ᠮᠠᠨ ᠤ ᠣᠷᠣᠨ ᠤ 2016 ᠣᠨ ᠤ ᠪᠦᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ ᠨᠢ 9 ᠳ᠋ᠦ᠋ᠭᠡᠷ | ᠰᠠᠷ᠎ᠠ ᠶᠢᠨ 24 ᠤ ᠡᠳᠦᠷ ᠠᠴᠠ 27 ᠤ ᠡᠳᠦᠷ ᠪᠣᠯᠲᠠᠯ᠎ᠠ ᠨᠡᠷ᠎ᠡ ᠪᠠᠨ ᠮᠡᠳᠡᠭᠦᠯᠦᠨ᠎ᠡ᠃ ᠣᠶᠢᠯᠠᠭᠠᠭᠰᠠᠨ ᠢᠶᠠᠷ᠂ | ᠮᠠᠨ ᠤ ᠣᠷᠣᠨ ᠳᠤ ᠨᠡᠶᠢᠲᠡ 12 ᠨᠡᠷ᠎ᠡ ᠮᠡᠳᠡᠭᠦᠯᠬᠦ ᠭᠠᠵᠠᠷ ᠲᠣᠬᠢᠷᠠᠭᠤᠯᠪᠠ᠄ ᠲᠣᠬᠠᠶᠢᠯᠠᠪᠠᠯ ᠬᠥᠬᠡᠬᠤᠲᠠ ᠶᠢᠨ | ᠰᠤᠷᠤᠭᠴᠢ ᠡᠯᠰᠡᠬᠦ ᠰᠢᠯᠭᠠᠯᠲᠠ ᠶᠢᠨ ᠬᠠᠮᠢᠶᠠᠷᠤᠯᠲᠠ ᠶᠢᠨ ᠲᠥᠪ᠂ ᠥᠪᠥᠷ ᠮᠣᠩᠭᠤᠯ ᠤᠨ ᠶᠡᠭᠡ ᠰᠤᠷᠭᠠᠭᠤᠯᠢ᠂ | ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠪᠤᠭᠤᠲᠤ ᠬᠤᠲᠠ ᠶᠢᠨ ᠰᠤᠷᠭᠠᠨ | ᠬᠥᠮᠦᠵᠢᠯ ᠤᠨ ᠰᠢᠯᠭᠠᠯᠲᠠ ᠶᠢᠨ ᠲᠥᠪ᠂ ᠦᠬᠠᠶ ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ | ᠰᠢᠯᠭᠠᠯᠲᠠ ᠶᠢᠨ ᠲᠥᠪ᠂ ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ | ᠲᠥᠪ᠂ ᠬᠥᠯᠥᠨ ᠪᠤᠶᠢᠷ ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ᠂ | ᠲᠦᠩᠯᠢᠶᠣᠤ ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠬᠠᠮᠢᠶᠠᠷᠤᠯᠲᠠ ᠶᠢᠨ ᠲᠥᠪ᠂ | ᠰᠢᠯᠢ ᠶᠢᠨ ᠭᠤᠣᠯ ᠠᠶᠢᠮᠠᠭ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ᠂ | ᠤᠯᠠᠭᠠᠨᠴᠠᠪ ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ᠂ ᠣᠷᠳᠣᠰ | ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ᠂ ᠪᠠᠶᠠᠨᠨᠠᠭᠤᠷ ᠬᠤᠲᠠ ᠶᠢᠨ | ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠪᠣᠯᠣᠨ᠎ᠠ᠃ ᠤᠷᠢᠳᠴᠢᠯᠠᠨ ᠨᠡᠷ᠎ᠡ | ᠮᠡᠳᠡᠭᠦᠯᠦᠭᠰᠡᠨ ᠰᠤᠷᠣᠭᠴᠢᠳ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠺᠠᠷᠲ ︵ ᠶᠢᠨ ᠰᠦᠢ | ᠵᠢᠭᠡᠯᠡᠪᠦᠷᠢ ᠶᠢᠨ ᠺᠠᠷᠲ ᠪᠤᠶᠤ ᠵᠢᠭᠡᠯᠡᠯᠭᠡ ᠶᠢᠨ ᠺᠠᠷᠲ᠂ ᠲᠡᠭᠦᠨ ᠢ ᠪᠠᠰᠠ ᠶᠢᠨ ᠰᠦᠢ ᠺᠠᠷᠲ ᠭᠡᠨ᠎ᠡ︶ ᠤᠨ | ᠡᠯᠧᠺᠲᠷᠣᠨ ᠢᠶᠠᠷ ᠣᠯᠭᠤᠬᠤ ᠺᠠᠷᠲ ᠤᠨ ᠬᠡᠯᠪᠡᠷᠢ ᠪᠠᠷ ᠪᠤᠶᠤ ᠰᠦᠯᠵᠢᠶᠡᠨ ᠳᠡᠭᠡᠷᠡᠬᠢ ᠪᠠᠩᠬᠢ ᠶᠢᠨ ᠬᠡᠯᠪᠡᠷᠢ ᠪᠠᠷ | ᠨᠡᠷ᠎ᠡ ᠮᠡᠳᠡᠭᠦᠯᠬᠦ ᠰᠦᠢᠳᠬᠡᠯ ᠢᠶᠠᠨ ᠲᠤᠰᠢᠶᠠᠨ᠎ᠠ᠃ ᠰᠢᠯᠭᠠᠭᠤᠯᠬᠤ ᠪᠠᠷ ᠨᠡᠷ᠎ᠡ ᠮᠡᠳᠡᠭᠦᠯᠬᠦ ᠰᠦᠢᠳᠬᠡᠯ ᠢᠶᠠᠨ ᠨᠢᠭᠡᠨᠲᠡ | ᠲᠤᠰᠢᠶᠠᠭᠰᠠᠨ ᠪᠣᠯᠪᠠᠴᠤ ᠲᠣᠭᠲᠠᠭᠰᠠᠨ ᠴᠠᠭ ᠲᠤ ᠪᠠᠨ ᠲᠤᠬᠠᠶ ᠶᠢᠨ ᠭᠠᠵᠠᠷ ᠲᠤ ᠨᠤᠲᠠᠯᠠᠭᠰᠠᠨ ᠦᠭᠡᠢ ᠪᠣᠯ᠂ | ᠰᠢᠯᠭᠠᠭᠤᠯᠬᠤ ᠪᠠᠷ ᠨᠡᠷ᠎ᠡ ᠮᠡᠳᠡᠭᠦᠯᠦᠭᠰᠡᠨ ᠰᠦᠢᠳᠬᠡᠯ ᠢ ᠨᠢ ᠪᠤᠴᠠᠭᠠᠵᠤ ᠥᠭᠬᠦ ᠦᠭᠡᠶ᠃ ᠰᠢᠯᠭᠠᠭᠤᠯᠤᠭᠴᠢᠳ | ᠰᠢᠯᠭᠠᠭᠤᠯᠬᠤ ᠪᠠᠷ ᠨᠡᠷ᠎ᠡ ᠮᠡᠳᠡᠭᠦᠯᠬᠦ ᠰᠦᠢᠳᠬᠡᠯ ᠢᠶᠠᠨ ᠲᠤᠰᠢᠶᠠᠬᠤ ᠠᠴᠠ ᠪᠠᠨ ᠡᠮᠦᠨ᠎ᠡ ᠡᠷᠬᠡᠪᠰᠢ ᠨᠡᠷ᠎ᠡ ᠮᠡᠳᠡᠭᠦᠯᠬᠦ | ᠮᠡᠳᠡᠭᠡ ᠵᠠᠩᠭᠢ ᠪᠠᠨ ᠨᠠᠷᠢᠨ ᠬᠢᠨᠠᠮᠠᠭᠠᠶ ᠬᠠᠷᠭᠤᠭᠤᠯᠬᠤ ᠬᠡᠷᠡᠭᠲᠡᠢ᠂ ᠰᠦᠢᠳᠬᠡᠯ ᠢᠶᠠᠨ ᠲᠤᠰᠢᠶᠠᠭᠰᠠᠨ ᠤ ᠳᠠᠷᠠᠭ᠎ᠠ | ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ ᠵᠠᠰᠠᠵᠤ ᠪᠣᠯᠬᠤ ᠦᠭᠡᠶ᠃ |