ᠪᠣᠭᠤᠳᠣ ᠬᠤᠲᠠ ᠳᠤ 72 ᠵᠦᠢᠯ ᠤᠨ ᠴᠢᠬᠤᠯᠡ ᠶᠡᠭᠡ ᠠᠵᠤ ᠦᠢᠯᠡᠳᠪᠦᠷᠢ ᠶᠢᠨ ᠡᠮᠦᠨᠡᠬᠢ ᠬᠤᠭᠤᠴᠠᠭᠠᠨ ᠤ ᠲᠥᠷᠥᠯ ᠵᠦᠢᠯ ᠰᠢᠨ᠎ᠡ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2015/9/28
     ᠪᠥᠬᠦ ᠬᠤᠲᠠ ᠶᠢᠨ ᠴᠢᠬᠤᠯᠡ ᠶᠡᠭᠡ ᠠᠵᠤ ᠦᠢᠯᠡᠳᠪᠦᠷᠢ ᠶᠢᠨ ᠡᠮᠦᠨᠡᠬᠢ ᠬᠤᠭᠤᠴᠠᠭᠠᠨ ᠤ ᠲᠥᠷᠥᠯ ᠵᠦᠢᠯ ᠎ ᠨᠢ 89 ᠵᠦᠢᠯ ᠠᠴᠠ ᠨᠡᠮᠡᠭᠳᠡᠭᠡᠳ 161 ᠵᠦᠢᠯ ᠪᠣᠯᠵᠤ᠂ ᠰᠢᠨ᠎ᠡ ᠪᠠᠷ 72 ᠵᠦᠢᠯ ᠨᠡᠮᠡᠭᠳᠡᠵᠦ᠂ ᠶᠡᠷᠦᠩᠬᠡᠢ ᠪᠡᠯᠡ ᠣᠷᠤᠭᠤᠯᠤᠯᠲᠠ ᠨᠢ 9081 ᠳ᠋ᠦᠩᠰᠢᠭᠤᠷ ᠲᠥᠭᠦᠷᠢᠭ ᠪᠠᠶᠢᠵᠤ᠂ 2997 ᠳ᠋ᠦᠩᠰᠢᠭᠤᠷ ᠲᠥᠭᠦᠷᠢᠭ ᠨᠡᠮᠡᠭᠳᠡᠪᠡ᠃ ᠡᠭᠦᠨ ᠳᠤ ᠡᠨᠧᠷᠭᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ 30 ᠪᠠᠶᠢᠵᠤ᠂ ᠶᠡᠷᠦᠩᠬᠡᠢ ᠪᠡᠯᠡ ᠣᠷᠤᠭᠤᠯᠤᠯᠲᠠ ᠨᠢ 2838 ᠳ᠋ᠦᠩᠰᠢᠭᠤᠷ ᠲᠥᠭᠦᠷᠢᠭ ᠪᠠᠶᠢᠪᠠ︔ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ 20 ᠪᠠᠶᠢᠵᠤ᠂ ᠶᠡᠷᠦᠩᠬᠡᠢ ᠪᠡᠯᠡ ᠣᠷᠤᠭᠤᠯᠤᠯᠲᠠ ᠨᠢ 1568 ᠳ᠋ᠦᠩᠰᠢᠭᠤᠷ ᠲᠥᠭᠦᠷᠢᠭ ᠪᠠᠶᠢᠪᠠ︔ ᠲᠡᠮᠦᠷ ᠬᠠᠶᠢᠯᠤᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ 26 ᠪᠠᠶᠢᠵᠤ᠂ ᠶᠡᠷᠦᠩᠬᠡᠢ ᠪᠡᠯᠡ ᠣᠷᠤᠭᠤᠯᠤᠯᠲᠠ ᠨᠢ 1879 ᠳ᠋ᠦᠩᠰᠢᠭᠤᠷ ᠲᠥᠭᠦᠷᠢᠭ ᠪᠠᠶᠢᠪᠠ︔ ᠲᠣᠨᠣᠭᠯᠠᠯ ᠦᠢᠯᠡᠳᠬᠦ ᠲᠥᠷᠥᠯ ᠵᠦᠢᠯ 33 ᠪᠠᠶᠢᠵᠤ᠂ ᠶᠡᠷᠦᠩᠬᠡᠢ ᠪᠡᠯᠡ ᠣᠷᠤᠭᠤᠯᠤᠯᠲᠠ ᠨᠢ 882 ᠳ᠋ᠦᠩᠰᠢᠭᠤᠷ ᠲᠥᠭᠦᠷᠢᠭ ᠪᠠᠶᠢᠪᠠ︔ ᠲᠡᠭᠡᠳᠣ ᠰᠢᠨ᠎ᠡ ᠮᠡᠷᠭᠡᠵᠢᠯ ᠤᠨ ᠠᠵᠦ ᠦᠢᠯᠡᠰ ᠤᠨ ᠲᠥᠷᠥᠯ ᠵᠦᠢᠯ 30 ᠪᠠᠶᠢᠵᠤ᠂ ᠶᠡᠷᠦᠩᠬᠡᠢ ᠪᠡᠯᠡ ᠣᠷᠤᠭᠤᠯᠤᠯᠲᠠ ᠨᠢ 1148.8 ᠳ᠋ᠦᠩᠰᠢᠭᠤᠷ ᠲᠥᠭᠦᠷᠢᠭ ᠪᠠᠶᠢᠪᠠ︔ ᠡᠨᠧᠷᠭᠢ ᠠᠰᠢᠭᠯᠠᠬᠤ ᠲᠥᠷᠥᠯ ᠵᠦᠢᠯ 21 ᠪᠠᠶᠢᠵᠤ᠂ ᠶᠡᠷᠦᠩᠬᠡᠢ ᠪᠡᠯᠡ ᠣᠷᠤᠭᠤᠯᠤᠯᠲᠠ ᠨᠢ 745 ᠳ᠋ᠦᠩᠰᠢᠭᠤᠷ ᠲᠥᠭᠦᠷᠢᠭ ᠪᠠᠶᠢᠪᠠ︔ ᠪᠣᠰᠤᠳ ᠲᠥᠷᠥᠯ ᠵᠦᠢᠯ 1 ᠪᠠᠶᠢᠵᠤ᠂ ᠶᠡᠷᠦᠩᠬᠡᠢ ᠪᠡᠯᠡ ᠣᠷᠤᠭᠤᠯᠤᠯᠲᠠ ᠨᠢ 20 ᠳ᠋ᠦᠩᠰᠢᠭᠤᠷ ᠲᠥᠭᠦᠷᠢᠭ ᠪᠠᠶᠢᠪᠠ᠃ ᠪᠡᠯᠡ ᠣᠷᠤᠭᠤᠯᠤᠭᠰᠠᠨ ᠬᠡᠪᠴᠢᠶ᠎ᠡ ᠠᠴᠠ ᠦᠵᠡᠪᠡᠯ᠂ 100 ᠳ᠋ᠦᠩᠰᠢᠭᠤᠷ ᠲᠥᠭᠦᠷᠢᠭ ᠢ ᠳᠠᠪᠠᠭᠰᠠᠨ ᠲᠥᠷᠥᠯ ᠵᠦᠢᠯ 28 ᠪᠠᠶᠢᠵᠤ᠂ ᠶᠡᠷᠦᠩᠬᠡᠢ ᠪᠡᠯᠡ ᠣᠷᠤᠭᠤᠯᠤᠯᠲᠠ ᠎ ᠨᠢ 5648 ᠳ᠋ᠦᠩᠰᠢᠭᠤᠷ ᠲᠥᠭᠦᠷᠢᠭ ᠪᠠᠶᠢᠪᠠ︔ 50᠎ ᠠᠴᠠ 100 ᠳ᠋ᠦᠩᠰᠢᠭᠤᠷ ᠲᠥᠭᠦᠷᠢᠭ ᠤᠨ ᠲᠥᠷᠥᠯ ᠵᠦᠢᠯ 28 ᠪᠠᠶᠢᠵᠤ᠂ ᠶᠡᠷᠦᠩᠬᠡᠢ ᠪᠡᠯᠡ ᠣᠷᠤᠭᠤᠯᠤᠯᠲᠠ ᠨᠢ 1727 ᠳ᠋ᠦᠩᠰᠢᠭᠤᠷ ᠲᠥᠭᠦᠷᠢᠭ ᠪᠠᠶᠢᠪᠠ︔ 50 ᠳ᠋ᠦᠩᠰᠢᠭᠤᠷ ᠲᠥᠭᠦᠷᠢᠭ ᠠᠴᠠ ᠳᠣᠷᠣᠭᠰᠢᠬᠢ ᠲᠥᠷᠥᠯ ᠵᠦᠢᠯ 105 ᠪᠠᠶᠢᠵᠤ᠂ ᠶᠡᠷᠦᠩᠬᠡᠢ ᠪᠡᠯᠡ ᠣᠷᠤᠭᠤᠯᠤᠯᠲᠠ ᠎ ᠨᠢ 1706 ᠳ᠋ᠦᠩᠰᠢᠭᠤᠷ ᠲᠥᠭᠦᠷᠢᠭ ᠪᠠᠶᠢᠪᠠ᠃ ᠣᠶᠢᠷ᠎ᠠ ᠶᠢᠨ ᠬᠤᠭᠤᠴᠠᠭᠠᠨ ᠤ ᠲᠣᠬᠢᠷᠠᠭᠤᠯᠤᠭᠰᠠᠨ ᠪᠠᠶᠢᠳᠠᠯ ᠠᠴᠠ ᠦᠵᠡᠪᠡᠯ᠂ ᠲᠥᠯᠥᠪᠵᠢᠭᠦᠯᠭᠡ ᠪᠠᠨ ᠪᠡᠶᠡᠯᠡᠭᠦᠯᠦᠭᠰᠡᠨ ᠨᠢ 3 ᠪᠠᠶᠢᠵᠤ᠂ ᠲᠥᠯᠥᠪᠵᠢᠭᠦᠯᠭᠡ ᠪᠠᠨ ᠶᠠᠭ ᠨᠠᠶᠢᠷᠠᠭᠤᠯᠵᠤ ᠪᠠᠶᠢᠭ᠎ᠠ ᠨᠢ 9 ᠪᠠᠶᠢᠵᠤ᠂ ᠪᠣᠯᠣᠮᠵᠢᠲᠣ ᠰᠣᠳᠤᠯᠤᠯ ᠢᠶᠠᠨ ᠪᠡᠶᠡᠯᠡᠭᠦᠯᠦᠭᠰᠡᠨ ᠨᠢ 11 ᠪᠠᠶᠢᠵᠤ᠂ ᠪᠣᠯᠣᠮᠵᠢᠲᠣ ᠰᠣᠳᠤᠯᠤᠯ ᠢᠶᠠᠨ ᠶᠠᠭ ᠨᠠᠶᠢᠷᠠᠭᠤᠯᠵᠤ ᠪᠠᠶᠢᠭ᠎ᠠ ᠨᠢ 25 ᠪᠠᠶᠢᠵᠤ᠂ ᠲᠥᠷᠥᠯ ᠵᠦᠢᠯ ᠶᠢᠨ ᠰᠠᠨᠠᠭᠤᠯᠭ᠎ᠠ ᠶᠢᠨ ᠪᠢᠴᠢᠭ ᠶᠢ ᠶᠠᠭ ᠨᠠᠶᠢᠷᠠᠭᠤᠯᠵᠤ ᠪᠠᠶᠢᠭ᠎ᠠ ᠨᠢ 2 ᠪᠠᠶᠢᠵᠤ᠂ ᠨᠢᠭᠡᠨᠲᠡ ᠵᠦᠪᠯᠡᠯᠴᠡᠭᠡᠷ ᠲᠣᠭᠲᠠᠭᠰᠠᠨ ᠎ ᠨᠢ 4 ᠪᠠᠶᠢᠵᠤ᠂ ᠶᠠᠭ ᠵᠦᠪᠳᠡᠨ ᠬᠡᠯᠡᠯᠴᠡᠵᠦ ᠪᠠᠶᠢᠭ᠎ᠠ ᠨᠢ 76 ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号