ᠬᠤᠶᠠᠷ ᠪᠠᠶᠠᠷ ᠤᠨ ᠡᠳᠦᠷ ᠬᠦᠷᠴᠦ ᠢᠷᠡᠯ᠎ᠡ  ᠲᠡᠮᠦᠷ ᠵᠠᠮ ᠤᠨ ᠲᠣᠪᠴᠢᠶ᠎ᠠ ᠶᠢᠨ ᠬᠡᠰᠡᠭ ᠲᠡᠷᠭᠡᠨ ᠤ ᠪᠢᠯᠧᠲ ᠪᠠᠴᠢᠮ ᠪᠤᠯᠪᠠ
ᠨᠡᠶᠢᠲᠡᠯᠡᠭᠰᠡᠨ ᠴᠠᠭ᠄
2015/9/25
     ᠡᠨᠡ ᠵᠢᠯ ᠤᠨ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠤᠨ ᠬᠤᠭᠤᠴᠠᠭᠠᠨ ᠳᠤ᠂ ᠬᠦᠬᠡᠬᠤᠲᠠ ᠲᠡᠮᠦᠷ ᠵᠠᠮ ᠤᠨ ᠲᠣᠪᠴᠢᠶ᠎ᠠ ᠵᠢᠱᠢᠯᠲᠡ ᠪᠠᠷ᠂ ᠰᠢᠭᠤᠳ ᠨᠡᠪᠲᠡᠷᠡᠬᠦ ᠠᠶᠠᠨᠴᠢᠳ ᠤᠨ ᠠᠶᠠᠯᠠᠬᠤ ᠴᠢᠭᠯᠡᠯ ᠭᠤᠤᠯᠳᠠᠭᠤ ᠪᠡᠭᠡᠵᠢᠩ᠂ ᠱᠧᠨᠵᠧᠨ᠂ ᠬᠠᠩᠵᠧᠦ᠂ ᠱᠠᠩᠬᠠᠢ᠂ ᠨᠠᠨᠨᠢᠩ᠂ ᠴᠢᠩᠳᠣᠤ ᠵᠡᠷᠭᠡ ᠵᠢᠭᠤᠯᠴᠢᠯᠠᠯ ᠤᠨ ᠬᠤᠲᠠ ᠎ ᠪᠠᠷ ᠲᠥᠪᠯᠡᠷᠡᠵᠦ᠂ ᠦᠪᠦᠷ ᠮᠤᠩᠭᠤᠯ ᠤᠨ ᠬᠠᠮᠢᠶᠠᠷᠤᠯᠲᠠ ᠶᠢᠨ ᠳᠣᠲᠣᠷᠠᠬᠢ ᠠᠶᠠᠨᠴᠢᠳ ᠤᠨ ᠤᠷᠤᠰᠬᠠᠯ ᠨᠢ ᠬᠥᠬᠡᠬᠤᠲᠠ᠂ ᠪᠤᠭᠤᠲᠤ᠂ ᠦᠬᠠᠶ᠂ ᠣᠷᠳᠣᠰ ᠵᠡᠷᠭᠡ ᠣᠶᠢᠷ᠎ᠠ ᠵᠠᠮ ᠤᠨ ᠴᠤᠪᠤᠭ᠎ᠠ ᠲᠡᠷᠭᠡ ᠪᠠᠷ ᠭᠤᠤᠯ ᠪᠤᠯᠭᠠᠪᠠ᠃ 9 ᠳ᠋ᠤᠭᠡᠷ ᠰᠠᠷ᠎ᠠ ᠶᠢᠨ 23᠎ ᠤ ᠡᠳᠦᠷ ᠤᠨ 12306 ᠰᠦᠯᠵᠢᠶᠡᠨ ᠥᠷᠲᠡᠭᠡᠨ ᠳᠡᠭᠡᠷᠡᠬᠢ ᠲᠤᠭ᠎ᠠ ᠪᠠᠷᠢᠮᠲᠠ ᠠᠴᠠ ᠦᠵᠡᠪᠡᠯ᠂ ᠬᠦᠬᠡᠬᠤᠲᠠ ᠲᠡᠮᠦᠷ ᠵᠠᠮ ᠤᠨ ᠲᠣᠪᠴᠢᠶ᠎ᠠ ᠶᠢᠨ ᠬᠠᠷᠢᠶᠠᠨ ᠳᠠᠬᠢ ᠴᠤᠪᠤᠭ᠎ᠠ ᠲᠡᠷᠭᠡ ᠶᠢᠨ ᠢᠯᠡᠭᠦᠴᠡ ᠪᠢᠯᠧᠲ ᠤᠨ ᠲᠤᠭ᠎ᠠ ᠴᠥᠮ ᠶᠡᠭᠡ ᠬᠡᠮᠵᠢᠶ᠎ᠡ ᠪᠠᠷ ᠪᠠᠭᠠᠰᠴᠤ ᠪᠤᠢ᠃ 9 ᠳ᠋ᠤᠭᠡᠷ ᠰᠠᠷ᠎ᠠ ᠶᠢᠨ 25᠎ ᠤ ᠡᠳᠦᠷ ᠠᠴᠠ 10 ᠳ᠋ᠤᠭᠠᠷ ᠰᠠᠷ᠎ᠠ ᠶᠢᠨ 7᠎ ᠤ ᠡᠳᠦᠷ ᠪᠤᠯᠲᠠᠯ᠎ᠠ᠂ ᠪᠤᠭᠤᠲᠤ ᠠᠴᠠ ᠱᠧᠨᠵᠧᠨ ᠳᠤ ᠬᠦᠷᠬᠦ Z184 ᠤᠳᠠᠭ᠎ᠠ᠂ ᠪᠤᠭᠤᠲᠤ ᠠᠴᠠ ᠬᠠᠩᠵᠧᠦ ᠬᠦᠷᠬᠦ Z284 ᠤᠳᠠᠭ᠎ᠠ᠂ ᠪᠤᠭᠤᠲᠤ ᠠᠴᠠ ᠱᠠᠩᠬᠠᠢ ᠬᠦᠷᠬᠦ Z267 ᠤᠳᠠᠭ᠎ᠠ᠂ ᠪᠤᠭᠤᠲᠤ ᠠᠴᠠ ᠨᠠᠨᠨᠢᠩ ᠬᠦᠷᠬᠦ Z338 ᠤᠳᠠᠭ᠎ᠠ᠂ ᠪᠤᠭᠤᠲᠤ ᠠᠴᠠ ᠭᠤᠸᠠᠩᠵᠧᠦ ᠬᠦᠷᠬᠦ K598 ᠤᠳᠠᠭ᠎ᠠ᠂ ᠪᠤᠭᠤᠲᠤ ᠠᠴᠠ ᠴᠢᠩᠳᠣᠤ ᠬᠦᠷᠬᠦ K712 ᠤᠳᠠᠭ᠎ᠠ᠂ ᠪᠤᠭᠤᠲᠤ ᠠᠴᠠ ᠬᠠᠷᠪᠢᠨ ᠬᠦᠷᠬᠦ K1382 ᠤᠳᠠᠭ᠎ᠠ᠂ ᠪᠤᠭᠤᠲᠤ ᠠᠴᠠ ᠳ᠋ᠠᠯᠢᠶᠠᠨ ᠬᠦᠷᠬᠦ K1566 ᠤᠳᠠᠭ᠎ᠠ ᠵᠡᠷᠭᠡ  ᠠᠶᠠᠨᠴᠢᠨ ᠤᠯᠠᠨ ᠱᠤᠭᠤᠮ ᠤᠨ ᠴᠤᠪᠤᠭ᠎ᠠ ᠲᠡᠷᠭᠡᠨ ᠤ ᠪᠢᠯᠧᠲ ᠤᠨ ᠪᠠᠶᠢᠳᠠᠯ ᠪᠠᠴᠢᠮ ᠪᠤᠯᠵᠤ᠂ ᠵᠥᠪᠬᠡᠨ ᠬᠡᠰᠡᠭ ᠴᠤᠪᠤᠭ᠎ᠠ ᠲᠡᠷᠭᠡᠨ ᠳᠤ ᠴᠦᠬᠡᠪᠦᠷᠢ ᠪᠢᠯᠧᠲ ᠯᠡ ᠦᠯᠡᠳᠡᠵᠤ ᠪᠤᠢ᠃      ᠤᠶᠢᠯᠠᠭᠠᠭᠰᠠᠨ ᠢᠶᠠᠷ᠂ ᠡᠨᠡ ᠵᠢᠯ ᠤᠨ ᠤᠯᠤᠰ ᠤᠨ ᠪᠠᠶᠠᠷ ᠤᠨ ᠠᠯᠲᠠᠨ ᠭᠠᠷᠠᠭ ᠤᠨ ᠬᠤᠭᠤᠴᠠᠭᠠᠨ ᠳᠤ᠂ ᠬᠥᠬᠡᠬᠤᠲᠠ᠂ ᠪᠤᠭᠤᠲᠤ ᠠᠴᠠ ᠪᠡᠭᠡᠵᠢᠩ ᠳᠤ ᠬᠦᠷᠬᠦ ᠴᠤᠪᠤᠭ᠎ᠠ ᠲᠡᠷᠭᠡᠨ ᠤ ᠨᠢᠭᠡ ᠪᠢᠯᠧᠲ ᠶᠢ ᠤᠯᠬᠤ ᠳᠤ ᠴᠤ ᠲᠤᠶᠢᠯ ᠤᠨ ᠬᠦᠴᠢᠷ ᠪᠠᠶᠢᠳᠠᠯ ᠭᠠᠷᠪᠠ᠃ ᠪᠡᠭᠡᠵᠢᠩ ᠤᠷᠤᠭᠤ ᠶᠠᠪᠤᠬᠤ ᠬᠦᠬᠡᠬᠤᠲᠠ ᠵᠡᠬᠦᠨ ᠦᠷᠲᠡᠭᠡ ᠠᠴᠠ ᠪᠡᠭᠡᠵᠢᠩ ᠦᠷᠲᠡᠭᠡ ᠬᠦᠷᠬᠦ Z180 ᠤᠳᠠᠭ᠎ᠠ᠂ ᠬᠥᠬᠡᠬᠤᠲᠠ ᠠᠴᠠ ᠪᠡᠬᠡᠵᠢᠩ ᠬᠦᠷᠬᠦ Z316 ᠤᠳᠠᠭ᠎ᠠ᠂ ᠪᠤᠭᠤᠲᠤ ᠠᠴᠠ ᠪᠡᠭᠡᠵᠢᠩ ᠬᠦᠷᠬᠦ Z318 ᠤᠳᠠᠭ᠎ᠠ ᠵᠡᠷᠭᠡ 3  ᠡᠭᠡᠯᠵᠢ ᠶᠢᠨ ᠰᠢᠭᠤᠳ ᠬᠦᠷᠬᠦ ᠣᠨᠴᠠ ᠬᠤᠷᠳᠤ ᠶᠢᠨ ᠴᠤᠪᠤᠭ᠎ᠠ ᠲᠡᠷᠭᠡ᠂ ᠬᠥᠬᠡᠬᠤᠲᠠ ᠠᠴᠠ ᠪᠡᠭᠡᠵᠢᠩ ᠬᠦᠷᠬᠦ K90 ᠤᠳᠠᠭ᠎ᠠ᠂ ᠪᠤᠭᠤᠲᠤ ᠠᠴᠠ ᠪᠡᠭᠡᠵᠢᠩ ᠬᠦᠷᠬᠦ K264 ᠤᠳᠠᠭ᠎ᠠ᠂ ᠳ᠋ᠦᠡᠭᠱᠸᠡᠭ ᠪᠠᠷᠠᠭᠤᠨ ᠦᠷᠲᠡᠭᠡ ᠠᠴᠠ ᠪᠡᠭᠡᠵᠢᠩ ᠦᠷᠲᠡᠭᠡ ᠬᠦᠷᠬᠦ K574 ᠤᠳᠠᠭ᠎ᠠ ᠶᠢᠨ 3 ᠡᠭᠡᠯᠵᠢ ᠶᠢᠨ ᠲᠦᠷᠭᠡᠨ ᠬᠤᠷᠳᠤ ᠶᠢᠨ ᠴᠤᠪᠤᠭ᠎ᠠ ᠲᠡᠷᠭᠡᠨ ᠤ ᠪᠢᠯᠧᠲ ᠤᠨ ᠲᠤᠭ᠎ᠠ ᠪᠠᠴᠢᠮ ᠪᠤᠯᠪᠠ᠃ K1456 ᠤᠳᠠᠭ᠎ᠠ᠂ K618 ᠤᠳᠠᠭ᠎ᠠ᠂ K274 ᠤᠳᠠᠭ᠎ᠠ᠂ K218 ᠤᠳᠠᠭ᠎ᠠ᠂ K1596 ᠤᠳᠠᠭ᠎ᠠ ᠵᠡᠷᠭᠡ ᠵᠠᠮ ᠢᠶᠠᠷ ᠳᠠᠭᠠᠷᠢᠬᠤ ᠴᠤᠪᠤᠭ᠎ᠠ ᠲᠡᠷᠭᠡᠨ ᠤ ᠤᠨᠲᠠᠬᠤ ᠤᠷᠤ ᠲᠠᠢ ᠪᠢᠯᠧᠲ ᠶᠢ ᠬᠤᠳᠠᠯᠳᠤᠵᠤ ᠳᠠᠭᠤᠰᠤᠭᠰᠠᠨ ᠪᠦᠭᠡᠳ ᠵᠥᠪᠬᠡᠨ ᠴᠦᠬᠡᠪᠦᠷᠢ ᠲᠤᠭᠠᠨ ᠤ ᠬᠠᠲᠠᠭᠤ ᠰᠠᠭᠤᠳᠠᠯ ᠤᠨ ᠪᠢᠯᠧᠲ ᠯᠡ ᠦᠯᠡᠳᠡᠵᠤ ᠪᠤᠢ᠃ ᠪᠤᠭᠤᠲᠤ ᠠᠴᠠ ᠨᠠᠨᠴᠠᠩ ᠬᠦᠷᠬᠦ K1278 ᠤᠳᠠᠭ᠎ᠠ᠂ ᠬᠥᠬᠡᠬᠤᠲᠠ ᠠᠴᠠ ᠺᠦᠨᠮᠢᠩ ᠬᠦᠷᠬᠦ K691 ᠤᠳᠠᠭ᠎ᠠ᠂ ᠬᠥᠬᠡᠬᠤᠲᠠ ᠠᠴᠠ ᠹᠦᠵᠧᠦ ᠬᠦᠷᠬᠦ K1315 ᠤᠳᠠᠭ᠎ᠠ᠂ ᠬᠥᠬᠡᠬᠤᠲᠠ ᠠᠴᠠ ᠴᠧᠩᠳᠦ᠋ ᠬᠦᠷᠬᠦ 1717 ᠤᠳᠠᠭ᠎ᠠ ᠵᠡᠷᠭᠡ ᠬᠤᠯᠠ ᠵᠠᠮ ᠤᠨ ᠴᠤᠪᠤᠭ᠎ᠠ ᠲᠡᠷᠭᠡᠨ ᠤ ᠪᠢᠯᠧᠲ ᠣᠳᠣᠬᠠᠨ ᠳᠤ ᠪᠠᠰᠠ ᠦᠯᠡᠳᠡᠵᠤ ᠪᠠᠶᠢᠨ᠎ᠠ᠃ ᠠᠩᠬᠠᠷᠤᠭᠤᠰᠢᠲᠠᠢ ᠨᠢ᠂ ᠵᠢᠱᠢᠯᠲᠡ ᠪᠠᠷ 9 ᠳ᠋ᠤᠭᠡᠷ ᠰᠠᠷ᠎ᠠ ᠶᠢᠨ 25᠎ ᠤ ᠡᠳᠦᠷ᠂ 10 ᠳ᠋ᠤᠭᠠᠷ ᠰᠠᠷ᠎ᠠ ᠶᠢᠨ 1᠎ ᠤ ᠡᠳᠦᠷ᠂ 10 ᠳ᠋ᠤᠭᠠᠷ ᠰᠠᠷ᠎ᠠ ᠶᠢᠨ 7᠎ ᠤ ᠡᠳᠦᠷ ᠵᠡᠷᠭᠡ 3 ᠡᠳᠦᠷ ᠲᠤ ᠪᠦᠬᠦ ᠤᠯᠤᠰ ᠤᠨ ᠲᠡᠮᠦᠷ ᠵᠠᠮ ᠤᠨ ᠠᠶᠠᠨᠴᠢᠳ ᠤᠨ ᠭᠠᠳᠠᠭᠰᠢ ᠭᠠᠷᠬᠤ ᠣᠷᠭᠢᠯ ᠪᠤᠯᠵᠤ᠂ ᠬᠥᠬᠡᠬᠤᠲᠠ ᠠᠴᠠ   ᠭᠠᠳᠠᠷ ᠤᠷᠤᠨ ᠳᠤ ᠬᠦᠷᠬᠦ ᠡᠯ᠎ᠡ ᠡᠭᠡᠯᠵᠢ ᠶᠢᠨ ᠴᠤᠪᠤᠭ᠎ᠠ ᠲᠡᠷᠭᠡᠨ ᠤ ᠪᠢᠯᠧᠲ ᠪᠦᠬᠦᠨ ᠢ ᠬᠤᠳᠠᠯᠳᠤᠵᠤ ᠳᠠᠭᠤᠰᠪᠠ᠃ ᠡᠭᠦᠨ ᠠᠴᠠ ᠭᠠᠳᠠᠨ᠎ᠠ ᠬᠥᠬᠡᠬᠤᠲᠠ ᠠᠴᠠ ᠪᠤᠭᠤᠲᠤ᠂ ᠵᠢᠨᠢᠩ᠂ ᠳ᠋ᠦᠩᠱᠧᠩ ᠪᠠᠷᠠᠭᠤᠨ ᠦᠷᠲᠡᠭᠡ ᠵᠡᠷᠭᠡ ᠳᠤ ᠬᠦᠷᠬᠦ ᠬᠠᠷᠢᠶᠠᠨ ᠳᠤᠲᠤᠷᠠᠬᠢ ᠬᠤᠲᠠ ᠶᠢᠨ ᠬᠤᠭᠤᠷᠣᠨᠳᠣᠬᠢ ᠴᠤᠪᠤᠭ᠎ᠠ ᠲᠡᠷᠭᠡᠨ ᠤ ᠪᠢᠯᠧᠲ ᠬᠠᠨᠭ᠍ᠭᠠᠯᠲᠠᠲᠠᠢ ᠪᠠᠶᠢᠵᠤ᠂ ᠣᠳᠣᠬᠠᠨ ᠳᠤ ᠪᠠᠰᠠ 400 ᠭᠠᠷᠤᠢ ᠪᠢᠯᠧᠲ ᠦᠯᠡᠳᠡᠵᠤ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号