︽︿ᠢᠨᠲ᠋ᠧᠷ ᠰᠦᠯᠵᠢᠶ᠎ᠡ +﹀ ᠠᠵᠢᠯ ᠢ ᠲᠥᠷᠭᠡᠳᠬᠡᠨ ᠠᠬᠢᠭᠤᠯᠬᠤ ᠲᠤᠬᠠᠢ ᠵᠢᠯᠣᠭᠤᠳᠬᠤ ᠰᠠᠨᠠᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2015/9/29
     ᠰᠤᠷᠪᠤᠯᠵᠢᠯᠠᠭᠰᠠᠨ ᠴᠠᠭ᠄ 2015 ᠣᠨ ᠤ 8 ᠳ᠋ᠤᠭᠠᠷ ᠰᠠᠷ᠎ᠠ ᠶᠢᠨ 19 ᠤ ᠡᠳᠦᠷ ᠤᠨ 10 ᠴᠠᠭ      ᠰᠤᠷᠪᠤᠯᠵᠢᠯᠠᠭᠰᠠᠨ ᠵᠣᠴᠢᠨ᠄ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠮᠡᠳᠡᠭᠡ ᠵᠠᠩᠭᠢᠵᠢᠯ ᠤᠨ ᠵᠦᠪᠯᠡᠯ ᠶᠢᠨ ᠳᠡᠳ᠋ ᠡᠷᠬᠢᠯᠡᠭᠴᠢ ᠵᠠᠩ ᠪᠠᠢ ᠴᠧᠩ      ᠰᠤᠷᠪᠤᠯᠵᠢᠯᠠᠭᠰᠠᠨ ᠲᠣᠪᠴᠢ ᠲᠠᠨᠢᠯᠴᠠᠭᠤᠯᠭ᠎ᠠ᠄      ︽︿ᠢᠨᠲ᠋ᠧᠷ ᠰᠦᠯᠵᠢᠶ᠎ᠡ +﹀ ᠠᠵᠢᠯ ᠢ ᠲᠥᠷᠭᠡᠳᠬᠡᠨ ᠠᠬᠢᠭᠤᠯᠬᠤ ᠲᠤᠬᠠᠢ ᠵᠢᠯᠣᠭᠤᠳᠬᠤ ᠰᠠᠨᠠᠯ︾ ︵ᠳᠣᠷᠣᠭᠰᠢ ︽ᠰᠠᠨᠠᠯ︾ ᠭᠡᠵᠦ ᠳᠦᠭᠦᠮᠴᠢᠯᠡᠨ᠎ᠡ︶ ᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠰᠬᠠᠢ ᠰᠡᠳᠦᠪᠲᠦ ᠬᠤᠷᠠᠯ‌‍ᠢᠶ᠋ᠡᠷ ᠬᠢᠨᠠᠨ ᠵᠦᠪᠯᠡᠵᠦ ᠪᠠᠲᠤᠯᠠᠭᠠᠳ ᠦᠪᠦᠷ ᠵᠠᠰᠠᠭ ᠠᠯᠪᠠᠨ ᠲᠠᠷᠬᠠᠭᠠᠭᠰᠠᠨ ﹇2015﹈ 61ᠳ᠋ᠦ᠋ᠭᠡᠷ ᠲᠤᠭᠠᠲᠤ ᠪᠢᠴᠢᠭ ᠮᠠᠲ᠋ᠧᠷᠢᠶᠠᠯ ᠢᠶᠠᠷ ᠢᠯᠡ ᠨᠡᠶᠢᠲᠡᠯᠡᠪᠡ᠃ ᠨᠡᠶᠢᠭᠡᠮ ᠨᠡᠶᠢᠲᠡ ᠪᠣᠯᠤᠨ ᠥᠷᠭᠡᠨ ᠤᠯᠠᠨ ᠰᠦᠯᠵᠢᠶᠡᠨ ᠠᠨᠳᠠ ᠨᠠᠷ ᠲᠤ ︽ᠰᠠᠨᠠᠯ︾ ᠤᠨ ᠬᠠᠮᠢᠶ᠎ᠠ ᠪᠦᠬᠦᠢ ᠠᠭᠤᠯᠭ᠎ᠠ ᠶᠢ ᠤᠯᠠᠮ ᠨᠢᠭᠡ ᠠᠯᠬᠤᠮ ᠭᠦᠨᠵᠡᠭᠡᠢ ᠤᠶᠢᠯᠭᠠᠭᠤᠯᠬᠤ ᠶᠢᠨ ᠲᠤᠰᠠᠳᠠ᠂ ᠤᠶᠢᠷ᠎ᠠ ᠳᠤ᠂ ᠪᠢᠳᠡ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠮᠡᠳᠡᠭᠡ ᠵᠠᠩᠭᠢᠵᠢᠯ ᠤᠨ ᠵᠦᠪᠯᠡᠯ ᠤᠨ ᠳᠡᠳ᠋ ᠡᠷᠬᠢᠯᠡᠭᠴᠢ ᠵᠠᠩ ᠪᠠᠢ ᠴᠧᠩ ᠢ ︽ᠳᠤᠮᠳᠠᠳᠤ ᠤᠯᠤᠰ  ᠦᠪᠤᠷ ᠮᠤᠩᠭᠤᠯ︾ ᠰᠦᠯᠵᠢᠶᠡᠨ ᠳᠤ ᠤᠷᠢᠵᠤ ᠳᠠᠶᠠᠭᠠᠷ ᠲᠠᠢ ᠰᠦᠯᠵᠢᠶᠡᠨ ᠳᠡᠭᠡᠷ᠎ᠡ ᠵᠣᠭᠤᠭᠳᠠᠭᠤᠯᠬᠤ ᠪᠠᠷ ᠪᠣᠯᠪᠠ᠃ ᠥᠷᠭᠡᠨ ᠤᠯᠠᠨ ᠰᠦᠯᠵᠢᠶᠡᠨ ᠠᠨᠳᠠ ᠨᠠᠷ ᠲᠤᠬᠠᠢ ᠶᠢᠨ ᠴᠠᠭ ᠲᠤᠨᠢ ᠢᠳᠡᠭᠬᠢᠲᠠᠢ ᠤᠷᠤᠯᠴᠠᠬᠤ ᠶᠢ ᠤᠭᠲᠤᠵᠤ ᠪᠠᠶᠢᠨ᠎ᠠ᠃
     ᠰᠤᠷᠪᠤᠯᠵᠢᠯᠠᠨ ᠶᠠᠷᠢᠯᠴᠠᠭᠰᠠᠨ ᠪᠣᠳᠠᠲᠤ ᠲᠡᠮᠳᠡᠭᠯᠡᠯ᠄      ᠬᠦᠲᠦᠯᠦᠭᠴᠢ᠄      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠠ ᠪᠦᠬᠦᠨ ᠤ ᠲᠤᠰ ᠬᠤᠭᠤᠴᠠᠭ᠎ᠠ ᠶᠢᠨ ︽ᠳᠤᠮᠳᠠᠳᠤ ᠤᠯᠤᠰ     ᠦᠪᠤᠷ ᠮᠤᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠪᠤᠯᠤᠩ ᠢ ᠬᠦᠯᠢᠶᠡᠨ ᠠᠪᠴᠤ ᠦᠵᠡᠬᠦ ᠶᠢ  ᠪᠠᠶᠠᠷᠯᠠᠨ ᠤᠭᠳᠤᠵᠦ ᠪᠠᠶᠢᠨ᠎ᠠ᠃ ᠦᠨᠦᠳᠦᠷ ᠪᠢᠳᠡ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠮᠡᠳᠡᠭᠡ ᠵᠠᠩᠭᠢᠵᠢᠯ ᠤᠨ ᠵᠦᠪᠯᠡᠯ ᠤᠨ ᠳᠡᠳ᠋ ᠡᠷᠬᠢᠯᠡᠭᠴᠢ ᠵᠠᠩ ᠪᠠᠢ ᠴᠧᠩ ᠢ ᠤᠷᠢᠵᠤ ︽︿ᠢᠨᠲ᠋ᠧᠷ ᠰᠦᠯᠵᠢᠶ᠎ᠡ +﹀ ᠠᠵᠢᠯ ᠢ ᠲᠥᠷᠭᠡᠳᠬᠡᠨ ᠠᠬᠢᠭᠤᠯᠬᠤ ᠲᠤᠬᠠᠢ ᠵᠢᠯᠣᠭᠤᠳᠬᠤ ᠰᠠᠨᠠᠯ︾ ᠤᠨ ᠬᠤᠯᠪᠤᠭᠳᠠᠯ ᠪᠦᠬᠦᠢ ᠠᠭᠤᠯᠭ᠎ᠠ ᠶᠢ ᠰᠦᠯᠵᠢᠶᠡᠨ ᠳᠡᠭᠡᠷ᠎ᠡ ᠲᠠᠶᠢᠯᠪᠦᠷᠢᠯᠠᠭᠤᠯᠬᠤ ᠪᠠᠷ ᠪᠠᠶᠢᠨ᠎ᠠ᠃ ᠵᠠᠩ ᠡᠷᠬᠢᠯᠡᠭᠴᠢ ᠰᠠᠶᠢᠨ ᠦᠦ᠂ ᠲᠠᠨ ᠢ ᠪᠠᠶᠠᠷᠯᠠᠨ ᠤᠭᠲᠤᠵᠤ ᠪᠠᠶᠢᠨ᠎ᠠ︕      ᠵᠠᠩ ᠪᠠᠢ ᠴᠧᠩ᠄      ᠬᠥᠲᠦᠯᠦᠭᠴᠢ ᠰᠠᠶᠢᠨ ᠦᠦ᠂ ᠥᠷᠭᠡᠨ ᠤᠯᠠᠨ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕      ᠬᠥᠲᠥᠯᠦᠭᠴᠢ᠄      ᠵᠠᠩ ᠡᠷᠬᠢᠯᠡᠭᠴᠢ ᠡ᠂ ᠡᠨᠡ ᠵᠢᠯ ᠤᠨ ᠪᠦᠬᠦ ᠤᠯᠤᠰ ᠤᠨ ︽ᠬᠤᠶᠠᠷ ᠬᠤᠷᠠᠯ︾ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ︽ᠢᠨᠲ᠋ᠧᠷ ᠰᠦᠯᠵᠢᠶ᠎ᠡ +︾ ᠶᠢ ᠳᠤᠷᠠᠳᠤᠭᠰᠠᠨ ᠤ ᠳᠠᠷᠠᠭ᠎ᠠ᠂ ᠡᠯ᠎ᠡ ᠭᠠᠵᠠᠷ ᠤᠨ ᠵᠠᠰᠠᠭ ᠤᠨ ᠤᠷᠳᠤᠨ ᠨᠤᠭᠤᠳ ︽ᠢᠨᠲ᠋ᠧᠷ ᠰᠦᠯᠵᠢᠶ᠎ᠡ +︾ ᠠᠵᠢᠯᠯᠠᠭ᠎ᠠ ᠶᠢᠨ ᠲᠦᠯᠦᠪᠯᠡᠯᠭᠡ ᠶᠢ ᠬᠤᠶᠢᠨ᠎ᠠ ᠬᠤᠶᠢᠨ᠎ᠠ ᠠᠴᠠ ᠪᠠᠨ ᠭᠠᠷᠭᠠᠭᠰᠠᠨ ᠪᠤᠶᠤ ᠱᠠᠯᠠᠪᠳᠠᠨ ᠲᠣᠭᠲᠠᠭᠠᠪᠠ᠂ ᠮᠠᠨ ᠤ ᠤᠷᠤᠨ ᠪᠠᠰᠠ ︽ᠢᠨᠲ᠋ᠧᠷ ᠰᠦᠯᠵᠢᠶ᠎ᠡ +︾ ᠭᠡᠰᠡᠨ ᠡᠨᠡᠬᠦ ᠲᠣᠮᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠳᠣᠣᠷ᠎ᠠ᠂ ︽ᠢᠨᠲ᠋ᠧᠷ ᠰᠦᠯᠵᠢᠶ᠎ᠡ +︾ ᠠᠵᠢᠯ ᠢ ᠲᠥᠷᠭᠡᠳᠬᠡᠨ ᠠᠬᠢᠭᠤᠯᠬᠤ ᠵᠢᠯᠣᠭᠤᠳᠬᠤ ᠰᠠᠨᠠᠯ ᠢ ᠭᠠᠷᠭᠠᠪᠠ᠂ ᠲᠠ ᠮᠠᠨ ᠤ ᠤᠷᠤᠨ ᠤ ︽ᠢᠨᠲ᠋ᠧᠷ ᠰᠦᠯᠵᠢᠶ᠎ᠡ +︾ ᠠᠵᠢᠯ ᠢ ᠲᠥᠷᠭᠡᠳᠬᠡᠨ ᠠᠬᠢᠭᠤᠯᠬᠤ ᠨᠢ ᠶᠠᠮᠠᠷ ᠶᠠᠮᠠᠷ ᠠᠴᠢ ᠬᠤᠯᠪᠤᠭᠳᠠᠯ ᠲᠠᠢ ᠭᠡᠳᠡᠭ ᠢ ᠶᠠᠷᠢᠭᠠᠳ ᠦᠭᠭᠦᠨ᠎ᠡ ᠦᠦ︖      ᠵᠠᠩ ᠪᠠᠢ ᠴᠧᠩ᠄      ᠣᠳᠤᠬᠠᠨ ᠳᠤ᠂ ᠢᠨᠲ᠋ᠧᠷ ᠰᠦᠯᠵᠢᠶ᠎ᠡ ᠬᠢᠭᠡᠳ ᠡᠭᠦᠯᠡᠨ ᠪᠣᠳᠤᠯᠲᠠ᠂ ᠶᠡᠭᠡ ᠲᠤᠭ᠎ᠠ ᠪᠠᠷᠢᠮᠳᠠ᠂ ᠪᠣᠳᠠᠰᠯᠢᠭ ᠬᠤᠯᠪᠤᠭᠠᠲᠤ ᠰᠦᠯᠵᠢᠶ᠎ᠡ ᠵᠡᠷᠭᠡ ᠰᠢᠨ᠎ᠡ ᠨᠢᠭᠡᠨ ᠦᠶ᠎ᠡ ᠶᠢᠨ ᠮᠡᠳᠡᠭᠡ ᠵᠠᠩᠬᠢ ᠶᠢᠨ ᠮᠡᠷᠭᠡᠵᠢᠯ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠬᠡᠷᠡᠭᠯᠡᠯᠲᠡ ᠨᠢ ᠲᠥᠷᠭᠡᠳᠴᠦ᠂ ᠠᠵᠤ ᠠᠬᠤᠶᠢᠯᠠᠯ ᠤᠨ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ᠂ ᠬᠤᠳᠠᠯᠳᠤᠭᠠᠨ ᠤ ᠦᠢᠯᠡᠴᠢᠯᠡᠭᠡᠨ ᠬᠢᠭᠡᠳ ᠠᠮᠢᠳᠤᠷᠠᠯ ᠤᠨ ᠬᠡᠷᠡᠭᠯᠡᠭᠡᠨ ᠤ ᠠᠷᠭ᠎ᠠ ᠮᠠᠶ᠋ᠢᠭ ᠢ ᠭᠥᠨᠵᠡᠭᠡᠢ ᠬᠤᠪᠢᠷᠠᠭᠤᠯᠵᠤ ᠪᠠᠶᠢᠬᠤ ᠶᠢᠨ ᠬᠠᠮᠲᠤ ᠤᠷᠢᠳ ᠡᠮᠦᠨ᠎ᠡ ᠪᠠᠶᠢᠭ᠎ᠠ ᠦᠭᠡᠢ ᠡᠷᠴᠢᠮ ᠢᠶᠠᠷ ᠤᠯᠠᠮᠵᠢᠯᠠᠯᠲᠤ ᠠᠵᠤ ᠦᠢᠯᠡᠰ ᠢ ᠳᠠᠬᠢᠨ ᠱᠤᠭᠤᠵᠤ ᠪᠠᠶᠢᠬᠤ ᠪᠠ ᠰᠢᠨ᠎ᠡ ᠪᠠᠷ ᠬᠥᠭᠵᠢᠵᠦ ᠪᠦᠬᠦᠢ ᠠᠵᠤ ᠦᠢᠯᠡᠰ ᠢ ᠪᠣᠢ ᠪᠤᠯᠭᠠᠵᠤ ᠪᠠᠶᠢᠨ᠎ᠠ᠃      ᠯᠢ ᠺᠧ ᠴᠢᠶᠠᠩ ᠶᠡᠷᠦᠩᠬᠡᠢ ᠰᠠᠶᠢᠳ ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠡᠭᠡᠨ  ︽ᠢᠨᠲ᠋ᠧᠷ ᠰᠦᠯᠵᠢᠶ᠎ᠡ +︾ ᠠᠵᠢᠯᠯᠠᠭ᠎ᠠ ᠶᠢᠨ ᠲᠦᠯᠦᠪᠯᠡᠯᠭᠡ ᠲᠣᠭᠲᠠᠭᠠᠨ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠪᠤᠯᠤᠨ ᠢᠨᠲ᠋ᠧᠷ ᠰᠦᠯᠵᠢᠶᠡᠨ ᠮᠥᠩᠭᠦᠨ ᠭᠦᠢᠯᠭᠡᠭᠡᠨ ᠤ ᠡᠷᠡᠭᠦᠯ ᠢᠶᠠᠷ ᠭᠦᠭᠵᠢᠬᠦ ᠶᠢ ᠠᠬᠢᠭᠤᠯᠬᠤ ᠬᠡᠷᠡᠭᠲᠡᠢ ᠭᠡᠵᠦ ᠳᠤᠷᠠᠳᠤᠭᠰᠠᠨ ᠶᠠᠪᠤᠳᠠᠯ ᠨᠢ᠂ ᠪᠦᠬᠦ ᠨᠡᠶᠢᠭᠡᠮ ᠤᠨ ᠬᠢᠨ ᠤ ᠳᠡᠭᠡᠳᠦ ᠬᠡᠮᠵᠢᠶ᠎ᠡ ᠪᠠᠷ ᠠᠩᠬᠠᠷᠬᠤ ᠪᠠ ᠰᠤᠳᠤᠯᠬᠤ ᠥᠷᠨᠢᠯᠲᠡ ᠶᠢ ᠤᠯᠠᠮ ᠨᠢᠭᠡ ᠠᠯᠬᠤᠮ ᠡᠭᠦᠰᠭᠡᠪᠡ᠃ ᠡᠯ᠎ᠡ ᠭᠠᠵᠠᠷ ᠤᠨ ᠬᠢᠨ ᠨᠢ ᠪᠠᠰᠠ ᠴᠦᠮ ᠠᠵᠠ ᠲᠣᠬᠢᠶᠠᠯ ᠢ ᠵᠠᠪᠳᠤᠨ᠂ ᠢᠨᠲ᠋ᠧᠷ ᠰᠦᠯᠵᠢᠶᠡᠨ ᠤ ᠠᠵᠤ ᠠᠬᠤᠢ ᠶᠢᠨ ᠬᠥᠭᠵᠢᠯᠲᠡ ᠶᠢ ᠲᠥᠷᠭᠡᠳᠬᠡᠨ ᠠᠬᠢᠭᠤᠯᠵᠤ᠂ ᠵᠠᠷᠢᠮ ᠮᠤᠵᠢ ᠨᠤᠭᠤᠳ ᠬᠠᠮᠢᠶ᠎ᠠ ᠪᠦᠬᠦᠢ ᠰᠠᠨᠠᠯ ᠢᠶᠠᠨ ᠨᠡᠶᠢᠲᠡᠯᠡᠭᠰᠡᠨ ᠪᠠᠶᠢᠨ᠎ᠠ᠂ ᠵᠢᠱᠢᠶᠡᠯᠡᠪᠡᠯ ᠰᠧᠴᠤᠸᠠᠨ᠂ ᠭᠢᠷᠢᠨ ᠪᠤᠯᠤᠨ ᠹᠦᠵᠢᠶᠠᠨ ᠵᠡᠷᠭᠡ ᠭᠠᠵᠠᠷ ᠤᠳ ᠪᠤᠯᠤᠨ᠎ᠠ᠂ ᠨᠡᠩ ᠤᠯᠠᠨ ᠮᠤᠵᠢ ᠬᠤᠲᠠ ᠨᠤᠭᠤᠳ ᠶᠠᠭ ᠵᠠᠪᠳᠤᠨ ᠰᠣᠳᠤᠯᠤᠨ ᠲᠣᠭᠲᠠᠭᠠᠵᠤ ᠪᠠᠶᠢᠨ᠎ᠠ᠃      ᠮᠠᠨ ᠤ ᠤᠷᠤᠨ ᠶᠠᠭ ᠠᠵᠤ ᠠᠬᠤᠢ ᠶᠢᠨ ᠪᠦᠲᠦᠴᠡ ᠪᠠᠨ ᠲᠣᠬᠢᠷᠠᠭᠤᠯᠬᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠢ ᠲᠥᠷᠭᠡᠳᠭᠡᠬᠦ  ᠵᠠᠩᠭᠢᠯᠠᠭ᠎ᠠ ᠶᠢᠨ ᠴᠠᠭ ᠦᠶ᠎ᠡ ᠳᠤ ᠤᠷᠤᠰᠢᠵᠤ ᠪᠠᠶᠢᠭ᠎ᠠ ᠪᠣᠯᠬᠤᠷ᠂ ︽ᠢᠨᠲ᠋ᠧᠷ ᠰᠦᠯᠵᠢᠶ᠎ᠡ +︾ ᠠᠵᠢᠯ ᠢ ᠲᠥᠷᠭᠡᠳᠬᠡᠨ ᠠᠬᠢᠭᠤᠯᠬᠤ ᠨᠢ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠬᠡᠯᠪᠡᠷᠢ ᠶᠢ ᠬᠤᠪᠢᠷᠠᠭᠤᠯᠬᠤ ᠪᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠠᠬᠢ ᠢᠨᠲ᠋ᠧᠷ ᠰᠦᠯᠵᠢᠶ᠎ᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷ᠂ ᠰᠠᠭᠤᠷᠢ ᠴᠢᠨᠠᠷ ᠪᠠ ᠤᠳᠤᠷᠢᠳᠤᠮᠵᠢ ᠶᠢᠨ ᠴᠢᠨᠠᠷ ᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠤᠷᠤᠨ ᠤ ᠢᠨᠲ᠋ᠧᠷ ᠰᠦᠯᠵᠢᠶ᠎ᠡ ᠶᠢᠨ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠵᠤ᠂ ᠮᠠᠨ ᠤ ᠤᠷᠤᠨ ᠤ ᠠᠵᠤ ᠠᠬᠤᠢ ᠬᠢᠭᠡᠳ ᠨᠡᠶᠢᠭᠡᠮ ᠤᠨ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠪᠣᠯᠤᠨ᠎ᠠ᠃ ︽ᠢᠨᠲ᠋ᠧᠷ ᠰᠦᠯᠵᠢᠶ᠎ᠡ +︾ ᠠᠵᠢᠯ ᠢ ᠲᠥᠯᠬᠢᠨ ᠠᠬᠢᠭᠤᠯᠬᠤ ᠶᠢᠨ ᠵᠢᠯᠣᠭᠤᠳᠬᠤ ᠰᠠᠨᠠᠯ ᠢ ᠰᠣᠳᠤᠯᠤᠨ ᠲᠣᠭᠲᠠᠭᠠᠬᠤ ᠨᠢ ᠮᠠᠨ ᠤ ᠤᠷᠤᠨ ᠤ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ‌ᠵᠣᠬᠢᠴᠠᠬᠤ ᠪᠣᠳᠠᠲᠤ ᠬᠡᠷᠡᠭᠴᠡᠭᠡ ᠪᠣᠯᠤᠨ᠎ᠠ᠃       ︽ᠰᠠᠨᠠᠯ︾ ᠨᠢ ᠬᠤᠯᠪᠤᠭᠳᠠᠯ ᠪᠦᠬᠦᠢ ᠠᠬ᠎ᠠ ᠳᠡᠭᠦᠦ ᠮᠤᠵᠢ ᠬᠤᠲᠠ ᠶᠢᠨ ᠨᠢᠭᠡᠨᠲᠡ ᠨᠡᠶᠢᠲᠡᠯᠡᠭᠰᠡᠨ ᠲᠥᠷᠦ ᠶᠢᠨ ᠪᠣᠳᠤᠯᠭ᠎ᠠ ᠶᠢ ᠰᠣᠳᠤᠯᠤᠭᠰᠠᠨ ᠰᠠᠭᠤᠷᠢᠨ ᠳᠡᠭᠡᠷ᠎ᠡ᠂ ᠮᠠᠨ ᠤ ᠤᠷᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠵᠠᠰᠠᠭ ᠤᠨ ᠤᠷᠳᠤᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠰᠢᠪᠲᠤᠯᠤᠯᠲᠠ ᠭᠠᠷᠭᠠᠬᠤ᠂ ᠰᠢᠨ᠎ᠡ ᠶᠢ ᠡᠭᠦᠳᠬᠦ ᠪᠠᠷ ᠴᠢᠷᠮᠠᠶᠢᠨ᠂ ᠲᠥᠷᠦ ᠶᠢᠨ ᠪᠣᠳᠤᠯᠭ᠎ᠠ ᠶᠢᠨ ᠬᠡᠷᠡᠭᠵᠢᠯᠡᠭᠦᠯᠬᠦᠶᠢᠴᠡ ᠴᠢᠨᠠᠷ ᠢ ᠨᠡᠩ ᠳᠣᠪᠤᠶᠢᠯᠭᠠᠬᠤ ᠶᠢ ᠠᠩᠬᠠᠷᠴᠤ᠂ ᠢᠨᠲ᠋ᠧᠷ ᠰᠦᠯᠵᠢᠶᠡᠨ ᠠᠵᠤ ᠠᠬᠤᠢ ᠶᠢᠨ ᠪᠦᠬᠦ ᠬᠦᠷᠢᠶ᠎ᠡ ᠬᠡᠪᠴᠢᠶ᠎ᠡ᠂ ᠪᠦᠬᠦ ᠶᠠᠪᠤᠴᠠ ᠳᠠᠬᠢ ᠶᠡᠷᠥᠩᠬᠡᠢ ᠵᠢᠯᠤᠭᠤᠳᠤᠯᠭ᠎ᠠ ᠪᠠ ᠠᠬᠢᠭᠤᠯᠤᠯ ᠪᠣᠯᠬᠤ ᠪᠦᠭᠡᠳ ᠢᠨᠲ᠋ᠧᠷ ᠰᠦᠯᠵᠢᠶ᠎ᠡ ᠶᠢᠨ ᠮᠡᠷᠭᠡᠵᠢᠯ ᠢ ᠲᠦᠷᠭᠡᠨ ᠭᠦᠨᠵᠡᠭᠡᠢ ᠬᠡᠷᠡᠭᠯᠡᠬᠦ ᠪᠠ ᠢᠨᠲ᠋ᠧᠷ ᠰᠦᠯᠵᠢᠶ᠎ᠡ + ᠠᠵᠢᠯᠯᠠᠭ᠎ᠠ ᠶᠢ ᠲᠦᠷᠭᠡᠳᠬᠡᠬᠦ ᠶᠢ ᠪᠡᠶᠡᠯᠡᠭᠦᠯᠬᠦ ᠳᠤ ᠬᠡᠷᠬᠢᠨ ᠰᠠᠭᠤᠷᠢᠯᠠᠨ ᠪᠣᠳᠠᠲᠤ ᠠᠵᠤ ᠠᠬᠤᠢ ᠪᠣᠯᠤᠨ ᠢᠨᠲ᠋ᠧᠷ ᠰᠦᠯᠵᠢᠶᠡᠨ ᠠᠵᠤ ᠠᠬᠤᠢ ᠶᠢ ᠪᠦᠬᠦ ᠲᠠᠯ᠎ᠠ ᠪᠠᠷ ᠵᠠᠯᠭᠠᠭᠤᠯᠬᠤ ᠠᠰᠠᠭᠤᠳᠠᠯ ᠢ ᠰᠢᠢᠳᠪᠦᠷᠢᠯᠡᠵᠦ᠂ ᠬᠦᠭᠵᠢᠯᠲᠡ ᠶᠢᠨ ᠭᠤᠣᠯᠳᠠᠯᠭ᠎ᠠ ᠲᠠᠢ ᠮᠦᠷᠲᠡᠭᠡᠨ ᠪᠠᠰᠠ ᠪᠤᠳᠠᠲᠠᠢ ᠲᠥᠷᠦ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠡ ᠲᠠᠢ ᠶᠤᠮ᠃      ᠬᠦᠲᠦᠯᠦᠭᠴᠢ᠄      ᠮᠠᠨ ᠤ ᠤᠷᠤᠨ ᠤ ︽ᠢᠨᠲ᠋ᠧᠷ ᠰᠦᠯᠵᠢᠶ᠎ᠡ +︾ ᠠᠵᠢᠯ ᠳᠤ ᠶᠠᠮᠠᠷᠰᠢᠦ ᠬᠦᠭᠵᠢᠯᠲᠡ ᠶᠢᠨ ᠪᠣᠷᠣ ᠲᠥᠰᠦᠪ ᠢ ᠲᠦᠯᠦᠪᠵᠢᠭᠦᠯᠦᠭᠰᠡᠨ ᠪᠣᠢ︖      ᠵᠠᠩ ᠪᠠᠢ ᠴᠧᠩ᠄      ᠶᠡᠷᠦᠩᠬᠡᠢ ᠴᠢᠭᠯᠡᠯᠲᠦ ᠴᠢᠨᠠᠷ᠂ ᠬᠠᠷᠠᠯᠲᠠ ᠶᠢᠨ ᠲᠠᠯ᠎ᠠ ᠠᠴᠠ ᠠᠪᠴᠤ ᠬᠡᠯᠡᠪᠡᠯ ᠢᠷᠡᠭᠡᠳᠦᠢ ᠶᠢᠨ 15 ᠵᠢᠯ ᠳᠤ᠂ ︽ᠢᠨᠲ᠋ᠧᠷ ᠰᠦᠯᠵᠢᠶ᠎ᠡ +︾ ᠲᠦᠷᠭᠡᠨ ᠠᠬᠢᠵᠤ᠂ ᠡᠭᠦᠯᠡᠨ ᠪᠣᠳᠤᠯᠲᠠ᠂ ᠶᠡᠭᠡ ᠲᠤᠭ᠎ᠠ ᠪᠠᠷᠢᠮᠳᠠ᠂ ᠪᠣᠳᠠᠰᠯᠢᠭ ᠬᠤᠯᠪᠤᠭᠠᠲᠤ ᠰᠦᠯᠵᠢᠶ᠎ᠡ᠂ ᠰᠢᠯᠵᠢᠮᠡᠯ ᠢᠨᠲ᠋ᠧᠷ ᠰᠦᠯᠵᠢᠶ᠎ᠡ ᠵᠡᠷᠭᠡ ᠪᠠᠷ ᠲᠦᠯᠦᠭᠡᠯᠡᠭᠦᠯᠦᠭᠰᠡᠨ ᠰᠢᠨ᠎ᠡ ᠨᠢᠭᠡᠨ ᠦᠶ᠎ᠡ ᠶᠢᠨ ᠮᠡᠳᠡᠭᠡ ᠵᠠᠩᠬᠢ ᠶᠢᠨ ᠮᠡᠷᠭᠡᠵᠢᠯ ᠨᠢ ᠠᠵᠤ ᠠᠬᠤᠢ ᠨᠡᠶᠢᠭᠡᠮ ᠤᠨ ᠡᠯ᠎ᠡ ᠠᠵᠢᠯ ᠲᠦᠷᠦᠯ ᠡᠯ᠎ᠡ ᠬᠦᠷᠢᠶ᠎ᠡ ᠬᠡᠪᠴᠢᠶᠡᠨ ᠳᠤ ᠥᠷᠭᠡᠨ ᠢᠶᠠᠷ ᠬᠡᠷᠡᠭᠯᠡᠭᠳᠡᠵᠦ᠂ ᠠᠵᠤ ᠠᠬᠤᠢ ᠶᠢᠨ ᠪᠦᠲᠦᠴᠡ ᠶᠢ ᠲᠣᠬᠢᠷᠠᠭᠤᠯᠬᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠠᠬᠢᠭᠤᠯᠬᠤ ᠳᠤ ᠢᠨᠲ᠋ᠧᠷ ᠰᠦᠯᠵᠢᠶ᠎ᠡ ᠶᠢᠨ ᠪᠠᠳᠠᠷᠠᠭᠤᠯᠬᠤ ᠦᠢᠯᠡᠳᠦᠯ ᠨᠢ ᠢᠯᠡᠷᠬᠡᠢ ᠪᠠᠶᠢᠵᠤ᠂ ᠮᠡᠳᠡᠭᠡ ᠵᠠᠩᠬᠢ ᠶᠢᠨ ᠬᠡᠷᠡᠭᠯᠡᠭᠡᠨ ᠲᠦᠷᠭᠡᠨ ᠨᠡᠮᠡᠭᠳᠡᠵᠦ᠂ ᠢᠨᠲ᠋ᠧᠷ ᠰᠦᠯᠵᠢᠶᠡᠨ ᠠᠵᠤ ᠠᠬᠤᠢ ᠶᠢᠨ ᠬᠦᠭᠵᠢᠯᠲᠡ ᠶᠢᠨ ᠬᠢᠷᠢ ᠬᠡᠮᠵᠢᠶ᠎ᠡ ᠪᠦᠬᠦ ᠲᠠᠯ᠎ᠠ ᠪᠠᠷ ᠳᠡᠭᠡᠭᠰᠢᠯᠡᠬᠦ ᠪᠣᠯᠤᠨ᠎ᠠ᠃ ᠬᠡᠳᠦᠨ ᠭᠤᠣᠯᠳᠠᠯᠠᠭ᠎ᠠ ᠲᠠᠢ ᠬᠡᠮᠵᠢᠶᠡᠯᠡᠭᠰᠡᠨ ᠭᠦᠢᠴᠡᠳᠭᠡᠬᠦ ᠲᠤᠭ᠎ᠠ ᠪᠣᠯ᠄ 2020 ᠣᠨ ᠪᠣᠯᠬᠤ ᠳᠤ᠂ ᠦᠪᠡᠷᠲᠡᠭᠡᠨ ᠵᠠᠰᠠᠬᠤ ᠤᠷᠤᠨ ᠤ ᠳᠡᠰ ᠤᠨ ᠢᠨᠲ᠋ᠧᠷ ᠰᠦᠯᠵᠢᠶᠡᠨ ᠠᠵᠤ ᠠᠬᠤᠢ ᠲᠦᠪᠯᠡᠷᠡᠭᠰᠡᠨ ᠤᠷᠤᠨ 5᠂ ᠡᠯᠧᠺᠲᠷᠣᠨ ᠬᠤᠳᠠᠯᠳᠤᠭᠠᠨ ᠤ ᠶᠡᠪᠤᠳᠠᠯ ᠲᠥᠪᠯᠡᠷᠡᠭᠰᠡᠨ ᠣᠷᠣᠨ 10᠂ ᠶᠡᠭᠡ ᠬᠡᠮᠵᠢᠶᠡᠨ ᠤ ᠲᠠᠸᠠᠷ ᠤᠨ ᠡᠯᠧᠺᠲᠷᠣᠨ ᠠᠷᠠᠯᠵᠢᠶᠠᠨ ᠤ ᠵᠠᠬ᠎ᠠ ᠳᠡᠯᠭᠡᠭᠦᠷ10 ᠶᠢ ᠪᠠᠶᠢᠭᠤᠯᠵᠤ ᠳᠠᠭᠤᠰᠬᠠᠨ᠂ ᠡᠯᠧᠺᠲᠷᠣᠨ ᠬᠤᠳᠠᠯᠳᠤᠭᠠᠨ ᠤ ᠶᠡᠪᠤᠳᠠᠯ ᠤᠨ ᠠᠷᠠᠯᠵᠢᠶᠠᠯᠠᠭ᠎ᠠ ᠶᠢᠨ ᠲᠤᠭ᠎ᠠ 