᠢᠬᠤ ᠬᠡᠮᠵᠢᠶᠡᠨ ᠤ ᠠᠮᠵᠢᠯᠲᠠ ᠣᠯᠣᠭᠰᠠᠨ ᠮᠥᠷᠲᠡᠭᠡᠨ ᠪᠠᠶᠢᠭᠤᠯᠬᠤ ᠶᠢᠨ ᠵᠡᠷᠭᠡᠪᠡᠷ | ᠬᠡᠷᠡᠭᠯᠡᠬᠦ ᠶᠢ ᠪᠠᠷᠢᠮᠳᠠᠯᠠᠵᠤ᠂ ᠪᠣᠳᠠᠲᠤ ᠬᠡᠷᠡᠭᠯᠡᠭᠡᠨ ᠤ ᠳᠤᠮᠳᠠ ᠢᠳᠡᠪᠬᠢᠲᠡᠶ ᠦᠢᠯᠡᠳᠦᠯ ᠪᠠᠳᠠᠷᠠᠭᠤᠯᠪᠠ᠂ ᠭᠡᠪᠡᠴᠦ | ᠮᠠᠨ ᠤ ᠣᠷᠣᠨ ᠤ ᠰᠦᠯᠵᠢᠶᠡᠨ ᠳᠡᠭᠡᠷᠡᠬᠢ ᠬᠢᠨᠠᠨ ᠪᠠᠶᠢᠴᠠᠭᠠᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ | ᠬᠠᠷᠢᠴᠠᠩᠭᠤᠶ ᠪᠠᠷ ᠬᠤᠵᠢᠮᠳᠠᠭᠤ᠂ ᠪᠠᠰᠠ ᠨᠡᠯᠢᠶᠡᠳ ᠬᠤᠴᠣᠷᠤᠩᠭᠤᠶ ᠪᠠᠶᠢᠳᠠᠯ ᠳᠤ ᠣᠷᠣᠰᠢᠵᠤ ᠪᠠᠶᠢᠨ᠎ᠠ᠃ ᠡᠯ᠎ᠡ | ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠰᠦᠯᠵᠢᠶᠡᠨ ᠳᠡᠭᠡᠷᠡᠬᠢ ᠬᠢᠨᠠᠨ ᠪᠠᠶᠢᠴᠠᠭᠠᠬᠤ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ᠂ ᠠᠯᠤᠰ ᠬᠡᠳᠦ ᠶᠢᠨ | ᠨᠥᠯᠥᠭᠡ ᠶᠢ ᠭᠦᠨᠵᠡᠭᠡᠢ ᠲᠠᠨᠢᠵᠤ᠂ ᠪᠦᠲᠦᠭᠡᠨ ᠪᠠᠶᠢᠭᠤᠯᠤᠯᠲᠠ ᠶᠢᠨ ᠳᠤᠮᠳᠠ ᠲᠣᠬᠢᠶᠠᠯᠳᠤᠭᠰᠠᠨ ᠪᠡᠯᠡ ᠮᠥᠩᠭᠦ ᠶᠢᠨ | ᠪᠠᠲᠤᠯᠠᠭ᠎ᠠ᠂ ᠮᠡᠷᠭᠡᠵᠢᠯ ᠤᠨ ᠠᠵᠢᠯᠲᠠᠨ ᠲᠣᠬᠢᠷᠠᠭᠤᠯᠬᠤ ᠵᠡᠷᠭᠡ ᠲᠠᠯ᠎ᠠ ᠪᠠᠷ ᠬᠢ ᠬᠦᠴᠢᠷ ᠪᠡᠷᠬᠡᠰᠢᠶᠡᠯ ᠪᠣᠯᠣᠨ | ᠠᠰᠠᠭᠤᠳᠠᠯ ᠢ ᠬᠢᠨᠠᠨ ᠪᠠᠶᠢᠴᠠᠭᠠᠬᠤ ᠳᠠᠷᠤᠭ᠎ᠠ᠂ ᠳᠡᠳ᠋ ᠬᠢᠨᠠᠨ ᠪᠠᠶᠢᠴᠠᠭᠠᠬᠤ ᠳᠠᠷᠤᠭ᠎ᠠ ᠴᠦᠮ ᠪᠡᠶ᠎ᠡ ᠪᠠᠷ ᠢᠶᠠᠨ | ᠠᠰᠠᠭᠤᠵᠤ ᠰᠢᠢᠳᠪᠦᠷᠢᠯᠡᠬᠦ ᠬᠡᠷᠡᠭᠲᠡᠢ᠃ ᠨᠠᠷᠢᠨ ᠲᠥᠯᠥᠪᠯᠡᠭᠡ ᠵᠣᠬᠢᠶᠠᠵᠤ᠂ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠤᠯᠲᠠ᠂ ᠵᠣᠬᠢᠴᠠᠭᠤᠯᠬᠤ ᠪᠠ ᠳᠥᠯᠭᠢᠨ ᠠᠬᠢᠭᠤᠯᠬᠤ ᠶᠢ ᠴᠢᠩᠭᠠᠳᠬᠠᠵᠤ᠂ ᠪᠦᠲᠦᠭᠡᠨ ᠪᠠᠶᠢᠭᠤᠯᠬᠤ | ᠡᠭᠦᠷᠭᠡ ᠪᠠᠨ ᠲᠣᠭᠲᠠᠭᠰᠠᠨ ᠬᠤᠭᠤᠴᠠᠭ᠎ᠠ ᠶᠣᠰᠣᠭᠠᠷ ᠪᠠᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ | ᠶᠠᠩ ᠸᠧᠨ ᠵᠥᠩ ᠶᠠᠷᠢᠶᠠᠨ ᠪᠠᠷ ᠪᠠᠨ ᠪᠠᠰᠠ ᠡᠯ᠎ᠡ ᠭᠠᠵᠠᠷ ᠣᠷᠣᠨ ᠤ ᠬᠢᠨ12389 ᠨᠣᠮᠧᠷᠲᠦ ᠲᠠᠪᠴᠠᠩ ᠤᠨ | ᠢᠯᠡᠴᠢᠯᠡᠨ ᠮᠡᠳᠡᠭᠦᠯᠦᠯᠲᠡ ᠶᠢ ᠬᠦᠯᠢᠶᠡᠨ ᠰᠢᠢᠳᠪᠦᠷᠢᠯᠡᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠪᠣᠯᠪᠠᠰᠤᠨ ᠢᠶᠠᠷ | ᠬᠦᠯᠢᠶᠡᠨ ᠰᠣᠨᠣᠰᠴᠤ᠂ ᠬᠠᠤᠯᠢ ᠶᠣᠰᠣᠭᠠᠷ ᠬᠦᠯᠢᠶᠡᠨ ᠰᠢᠢᠳᠪᠦᠷᠢᠯᠡᠵᠦ᠂ ᠵᠢᠷᠤᠮᠵᠢᠯ ᠲᠠᠢ ᠪᠠᠷ ᠠᠵᠢᠯᠯᠠᠨ | ᠬᠠᠯᠠᠭᠤᠮᠰᠤᠭ ᠲᠤᠲᠤᠨᠤ ᠣᠪᠣᠷ ᠢᠶᠠᠷ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠶᠠᠪᠤᠳᠠᠯ ᠤᠳ ᠢ ᠴᠠᠭ | ᠲᠤᠬᠠᠶ ᠳᠤᠨᠢ ᠰᠢᠢᠳᠪᠦᠷᠢᠯᠡᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠨᠡᠨ ᠪᠤᠳᠠᠲᠠᠢ ᠪᠠᠷ ᠬᠠᠷᠢᠭᠤᠯᠬᠤ | ᠬᠡᠷᠡᠭᠲᠡᠢ᠃ 12389 ᠳᠤ ᠢᠯᠡᠴᠢᠯᠡᠨ ᠮᠡᠳᠡᠭᠦᠯᠦᠭᠰᠡᠨ ᠬᠡᠷᠡᠭ ︵ᠶᠠᠪᠤᠳᠠᠯ︶ ᠢ ᠬᠠᠷᠭᠤᠭᠤᠯᠤᠨ ᠪᠠᠶᠢᠴᠠᠭᠠᠬᠤ | ᠠᠵᠢᠯ ᠢ ᠴᠢᠩᠭᠠᠳᠬᠠᠵᠤ᠂ ᠬᠡᠷᠡᠭ ᠢ ᠴᠠᠭ ᠲᠤᠬᠠᠶ ᠳᠤᠨᠢ ᠰᠢᠢᠳᠪᠦᠷᠢᠯᠡᠬᠦ ᠶᠢᠨ ᠬᠠᠮᠲᠤ ᠬᠠᠷᠢᠭᠤ ᠥᠭᠴᠦ᠂ | ᠴᠠᠭᠳᠠᠭᠠᠨ ᠤ ᠶᠠᠪᠤᠳᠠᠯ ᠤᠨ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠵᠦ ᠭᠤᠮᠤᠳᠠᠯ | ᠭᠠᠷᠭᠠᠭᠰᠠᠨ ᠬᠡᠷᠡᠭ ᠶᠠᠪᠤᠳᠠᠯ ᠤᠳ ᠢ ᠬᠠᠷᠭᠤᠭᠤᠯᠤᠨ ᠪᠠᠶᠢᠴᠠᠭᠠᠬᠤ ᠠᠵᠢᠯ ᠤᠨ ᠴᠢᠳᠠᠪᠤᠷᠢ ᠪᠣᠯᠣᠨ ᠬᠢᠷᠢ | ᠲᠥᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠶᠠᠩ ᠸᠧᠨ ᠵᠥᠩ ᠶᠠᠷᠢᠶᠠᠨ ᠤ ᠪᠠᠨ ᠡᠴᠦᠰ ᠲᠤ | ᠴᠢᠬᠤᠯᠠᠴᠢᠯᠠᠭᠰᠠᠨ ᠨᠢ᠂ ᠬᠡᠷᠡᠭ ᠪᠣᠯᠭᠠᠨ ᠳᠠᠩᠰᠠᠯᠠᠬᠤ ᠳᠠᠬᠢ ᠲᠣᠪᠤᠶᠢᠮ᠎ᠠ ᠠᠰᠠᠭᠤᠳᠠᠯ ᠢ ᠲᠤᠰᠬᠠᠢ ᠵᠠᠰᠠᠬᠤ ᠪᠠ | ᠰᠦᠯᠵᠢᠶᠡᠨ ᠳᠡᠭᠡᠷᠡᠬᠢ ᠬᠢᠨᠠᠨ ᠪᠠᠶᠢᠴᠠᠭᠠᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ᠂ ᠡᠨᠡ ᠬᠤᠶᠠᠷ ᠵᠦᠢᠯ ᠤᠨ | ᠠᠵᠢᠯ ᠴᠥᠮ ᠵᠠᠩᠭᠢᠯᠠᠭ᠎ᠠ ᠶᠢᠨ ᠱᠠᠲᠤᠨ ᠳᠤ ᠣᠷᠣᠭᠠᠳ ᠪᠤᠢ᠂ ᠡᠯ᠎ᠡ ᠱᠠᠲᠤᠨ ᠤ ᠴᠠᠭᠳᠠᠭᠠᠨ ᠤ ᠶᠠᠪᠤᠳᠠᠯ ᠢ ᠬᠢᠨᠠᠨ | ᠪᠠᠶᠢᠴᠠᠭᠠᠬᠤ ᠰᠠᠯᠠᠭ᠎ᠠ ᠮᠥᠴᠢᠷ ᠤᠨ ᠬᠢᠨ ᠲᠥᠷᠥᠭᠦᠯᠡᠬᠦ ᠦᠢᠯᠡᠳᠦᠯ ᠢᠶᠠᠨ ᠪᠠᠳᠠᠷᠠᠭᠤᠯᠵᠤ᠂ ᠬᠢᠨᠠᠨ ᠪᠠᠶᠢᠴᠠᠭᠠᠬᠤ | ᠠᠷᠭ᠎ᠠ ᠬᠡᠯᠪᠡᠷᠢ ᠪᠠᠨ ᠲᠠᠰᠤᠷᠠᠯᠲᠠ ᠦᠭᠡᠶ ᠳ᠋ᠦᠩᠨᠡᠨ ᠳᠡᠭᠡᠭᠰᠢᠯᠡᠭᠦᠯᠦᠨ ᠰᠠᠶᠢᠵᠢᠷᠠᠭᠤᠯᠵᠤ᠂ ︽ᠭᠤᠷᠪᠠᠨ ᠴᠢᠩᠭ᠎ᠠ | ᠭᠤᠷᠪᠠᠨ ᠪᠣᠳᠠᠲᠠᠶ ᠪᠠᠶᠢᠬᠤ︾ ᠱᠠᠭᠠᠷᠳᠠᠯᠭ᠎ᠠ ᠶᠢ ᠦᠢᠯᠡᠳᠦᠯᠭᠡᠵᠢᠭᠦᠯᠦᠨ᠂ ᠥᠷᠭᠦᠯᠵᠢᠯᠡᠨ ᠪᠠᠶᠢᠯᠳᠤᠬᠤ ᠰᠤᠷᠲᠠᠯ ᠢ | ᠪᠠᠳᠠᠷᠠᠭᠤᠯᠵᠤ᠂ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠬᠦ᠂ ᠡᠭᠦᠷᠭᠡ ᠪᠠᠨ ᠦᠨᠡᠨ ᠬᠦ ᠦᠨᠡᠨᠴᠢ ᠰᠢᠳᠤᠷᠭᠤ ᠪᠠᠷ | ᠭᠦᠢᠴᠡᠳᠬᠡᠵᠦ᠂ ᠲᠤᠰᠬᠠᠢ ᠵᠠᠰᠠᠯᠲᠠ᠂ ᠰᠢᠰᠲ᠋ᠧᠮ ᠤᠨ ᠪᠦᠲᠦᠭᠡᠨ ᠪᠠᠶᠢᠭᠤᠯᠤᠯᠲᠠ ᠬᠢᠭᠡᠳ ᠪᠤᠰᠤᠳ ᠬᠢᠨᠠᠨ | ᠪᠠᠶᠢᠴᠠᠭᠠᠬᠤ ᠠᠵᠢᠯ ᠤᠳ ᠤᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠪᠦᠬᠦ ᠤᠯᠤᠰ ᠤᠨ ᠡᠮᠦᠨ᠎ᠡ | ᠡᠩᠨᠡᠭᠡᠨ ᠳᠤ ᠶᠠᠪᠤᠬᠤ ᠪᠠᠷ ᠴᠢᠷᠮᠠᠶᠢᠨ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ᠨᠠᠮ ᠤᠨ ᠬᠤᠷᠢᠶ᠎ᠠ ᠶᠢᠨ ᠬᠦᠨᠳᠦ ᠨᠠᠶᠢᠳᠠᠯᠭ᠎ᠠ ᠶᠢ ᠬᠦᠰᠡᠷᠳᠡᠭᠦᠯᠵᠦ ᠪᠣᠯᠬᠤ ᠦᠭᠡᠶ ᠭᠡᠵᠡᠢ︕ |