9 ᠳ᠋ᠦ᠋ᠭᠡᠷ ᠰᠠᠷ᠎ᠠ ᠵᠨ 24 ᠤ ᠡᠳᠦᠷ᠂ ᠤᠯᠠᠭᠠᠨᠬᠠᠳᠠ ᠶᠢᠨ ᠭᠠᠯᠲᠤ ᠲᠡᠷᠭᠡᠨ ᠤ ᠥᠷᠲᠡᠭᠡ ᠠᠴᠠ | ᠣᠶᠢᠯᠭᠠᠭᠰᠠᠨ ᠨᠢ᠂ ᠤᠯᠤᠰ ᠤᠨ ᠪᠠᠶᠠᠷ ᠤᠨ ᠬᠤᠭᠤᠴᠠᠭᠠᠨ ᠳᠤ ᠤᠯᠠᠭᠠᠨᠬᠠᠳᠠ — ᠪᠡᠭᠡᠵᠢᠩ ᠤᠨ ᠬᠤᠶᠢᠲᠤ | ᠥᠷᠲᠡᠭᠡ ᠬᠦᠷᠬᠦ K4770 ᠤᠳᠠᠭ᠎ᠠ ᠪᠠ K4769 ᠤᠳᠠᠭᠠᠨ ᠤ ᠲᠦᠷ ᠴᠠᠭ ᠤᠨ ᠠᠶᠠᠨᠴᠢᠳ ᠤᠨ ᠭᠠᠯᠲᠤ | ᠲᠡᠷᠭᠡ ᠨᠡᠮᠡᠬᠦ ᠪᠣᠯᠣᠨ᠎ᠠ᠃ ᠬᠤᠶᠠᠷ ᠤᠳᠠᠭ᠎ᠠ ᠶᠢᠨ ᠲᠦᠷ ᠴᠠᠭ ᠤᠨ ᠠᠶᠠᠨᠴᠢᠳ ᠤᠨ ᠭᠠᠯᠲᠤ ᠲᠡᠷᠭᠡᠨ ᠤ ᠪᠢᠯᠧᠲ ᠢ | ᠠᠪᠬᠤ ᠳᠤ ᠤᠲᠠᠰᠤ ᠪᠠᠷ ᠵᠠᠬᠢᠶᠠᠯᠠᠬᠤ᠂ ᠢᠨᠲ᠋ᠧᠷ ᠰᠦᠯᠵᠢᠶ᠎ᠡ ᠪᠠᠷ ᠵᠠᠬᠢᠶᠠᠯᠠᠬᠤ ᠪᠠ ᠦᠨᠡᠨ ᠨᠡᠷ᠎ᠡ ᠪᠠᠷ ᠬᠤᠳᠠᠯᠳᠤᠨ | ᠠᠪᠬᠤ ᠶᠢ ᠬᠡᠷᠡᠭᠵᠢᠭᠦᠯᠵᠦ᠂ ᠲᠡᠷᠭᠡᠨ ᠪᠢᠯᠧᠲ ᠢ ᠣᠳᠣ ᠠᠴᠠ ᠨᠢᠭᠡᠨᠲᠡ ᠬᠤᠳᠠᠯᠳᠤᠵᠤ ᠡᠬᠢᠯᠡᠪᠡ᠃ | ᠤᠯᠤᠰ ᠤᠨ ᠪᠠᠶᠠᠷ ᠤᠨ 7 ᠡᠳᠦᠷ ᠤᠨ ᠠᠮᠠᠷᠠᠯᠲᠠ ᠶᠢᠨ ᠬᠤᠭᠤᠴᠠᠭᠠᠨ ᠳᠤ᠂ ᠲᠡᠮᠦᠷ ᠵᠠᠮ ᠯᠠᠪᠲᠠᠢ ᠨᠢᠭᠡ | ᠪᠦᠯᠦᠭ ᠠᠶᠠᠨᠴᠢᠳ ᠤᠨ ᠴᠤᠪᠤᠷᠠᠯ ᠤᠨ ᠣᠷᠭᠢᠯ ᠢ ᠤᠭᠲᠤᠨ᠎ᠠ᠃ ᠥᠩᠭᠡᠷᠡᠭᠰᠡᠨ ᠵᠢᠯ ᠤᠳ ᠤᠨ ᠲᠤᠷᠰᠢᠯᠭ᠎ᠠ ᠶᠢ | ᠦᠨᠳᠦᠰᠦᠯᠡᠪᠡᠯ᠂ ᠤᠯᠤᠰ ᠤᠨ ᠪᠠᠶᠠᠷ ᠤᠨ ᠬᠤᠭᠤᠴᠠᠭᠠᠨ ᠳᠤ ᠤᠯᠠᠭᠠᠨᠬᠠᠳᠠ ᠥᠷᠲᠡᠭᠡ ᠠᠴᠠ ᠪᠡᠭᠡᠵᠢᠩ ᠤᠨ | ᠴᠢᠭᠯᠡᠯ ᠤᠨ ᠠᠶᠠᠨᠴᠢᠳ ᠤᠨ ᠴᠤᠪᠤᠷᠠᠯ ᠨᠡᠮᠡᠭᠳᠡᠵᠦ᠂ ᠠᠶᠠᠨᠴᠢᠳ ᠤᠨ ᠴᠤᠪᠤᠷᠠᠯ ᠨᠢ ᠭᠤᠣᠯᠳᠠᠭᠤ ᠰᠤᠷᠤᠭᠴᠢ ᠶᠢᠨ | ᠴᠤᠪᠤᠷᠠᠯ᠂ ᠲᠥᠷᠥᠯ ᠰᠠᠳᠤᠨ ᠢᠶᠠᠨ ᠡᠷᠭᠢᠬᠦ ᠴᠤᠪᠤᠷᠠᠯ᠂ ᠵᠢᠭᠤᠯᠴᠢᠯᠠᠯ ᠤᠨ ᠴᠤᠪᠤᠷᠠᠯ ᠢᠶᠠᠷ ᠭᠤᠣᠯ ᠪᠣᠯᠭᠠᠨ᠎ᠠ᠃ | ᠥᠷᠭᠡᠨ ᠣᠯᠠᠨ ᠠᠶᠠᠨᠴᠢᠳ ᠲᠤ ᠳᠥᠭᠦᠮ ᠦᠵᠡᠭᠦᠯᠬᠦ ᠶᠢᠨ ᠲᠤᠰᠠᠳᠠ᠂ 10 ᠳ᠋ᠤᠭᠠᠷ ᠰᠠᠷ᠎ᠠ ᠶᠢᠨ 4᠂ 5᠂ 6 ᠤ | ᠡᠳᠦᠷ ᠤᠯᠠᠭᠠᠨᠬᠠᠳᠠ ᠠᠴᠠ ᠪᠡᠭᠡᠵᠢᠩ ᠤᠨ ᠬᠤᠶᠢᠲᠤ ᠥᠷᠲᠡᠭᠡ ᠬᠦᠷᠬᠦ K4770 ᠤᠳᠠᠭ᠎ᠠ ᠶᠢᠨ ᠲᠦᠷ ᠴᠠᠭ ᠤᠨ | ᠠᠶᠠᠨᠴᠢᠳ ᠤᠨ ᠭᠠᠯᠲᠤ ᠲᠡᠷᠭᠡ ᠶᠢ ᠨᠡᠮᠡᠵᠦ᠂ ᠲᠤᠰ ᠤᠳᠠᠭᠠᠨ ᠤ ᠭᠠᠯᠲᠤ ᠲᠡᠷᠭᠡ ᠤᠯᠠᠭᠠᠨᠬᠠᠳᠠ ᠥᠷᠲᠡᠭᠡ ᠠᠴᠠ | 21:35 ᠴᠠᠭ ᠲᠤ ᠬᠥᠳᠡᠯᠵᠦ᠂ 9:01 ᠴᠠᠭ ᠲᠤ ᠪᠡᠭᠡᠵᠢᠩ ᠤᠨ ᠬᠤᠶᠢᠲᠤ ᠥᠷᠲᠡᠭᠡ ᠳᠤ ᠬᠦᠷᠦᠨ᠎ᠡ᠃ 10 | ᠳ᠋ᠤᠭᠠᠷ ᠰᠠᠷ᠎ᠠ ᠶᠢᠨ 5᠂ 6᠂ 7 ᠤ ᠡᠳᠦᠷ ᠪᠡᠭᠡᠵᠢᠩ ᠤᠨ ᠬᠤᠶᠢᠲᠤ ᠥᠷᠲᠡᠭᠡ ᠠᠴᠠ ᠤᠯᠠᠭᠠᠨᠬᠠᠳᠠ ᠬᠦᠷᠬᠦ | K4769 ᠤᠳᠠᠭ᠎ᠠ ᠶᠢᠨ ᠲᠦᠷ ᠴᠠᠭ ᠤᠨ ᠭᠠᠯᠲᠤ ᠲᠡᠷᠭᠡ ᠶᠢ ᠨᠡᠮᠡᠵᠦ᠂ ᠲᠤᠰ ᠤᠳᠠᠭᠠᠨ ᠤ ᠭᠠᠯᠲᠤ ᠲᠡᠷᠭᠡ | ᠪᠡᠭᠡᠵᠢᠩ ᠤᠨ ᠬᠤᠶᠢᠲᠤ ᠥᠷᠲᠡᠭᠡ ᠠᠴᠠ 11:10 ᠴᠠᠭ ᠲᠤ ᠬᠥᠳᠡᠯᠵᠦ᠂ 22:3 ᠴᠠᠭ ᠲᠤ ᠤᠯᠠᠭᠠᠨᠬᠠᠳᠠ | ᠬᠦᠷᠦᠨ᠎ᠡ᠃ ᠬᠤᠶᠠᠷ ᠤᠳᠠᠭᠠᠨ ᠤ ᠲᠦᠷ ᠴᠠᠭ ᠤᠨ ᠠᠶᠠᠨᠴᠢᠳ ᠤᠨ ᠭᠠᠯᠲᠤ ᠲᠡᠷᠭᠡ ᠵᠠᠮ ᠳᠤ ᠪᠠᠨ ᠬᠤᠩᠭᠤᠷ ᠭᠤᠣ | ᠂ ᠵᠢᠶ ᠵᠢᠶᠠ ᠭᠧᠤ᠂ ᠰᠧ ᠾᠧ ᠶᠦᠩ᠂ ᠯᠦᠩᠬᠤᠸᠠ᠂ ᠯᠤᠸᠠᠨ ᠫᠢᠩ ᠵᠡᠷᠭᠡ ᠥᠷᠲᠡᠭᠡ ᠳᠤ ᠵᠣᠭᠰᠣᠨ᠎ᠠ᠃ ᠭᠠᠯᠲᠤ | ᠲᠡᠷᠭᠡᠨ ᠥᠷᠲᠡᠭᠡᠨ ᠤ ᠠᠵᠢᠯᠲᠠᠨ ᠥᠷᠭᠡᠨ ᠣᠯᠠᠨ ᠠᠶᠠᠨᠴᠢᠳ ᠲᠤ ᠰᠠᠨᠠᠭᠤᠯᠬᠤ ᠨᠢ᠂ ᠬᠤᠶᠠᠷ ᠤᠳᠠᠭ᠎ᠠ ᠶᠢᠨ | ᠭᠠᠯᠲᠤ ᠲᠡᠷᠭᠡᠨ ᠳᠤ ᠪᠢᠯᠧᠲ ᠢ ᠠᠪᠬᠤ ᠳᠤ ᠪᠦᠭᠦᠳᠡ ᠶᠢ ᠤᠲᠠᠰᠤ ᠪᠠᠷ ᠵᠠᠬᠢᠶᠠᠯᠠᠬᠤ᠂ ᠢᠨᠲ᠋ᠧᠷ ᠰᠦᠯᠵᠢᠶ᠎ᠡ ᠪᠠᠷ | ᠵᠠᠬᠢᠶᠠᠯᠠᠬᠤ ᠪᠠ ᠦᠨᠡᠨ ᠨᠡᠷ᠎ᠡ ᠪᠠᠷ ᠬᠤᠳᠠᠯᠳᠤᠨ ᠠᠪᠬᠤ ᠶᠢ ᠬᠡᠷᠡᠭᠵᠢᠭᠦᠯᠵᠦ᠂ ᠣᠳᠣᠬᠠᠨ ᠳᠤ ᠠᠶᠠᠨᠴᠢᠳ | ᠳ᠋ᠢᠶᠠᠩᠬᠤᠸᠠ᠂ ᠢᠨᠲ᠋ᠧᠷ ᠰᠦᠯᠵᠢᠶ᠎ᠡ᠂ ᠭᠠᠯᠲᠤ ᠲᠡᠷᠭᠡᠨ ᠤ ᠪᠢᠯᠧᠲ ᠣᠷᠣᠯᠠᠨ ᠬᠤᠳᠠᠯᠳᠤᠬᠤ ᠭᠠᠵᠠᠷ᠂ ᠲᠡᠷᠭᠡᠨ | ᠥᠷᠲᠡᠭᠡᠨ ᠤ ᠪᠢᠯᠧᠲ ᠬᠤᠳᠠᠯᠳᠤᠬᠤ ᠭᠠᠵᠠᠷ ᠠᠴᠠ ᠪᠢᠯᠧᠲ ᠠᠪᠴᠤ ᠪᠣᠯᠤᠨ᠎ᠠ᠃ ᠭᠠᠳᠠᠭᠰᠢ ᠶᠠᠪᠤᠬᠤ ᠶᠢ | ᠨᠥᠯᠥᠭᠡᠯᠡᠬᠦ ᠦᠭᠡᠶ ᠶᠢᠨ ᠲᠤᠰᠠᠳᠠ᠂ ᠵᠠᠪᠠᠯ ᠴᠠᠭ ᠲᠤᠬᠠᠶ ᠳᠤᠨᠢ ᠪᠢᠯᠧᠲ ᠢᠶᠠᠨ ᠬᠤᠳᠠᠯᠳᠤᠨ ᠠᠪᠴᠤ᠂ ᠭᠠᠳᠠᠭᠰᠢ | ᠶᠠᠪᠤᠬᠤ ᠪᠠᠨ ᠰᠠᠭᠠᠲᠠᠭᠠᠬᠤ ᠠᠴᠠ ᠪᠣᠯᠭᠤᠮᠵᠢᠯᠠᠭᠠᠷᠠᠢ᠃ |