5800 ᠳ᠋ᠥᠩᠰᠢᠭᠤᠷ ᠲᠦᠭᠦᠷᠢᠭ ᠲᠤ ᠬᠦᠷᠴᠦ᠂ ᠢᠨᠲ᠋ᠧᠷ ᠰᠦᠯᠵᠢᠶᠡᠨ ᠦᠢᠯᠡᠴᠢᠯᠡᠭᠡᠨ ᠤ ᠣᠷᠤᠯᠭ᠎ᠠ 500 ᠳ᠋ᠥᠩᠰᠢᠭᠤᠷ ᠲᠦᠭᠦᠷᠢᠭ ᠲᠤ ᠬᠦᠷᠬᠦ ᠪᠣᠯᠤᠨ᠎ᠠ᠃      ᠬᠦᠲᠦᠯᠦᠭᠴᠢ᠄      ᠲᠠ ᠮᠠᠨ ᠤ ᠤᠷᠤᠨ ᠤ ︽ᠢᠨᠲ᠋ᠧᠷ ᠰᠦᠯᠵᠢᠶ᠎ᠡ +︾ ᠶᠢ ᠲᠦᠯᠬᠢᠨ ᠠᠬᠢᠭᠤᠯᠬᠤ ᠶᠢ ᠶᠠᠷᠢᠭᠠᠳ ᠦᠭᠭᠦᠨ᠎ᠡ ᠦᠦ᠂ ᠲᠡᠷᠡ ᠨᠢ ᠠᠯᠢ ᠬᠡᠳᠦᠨ ᠬᠦᠷᠢᠶ᠎ᠡ ᠬᠡᠪᠴᠢᠶᠡᠨ ᠠᠴᠠ ᠭᠤᠣᠯᠳᠠᠯᠭ᠎ᠠ ᠲᠠᠢ ᠰᠢᠪᠲᠤᠯᠤᠯᠲᠠ ᠬᠢᠬᠦ ᠪᠣᠢ︖      ᠵᠠᠩ ᠪᠠᠢ ᠴᠧᠩ᠄      ︽ᠢᠨᠲ᠋ᠧᠷ ᠰᠦᠯᠵᠢᠶ᠎ᠡ +︾ ᠶᠢ ᠶᠠᠷᠢᠪᠠᠯ᠂ ᠡᠨᠡ ᠨᠢ ᠪᠠᠰᠠ ᠡᠨᠡ ᠵᠢᠯ ᠤᠨ ᠤᠯᠠᠨ ᠢᠶᠠᠷ ᠢᠶᠠᠨ ᠬᠠᠮᠤᠭ ᠠᠴᠠ ᠠᠷᠪᠢᠨ ᠶᠠᠷᠢᠯᠴᠠᠵᠤ ᠪᠠᠶᠢᠭ᠎ᠠ ᠨᠢᠭᠡᠨ ᠰᠡᠳᠦᠪ ᠪᠣᠯᠤᠨ᠎ᠠ᠃ ᠮᠢᠨᠦ ᠦᠵᠡᠬᠦ ᠪᠠᠷ ︽ᠢᠨᠲ᠋ᠧᠷ ᠰᠦᠯᠵᠢᠶ᠎ᠡ +︾ ᠪᠣᠯ ᠨᠢᠭᠡᠨ ᠲᠦᠢᠯ ᠤᠨ ᠶᠡᠭᠡ ᠤᠬᠠᠭᠳᠠᠬᠤᠨ ᠪᠣᠯᠤᠨ᠎ᠠ᠂ ᠢᠨᠲ᠋ᠧᠷ ᠰᠦᠯᠵᠢᠶ᠎ᠡ + ᠨᠡᠶᠢᠭᠡᠮ ᠪᠣᠯ ᠳᠠᠷᠤᠢ ᠨᠡᠶᠢᠭᠡᠮ ᠤᠨ ᠮᠡᠳᠡᠭᠡ ᠵᠡᠩᠬᠢᠵᠢᠯᠳᠠ ᠪᠣᠯᠵᠤ ᠬᠤᠪᠢᠷᠠᠨ᠎ᠠ᠂ ᠢᠨᠲ᠋ᠧᠷ ᠰᠦᠯᠵᠢᠶ᠎ᠡ + ᠣᠷᠴᠢᠨ ᠲᠣᠭᠤᠷᠢᠨ ᠤ ᠬᠠᠮᠠᠭᠠᠯᠠᠯᠲᠠ ᠪᠣᠯ ᠳᠠᠷᠤᠢ ᠪᠣᠬᠢᠷᠲᠠᠯ ᠦᠭᠡᠢ ᠬᠦᠭᠵᠢᠯᠲᠡ ᠪᠣᠯᠬᠤ ᠵᠡᠷᠭᠡ ᠪᠣᠯᠤᠨ᠎ᠠ᠃ ᠵᠢᠯᠣᠭᠤᠳᠬᠤ ᠰᠠᠨᠠᠯ ᠳᠤ ᠪᠢᠳᠡ ︽8 +1︾ ᠠᠵᠢᠯ ᠤᠨ ᠭᠤᠣᠯᠳᠠᠯᠭ᠎ᠠ ᠶᠢ ᠳᠤᠷᠠᠳᠪᠠ᠂ ︽8︾ ᠭᠡᠳᠡᠭ ᠨᠢ ᠠᠵᠤ ᠦᠢᠯᠡᠳᠪᠦᠷᠢ᠂ ᠲᠠᠷᠢᠶᠠᠯᠠᠩ ᠮᠠᠯ ᠠᠵᠤ ᠠᠬᠤᠢ᠂ ᠠᠷᠠᠯᠵᠢᠶ᠎ᠠ ᠬᠤᠳᠠᠯᠳᠤᠭ᠎ᠠ ᠮᠦᠩᠭᠦᠨ ᠭᠦᠢᠯᠭᠡᠭᠡ᠂ ᠵᠠᠰᠠᠭ ᠤᠨ ᠶᠠᠪᠤᠳᠠᠯ᠂ ᠰᠤᠶᠤᠯ᠂ ᠠᠷᠠᠳ ᠤᠨ ᠠᠮᠢᠳᠤᠷᠠᠯ᠂ ᠠᠮᠢ ᠠᠬᠤᠢ ᠵᠡᠷᠭᠡ ᠨᠠᠢᠮᠠᠨ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠪᠣᠯᠤᠨ᠎ᠠ᠂ ᠭᠤᠣᠯᠳᠠᠭᠤ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠲᠠᠷᠢᠶᠠᠯᠠᠩ ᠮᠠᠯ ᠠᠵᠤ ᠠᠬᠤᠢ ᠶᠢᠨ ᠪᠣᠳᠠᠰᠯᠢᠭ ᠬᠤᠯᠪᠤᠭᠠᠲᠤ ᠰᠦᠯᠵᠢᠶ᠎ᠡ᠂ ᠡᠯᠧᠺᠲᠷᠣᠨ ᠬᠤᠳᠠᠯᠳᠤᠭᠠᠨ ᠤ ᠶᠡᠪᠤᠳᠠᠯ᠂ ᠢᠨᠲ᠋ᠧᠷ ᠰᠦᠯᠵᠢᠶᠡᠨ ᠮᠦᠩᠭᠦᠨ ᠭᠦᠢᠯᠭᠡᠭᠡ᠂ ᠡᠯᠧᠺᠲᠷᠣᠨ ᠵᠠᠰᠠᠭ ᠤᠨ ᠶᠠᠪᠤᠳᠠᠯ ᠤᠨ ᠤᠯᠠᠨ ᠨᠡᠶᠢᠲᠡ ᠶᠢᠨ ᠡᠭᠦᠯᠡᠨ ᠲᠠᠪᠴᠠᠩ ᠤᠨ ᠦᠢᠯᠡᠴᠢᠯᠡᠭᠡᠨ ᠤ ᠰᠢᠰᠲ᠋ᠧᠮᠵᠢ᠂ ᠰᠣᠶᠣᠯ ᠤᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠪᠠᠶᠢᠳᠠᠯ ᠲᠥᠯᠥᠪ ᠬᠢᠭᠡᠳ ᠵᠢᠭᠤᠯᠴᠢᠯᠠᠯ ᠤᠨ ᠰᠦᠯᠵᠢᠶᠡᠨ ᠳᠡᠭᠡᠷᠡᠬᠢ ᠦᠢᠯᠡᠴᠢᠯᠡᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠵᠠᠩᠭᠢ ᠪᠣᠯᠤᠨ ᠮᠡᠳᠡᠭᠡ ᠵᠠᠩᠭᠢ ᠪᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ᠂ ᠵᠢᠴᠢ ᠤᠯᠤᠰ ᠤᠨ ᠭᠠᠵᠠᠷ ᠰᠢᠷᠤᠢ᠂ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠬᠢ᠂ ᠤᠰᠤᠨ ᠠᠰᠢᠭᠯᠠᠯᠲᠠ᠂ ᠣᠶ ᠰᠢᠭᠤᠶ ᠵᠡᠷᠭᠡ ᠠᠮᠢ ᠠᠬᠤᠢ ᠶᠢᠨ ᠬᠦᠷᠢᠶ᠎ᠡ ᠬᠡᠪᠴᠢᠶ᠎ᠡ ᠶᠢᠨ ᠤᠶᠤᠨᠴᠢᠯᠠᠯᠲᠠ ᠶᠢ ᠳᠤᠪᠤᠶᠢᠯᠭᠠᠪᠠ︔ ︽1︾ ᠭᠡᠰᠡᠨ ᠨᠢ ᠳᠠᠷᠤᠢ ᠢᠨᠲ᠋ᠧᠷ ᠰᠦᠯᠵᠢᠶ᠎ᠡ ᠪᠣᠯᠤᠨ ᠡᠭᠦᠯᠡᠨ ᠪᠣᠳᠤᠯᠲᠠ᠂ ᠶᠡᠭᠡ ᠲᠤᠭ᠎ᠠ ᠪᠠᠷᠢᠮᠳᠠ᠂ ᠪᠤᠳᠠᠰᠯᠢᠭ ᠬᠤᠯᠪᠤᠭᠠᠲᠤ ᠰᠦᠯᠵᠢᠶ᠎ᠡ᠂ ᠰᠢᠯᠵᠢᠮᠡᠯ ᠴᠢᠮᠡᠭᠡ ᠬᠤᠯᠪᠤᠭ᠎ᠠ ᠵᠡᠷᠭᠡ ᠰᠢᠨ᠎ᠡ ᠨᠢᠭᠡᠨ ᠦᠶ᠎ᠡ ᠶᠢᠨ ᠮᠡᠳᠡᠭᠡ ᠵᠠᠩᠬᠢ ᠶᠢᠨ ᠮᠡᠷᠭᠡᠵᠢᠯ ᠤᠨ ᠠᠵᠤ ᠦᠢᠯᠡᠰ ᠦᠢᠯᠡᠰ ᠤᠨ ᠨᠡᠶᠢᠯᠡᠯᠳᠦᠨ ᠬᠦᠭᠵᠢᠬᠦ ᠶᠢ ᠢᠳᠡᠪᠬᠢᠲᠡᠢ ᠲᠦᠯᠬᠢᠨ ᠠᠬᠢᠭᠤᠯᠵᠤ᠂ ᠢᠨᠲ᠋ᠧᠷ ᠰᠦᠯᠵᠢᠶᠡᠨ ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ᠎ᠠ᠃      ᠪᠢ ᠲᠡᠭᠦᠨ ᠤ ᠳᠣᠲᠤᠷᠠᠬᠢ ︽ᠢᠨᠲ᠋ᠧᠷ ᠰᠦᠯᠵᠢᠶ᠎ᠡ +︾ ᠠᠵᠤ ᠦᠢᠯᠡᠳᠪᠦᠷᠢ᠂ ᠵᠠᠰᠠᠭ ᠤᠨ ᠶᠠᠪᠤᠳᠠᠯ ᠡᠨᠡ ᠬᠤᠶᠠᠷ ᠬᠥᠷᠢᠶ᠎ᠡ ᠬᠡᠪᠴᠢᠶ᠎ᠡ ᠶᠢ ᠭᠤᠣᠯᠳᠠᠯᠭ᠎ᠠ  ᠲᠠᠢ ᠶᠠᠷᠢᠶ᠎ᠠ᠃      ︽ᠢᠨᠲ᠋ᠧᠷ ᠰᠦᠯᠵᠢᠶ᠎ᠡ +︾ ᠠᠵᠤ ᠦᠢᠯᠡᠳᠪᠦᠷᠢ ᠶᠢᠨ ᠲᠠᠯ᠎ᠠ ᠪᠠᠷ᠂ ᠨᠡᠭᠦᠷᠡᠰᠦ᠂ ᠴᠠᠬᠢᠯᠭᠠᠨ ᠬᠦᠴᠦᠨ᠂ ᠲᠡᠮᠦᠷᠯᠢᠭ ