ᠣᠷᠴᠢᠮᠬᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 2015 ᠣᠨ ᠤ ᠪᠥᠬᠦ ᠣᠷᠣᠨ ᠤ | ᠡᠷᠡᠭᠦᠯ ᠬᠠᠮᠠᠭᠠᠯᠠᠯ ᠬᠢᠭᠡᠳ ᠲᠥᠯᠥᠪᠯᠡᠭᠡᠲᠦ ᠦᠷᠡᠵᠢᠯ ᠤᠨ ᠳᠡᠭᠡᠳᠦ ᠳᠡᠰ ᠤᠨ ᠴᠢᠳᠠᠪᠤᠷᠢᠲᠠᠨ ᠤ ᠠᠵᠢᠯ ᠤᠨ ᠬᠤᠷᠠᠯ | ᠬᠤᠷᠠᠯᠳᠤᠭᠤᠯᠪᠠ᠃ ᠬᠤᠷᠠᠯ ᠳᠤ ᠣᠶᠢᠷ᠎ᠠ ᠶᠢᠨ ᠵᠢᠯ ᠤᠳ ᠤᠨ ᠪᠥᠬᠦ ᠣᠷᠣᠨ ᠤ ᠡᠷᠡᠭᠦᠯ ᠬᠠᠮᠠᠭᠠᠯᠠᠯ ᠬᠢᠭᠡᠳ | ᠲᠥᠯᠥᠪᠯᠡᠭᠡᠲᠦ ᠦᠷᠡᠵᠢᠯ ᠤᠨ ᠳᠡᠭᠡᠳᠦ ᠳᠡᠰ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠤᠷᠰᠢᠯᠭ᠎ᠠ | ᠠᠮᠵᠢᠯᠲᠠ ᠶᠢ ᠳ᠋ᠦᠩᠨᠡᠨ ᠰᠣᠯᠢᠯᠴᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ᠂ ᠬᠤᠶᠢᠰᠢᠲᠠ ᠶᠢᠨ ᠨᠢᠭᠡ | ᠬᠤᠭᠤᠴᠠᠭᠠᠨ ᠤ ᠳᠡᠭᠡᠳᠦ ᠳᠡᠰ ᠤᠨ ᠴᠢᠳᠠᠪᠤᠷᠢᠲᠠᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠳᠤ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ | ᠡᠷᠡᠭᠦᠯ ᠬᠠᠮᠠᠭᠠᠯᠠᠯ ᠬᠢᠭᠡᠳ ᠲᠥᠯᠥᠪᠯᠡᠭᠡᠲᠦ ᠦᠷᠡᠵᠢᠯ ᠤᠨ ᠵᠦᠪᠯᠡᠯ ᠰᠢᠨᠵᠢᠯᠡᠬᠦ ᠤᠬᠠᠭᠠᠨᠴᠢ ᠬᠥᠭᠵᠢᠯᠲᠡ ᠶᠢᠨ | ᠦᠵᠡᠯᠲᠡ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠴᠢᠳᠠᠪᠤᠷᠢᠲᠠᠨ ᠢ ᠬᠦᠴᠦᠷᠭᠡᠭᠵᠢᠭᠦᠯᠦᠨ ᠬᠠᠮᠠᠭᠠᠯᠠᠬᠤ | ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠳᠡᠭᠡᠳᠦ ᠳᠡᠰ ᠤᠨ ᠴᠢᠳᠠᠪᠤᠷᠢᠲᠠᠨ ᠢ ᠪᠠᠲᠤᠯᠠᠨ | ᠲᠠᠨᠢᠯᠴᠠᠭᠤᠯᠬᠤ᠂ ᠬᠥᠮᠦᠵᠢᠭᠦᠯᠬᠦ᠂ ᠬᠡᠷᠡᠭᠯᠡᠬᠦ᠂ ᠵᠣᠷᠢᠭᠵᠢᠭᠤᠯᠬᠤ ᠲᠣᠭᠲᠠᠴᠠ ᠶᠢ ᠠᠯᠬᠤᠮ ᠠᠯᠬᠤᠮ ᠢᠶᠠᠷ | ᠪᠠᠶᠢᠭᠤᠯᠤᠨ ᠪᠦᠷᠢᠨᠰᠢᠭᠦᠯᠵᠦ᠂ ᠣᠯᠣᠰ᠂ ᠥᠪᠡᠷᠲᠡᠭᠡᠨ ᠵᠠᠰᠠᠬᠤ ᠣᠷᠣᠨ ᠤ 649ᠲᠥᠷᠥᠯ ᠤᠨ ᠱᠠᠩᠨᠠᠯ ᠬᠦᠷᠲᠡᠵᠦ | ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠮᠢᠩᠭᠠᠨ ᠬᠥᠮᠦᠨ ᠤ ᠲᠥᠯᠥᠪᠯᠡᠭᠡ ᠳᠤ 2 ᠬᠥᠮᠦᠨ | ᠰᠣᠩᠭᠤᠭᠳᠠᠵᠤ᠂ ᠤᠯᠤᠰ ᠤᠨ ᠳᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠮᠡᠷᠭᠡᠵᠢᠯᠲᠡᠨ 5 ᠬᠥᠮᠦᠨ᠂ | ᠲᠥᠷᠥ ᠶᠢᠨ ᠶᠠᠪᠤᠳᠠᠯ ᠤᠨ ᠬᠤᠷᠢᠶ᠎ᠡ ᠶᠢᠨ ᠣᠨᠴᠠᠭᠠᠢ ᠨᠥᠬᠦᠪᠦᠷᠢ ᠬᠦᠷᠲᠡᠭᠰᠡᠨ 80 ᠬᠥᠮᠦᠨ᠂ ᠥᠪᠡᠷᠲᠡᠭᠡᠨ ᠵᠠᠰᠠᠬᠤ | ᠣᠷᠣᠨ ᠤ ᠰᠣᠳᠣᠨ ᠴᠢᠳᠠᠪᠤᠷᠢᠲᠠᠨ ᠤ ᠱᠠᠩᠨᠠᠯ ᠣᠯᠣᠭᠰᠠᠨ 10 ᠬᠥᠮᠦᠨ᠂ ᠥᠪᠡᠷᠲᠡᠭᠡᠨ ᠵᠠᠰᠠᠬᠤ ᠣᠷᠣᠨ ᠤ | ᠳᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠮᠡᠷᠭᠡᠵᠢᠯᠲᠡᠨ 73 ᠬᠥᠮᠦᠨ᠂ ᠲᠠᠯ᠎ᠠ ᠨᠤᠲᠤᠭ ᠤᠨ ᠭᠠᠷᠮᠠᠭᠠᠢ | ᠴᠢᠳᠠᠪᠤᠷᠢᠲᠠᠨ 87 ᠬᠥᠮᠦᠨ᠂ ᠥᠪᠡᠷᠲᠡᠭᠡᠨ ᠵᠠᠰᠠᠬᠤ ᠣᠷᠣᠨ ᠤ ︽321︾ ᠶᠢᠨ ᠴᠢᠳᠠᠪᠤᠷᠢᠲᠠᠨ ᠤ ᠨᠢᠭᠡᠳᠦᠭᠡᠷ᠂ | ᠬᠤᠶᠠᠳᠤᠭᠠᠷ ᠳᠡᠰ ᠢᠶᠠᠷ ᠰᠣᠩᠭᠤᠭᠳᠠᠭᠰᠠᠳ 80 ᠬᠥᠮᠦᠨ᠂ ᠠᠵᠢᠯᠯᠠᠵᠤ ᠪᠠᠶᠢᠭ᠎ᠠ ᠳ᠋ᠣᠺᠲ᠋ᠣᠷᠠᠨᠲ 455 ᠬᠥᠮᠦᠨ᠂ | ᠠᠰᠫᠢᠷᠠᠨᠲ 5633 ᠬᠥᠮᠦᠨ᠂ ᠳᠡᠭᠡᠳᠦ ᠵᠡᠷᠭᠡ ᠶᠢᠨ ᠳᠡᠳ᠋ ᠮᠡᠷᠭᠡᠵᠢᠯ ᠠᠴᠠ ᠳᠡᠭᠡᠭᠰᠢᠬᠢ ᠴᠣᠯᠡ ᠲᠠᠢ ᠮᠡᠷᠭᠡᠵᠢᠯᠲᠡᠨ | 19500 ᠢᠯᠡᠭᠦᠦ ᠬᠥᠮᠦᠨ ᠪᠠᠶᠢᠵᠤ᠂ ᠨᠢᠭᠡᠨ ᠰᠠᠯᠠᠭ᠎ᠠ ᠮᠤᠷᠠᠯ ᠡᠷᠳᠡᠮ ᠬᠤᠣᠰᠯᠠᠭᠰᠠᠨ ᠡᠷᠡᠭᠦᠯ ᠬᠠᠮᠠᠭᠠᠯᠠᠯ ᠬᠢᠭᠡᠳ | ᠲᠥᠯᠥᠪᠯᠡᠭᠡᠲᠦ ᠦᠷᠡᠵᠢᠯ ᠤᠨ ᠳᠡᠭᠡᠳᠦ ᠳᠡᠰ ᠤᠨ ᠴᠢᠳᠠᠪᠤᠷᠢᠲᠠᠨ ᠤ ᠡᠩᠨᠡᠭᠡ ᠶᠢ ᠬᠥᠮᠦᠵᠢᠬᠦᠯᠵᠦ᠂ ᠪᠥᠬᠦ ᠣᠷᠣᠨ ᠤ | ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢ ᠲᠦᠢᠯ ᠤᠨ ᠶᠡᠭᠡ ᠪᠠᠷ ᠲᠦᠯᠬᠢᠨ ᠠᠬᠢᠭᠤᠯᠵᠠᠢ | ᠭᠡᠪᠡ᠃ | ᠬᠤᠷᠠᠯ ᠳᠤ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠨᠢᠭᠡᠴᠡ ᠨᠢ ᠡᠷᠡᠭᠦᠯ ᠬᠠᠮᠠᠭᠠᠯᠠᠯ ᠬᠢᠭᠡᠳ | ᠲᠥᠯᠥᠪᠯᠡᠭᠡᠲᠦ ᠦᠷᠡᠵᠢᠯ ᠤᠨ ᠳᠡᠭᠡᠳᠦ ᠳᠡᠰ ᠤᠨ ᠴᠢᠳᠠᠪᠤᠷᠢᠲᠠᠨ ᠤ ︽ᠵᠠᠭᠤᠨ ᠬᠥᠮᠦᠨ ᠤ ᠲᠥᠯᠥᠪᠯᠡᠭᠡ︾ ᠪᠣᠯᠣᠨ | ︽ᠲᠠᠯ᠎ᠠ ᠨᠤᠲᠤᠭ ᠤᠨ ᠭᠠᠷᠮᠠᠭᠠᠢ ᠴᠢᠳᠠᠪᠤᠷᠢᠲᠠᠨ︾ ᠤ ᠢᠨᠵᠧᠨᠧᠷᠢᠩ ᠢᠶᠠᠷ ᠠᠳᠬᠤᠴᠡ ᠪᠣᠯᠭᠠᠨ᠂ ᠡᠷᠡᠭᠦᠯ | ᠬᠠᠮᠠᠭᠠᠯᠠᠯ ᠬᠢᠭᠡᠳ ᠲᠥᠯᠥᠪᠯᠡᠭᠡᠲᠦ ᠦᠷᠡᠵᠢᠯ ᠤᠨ ᠳᠡᠭᠡᠳᠦ ᠳᠡᠰ ᠤᠨ ᠴᠢᠳᠠᠪᠤᠷᠢᠲᠠᠨ ᠤ ︽13.5︾ ᠵᠢᠯ ᠤᠨ | ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠡᠯ᠎ᠡ ᠲᠥᠷᠥᠯ ᠤᠨ ᠡᠷᠡᠭᠦᠯ | ᠬᠠᠮᠠᠭᠠᠯᠠᠯ ᠬᠢᠭᠡᠳ ᠲᠥᠯᠥᠪᠯᠡᠭᠡᠲᠦ ᠦᠷᠡᠵᠢᠯ ᠤᠨ ᠳᠡᠭᠡᠳᠦ ᠳᠡᠰ ᠤᠨ ᠴᠢᠳᠠᠪᠤᠷᠢᠲᠠᠨ ᠤ ᠡᠩᠨᠡᠭᠡ ᠶᠢ ᠬᠥᠮᠦᠵᠢᠭᠦᠯᠬᠦ | ᠠᠵᠢᠯ ᠢ ᠵᠣᠬᠢᠴᠠᠭᠤᠯᠤᠨ ᠠᠬᠢᠭᠤᠯᠬᠤ ᠬᠡᠷᠡᠭᠲᠡᠢ᠃ ᠨᠢᠭᠡ ᠳᠤ ᠲᠠᠨᠢᠯᠲᠠ ᠪᠠᠨ ᠳᠡᠭᠡᠭᠰᠢᠯᠡᠬᠦᠯᠵᠦ᠂ ᠴᠢᠳᠠᠪᠤᠷᠢᠲᠠᠨ ᠤ | ᠠᠵᠢᠯ ᠤᠨ ᠣᠳᠣᠷᠢᠳᠣᠯᠭ᠎ᠠ ᠪᠠᠨ ᠴᠢᠩᠭᠠᠳᠬᠠᠬᠤ ᠬᠡᠷᠡᠭᠲᠡᠢ᠃ ᠬᠤᠶᠠᠷ ᠲᠤ ᠴᠢᠳᠠᠪᠤᠷᠢᠲᠠᠨ ᠤ ᠬᠥᠭᠵᠢᠯᠲᠡ ᠶᠢᠨ | ᠲᠥᠯᠥᠪᠵᠢᠭᠦᠯᠭᠡ ᠶᠢ ᠭᠦᠢᠴᠡᠳ ᠨᠣᠳᠠᠯᠠᠵᠤ᠂ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠬᠤ ᠬᠡᠷᠡᠭᠲᠡᠢ᠃ ᠭᠤᠷᠪᠠ ᠳᠤ | ᠰᠡᠳᠬᠢᠯ ᠢᠶᠠᠨ ᠨᠢᠭᠡᠳᠬᠡᠵᠦ ᠬᠦᠴᠦ ᠪᠠᠨ ᠬᠠᠮᠳᠤᠳᠬᠠᠨ᠂ ᠡᠯ᠎ᠡ ᠲᠥᠷᠥᠯ ᠤᠨ ᠴᠢᠳᠠᠪᠤᠷᠢᠲᠠᠨ ᠤ ᠠᠵᠢᠯ ᠢ | ᠨᠢᠬᠡᠲᠦᠯᠲᠡᠢ ᠲᠥᠯᠥᠪᠯᠡᠵᠦ ᠲᠦᠯᠬᠢᠨ ᠠᠬᠢᠭᠤᠯᠬᠤ ᠬᠡᠷᠡᠭᠲᠡᠢ᠃ ᠳᠥᠷᠪᠡ ᠳᠤ ᠣᠷᠤᠭᠤᠯᠤᠯᠲᠠ ᠪᠠᠨ ᠨᠡᠮᠡᠭᠳᠡᠭᠦᠯᠵᠦ᠂ | ᠳᠡᠭᠡᠳᠦ ᠳᠡᠰ ᠤᠨ ᠴᠢᠳᠠᠪᠤᠷᠢᠲᠠᠨ ᠢ ᠪᠠᠲᠤᠯᠠᠨ ᠲᠠᠨᠢᠯᠴᠠᠭᠤᠯᠵᠤ ᠬᠥᠮᠦᠵᠢᠭᠦᠯᠦᠨ ᠵᠣᠷᠢᠭᠵᠢᠭᠤᠯᠬᠤ ᠬᠡᠷᠡᠭᠲᠡᠢ᠃ | ᠲᠠᠪᠤ ᠳᠤ ᠳᠠᠪᠠᠭᠤᠯᠢᠭ ᠢᠶᠠᠨ ᠪᠠᠳᠠᠷᠠᠭᠤᠯᠵᠤ᠂ ᠥᠪᠡᠷ ᠤᠨ ᠪᠡᠶ᠎ᠡ ᠶᠢᠨ ᠣᠷᠣᠨ ᠲᠣᠭᠲᠠᠭᠠᠯᠲᠠ ᠪᠠᠨ ᠵᠥᠪ ᠡᠷᠢᠬᠦ | ᠬᠡᠷᠡᠭᠲᠡᠢ᠃ ᠴᠢᠳᠠᠪᠤᠷᠢᠲᠠᠨ ᠤ ᠪᠠᠶᠢᠯᠳᠤᠬᠤ ᠪᠣᠳᠣᠯᠭ᠎ᠠ ᠪᠠᠷ ᠠᠵᠢᠯ ᠲᠥᠷᠥᠯ ᠤᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢ ᠲᠥᠷᠭᠡᠳᠬᠡᠨ ᠪᠡᠶᠡᠯᠡᠭᠦᠯᠵᠦ᠂ ᠪᠥᠬᠦ ᠣᠷᠣᠨ ᠤ ᠡᠷᠡᠭᠦᠯ ᠬᠠᠮᠠᠭᠠᠯᠠᠯ ᠬᠢᠭᠡᠳ ᠲᠥᠯᠥᠪᠯᠡᠭᠡᠲᠦ | ᠦᠷᠡᠵᠢᠯ ᠤᠨ ᠦᠢᠯᠡᠰ ᠤᠨ ᠥᠭᠡᠷᠡᠴᠢᠯᠡᠯᠲᠡ ᠪᠣᠯᠣᠨ ᠬᠥᠭᠵᠢᠯᠲᠡ ᠳᠤ ᠪᠠᠲᠤ ᠪᠠᠬᠢ ᠴᠢᠳᠠᠪᠤᠷᠢᠲᠠᠨ ᠤ ᠪᠠᠲᠤᠯᠠᠭ᠎ᠠ | ᠪᠠ ᠣᠶᠣᠨ ᠤ ᠳᠡᠮᠵᠢᠯᠭᠡ ᠬᠠᠩᠭᠠᠬᠤ ᠬᠡᠷᠡᠭᠲᠡᠢ ᠭᠡᠵᠡᠢ᠃ | ᠬᠥᠬᠡᠬᠤᠲᠠ ᠶᠢᠨ ᠡᠷᠡᠭᠦᠯ ᠬᠠᠮᠠᠭᠠᠯᠠᠯ ᠬᠢᠭᠡᠳ ᠲᠥᠯᠥᠪᠯᠡᠭᠡᠲᠦ ᠦᠷᠡᠵᠢᠯ ᠤᠨ ᠵᠦᠪᠯᠡᠯ᠂ ᠪᠣᠭᠤᠲᠣ ᠶᠢᠨ | ᠲᠥᠪ ᠡᠮᠨᠡᠯᠭᠡ ᠶᠢᠨ ᠬᠤᠷᠢᠶ᠎ᠠ ᠵᠡᠷᠭᠡ 12 ᠨᠢᠭᠡᠴᠡ ᠡᠮᠨᠡᠯᠭᠡ ᠶᠢᠨ ᠴᠢᠳᠠᠪᠤᠷᠢᠲᠠᠨ ᠢ ᠪᠠᠲᠤᠯᠠᠨ ᠲᠠᠨᠢᠯᠴᠠᠭᠤᠯᠬᠤ᠂ | ᠬᠥᠮᠦᠵᠢᠭᠦᠯᠬᠦ᠂ ᠦᠨᠡᠯᠡᠨ ᠰᠢᠯᠭᠠᠷᠠᠭᠤᠯᠬᠤ᠂ ᠪᠠᠲᠤᠯᠠᠬᠤ ᠵᠡᠷᠭᠡ ᠡᠷᠡᠭᠦᠯ ᠬᠠᠮᠠᠭᠠᠯᠠᠯ ᠶᠢᠨ ᠠᠵᠢᠯᠲᠠᠨ ᠢ ᠬᠠᠮᠢᠶᠠᠷᠬᠤ | ᠳᠦᠷᠢᠮ ᠤᠨ ᠥᠭᠡᠷᠡᠴᠢᠯᠡᠯᠲᠡ᠂ ᠡᠷᠡᠭᠦᠯ ᠬᠠᠮᠠᠭᠠᠯᠠᠯ ᠬᠢᠭᠡᠳ ᠲᠥᠯᠥᠪᠯᠡᠭᠡᠲᠦ ᠦᠷᠡᠵᠢᠯ ᠤᠨ ᠳᠡᠭᠡᠳᠦ ᠳᠡᠰ ᠤᠨ | ᠴᠢᠳᠠᠪᠤᠷᠢᠲᠠᠨ ᠤ ᠡᠩᠨᠡᠭᠡ ᠶᠢᠨ ᠬᠥᠭᠵᠢᠯᠲᠡ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠢ | ᠳᠡᠭᠡᠭᠦᠷ ᠲᠥᠪᠯᠡᠷᠡᠭᠦᠯᠬᠦ ᠵᠡᠷᠭᠡ ᠲᠠᠯ᠎ᠠ ᠪᠠᠷ ᠣᠯᠣᠭᠰᠠᠨ ᠠᠮᠵᠢᠯᠲᠠ ᠲᠤᠷᠰᠢᠯᠭ᠎ᠠ ᠶᠢᠨ ᠲᠤᠬᠠᠢ ᠬᠤᠷᠠᠯ ᠳᠡᠭᠡᠷ᠎ᠡ | ᠰᠠᠨᠠᠯ ᠢᠶᠠᠨ ᠰᠣᠯᠢᠯᠴᠠᠪᠠ᠃ ᠬᠤᠷᠠᠯ ᠳᠤ ᠪᠠᠰᠠ ᠣᠳᠣᠬᠠᠨ ᠤ ᠮᠠᠨ ᠤ ᠣᠷᠣᠨ ᠤ ᠳᠡᠭᠡᠳᠦ ᠳᠡᠰ ᠤᠨ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠵᠢᠴᠢ | ᠳᠠᠷᠠᠭ᠎ᠠ ᠠᠯᠬᠤᠮ ᠤᠨ ᠠᠷᠠᠭᠠᠴᠠᠬᠤ ᠪᠣᠳᠣᠯᠭ᠎ᠠ ᠶᠢ ᠨᠠᠷᠢᠨ ᠵᠠᠳᠠᠯᠵᠠᠢ᠃ | ᠬᠤᠷᠠᠯ ᠳᠤ ᠪᠠᠰᠠ ᠥᠪᠥᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠬᠦᠷᠢᠶᠡᠯᠡᠩ ᠤᠨ ᠳᠠᠷᠤᠭ᠎ᠠ᠂ ᠡᠷᠡᠭᠦᠯ ᠬᠠᠮᠠᠭᠠᠯᠠᠯ ᠤᠨ ᠲᠥᠷᠥ ᠶᠢᠨ | ᠪᠣᠳᠤᠯᠭ᠎ᠠ ᠰᠣᠳᠣᠯᠬᠤ ᠭᠠᠵᠠᠷ ᠤᠨ ᠳᠠᠷᠤᠭ᠎ᠠ ᠶᠢ ᠣᠷᠢᠨ ᠣᠷᠣᠯᠴᠠᠭᠤᠯᠵᠤ᠂ ︽︿13.5﹀ ᠵᠢᠯ ᠤᠨ ᠬᠤᠭᠤᠴᠠᠭᠠᠨ | ᠳᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠬᠢᠭᠡᠳ ᠲᠥᠯᠥᠪᠯᠡᠭᠡᠲᠦ | ᠦᠷᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠬᠡᠷᠡᠭᠯᠡᠬᠦ ᠰᠤᠳᠤᠯᠭ᠎ᠠ︾ ᠭᠡᠬᠦ ᠲᠤᠰᠬᠠᠢ ᠰᠡᠳᠦᠪᠲᠦ ᠯᠧᠺᠽᠢ | ᠬᠢᠯᠭᠡᠭᠰᠡᠨ ᠪᠠᠶᠢᠨ᠎ᠠ᠃ | | |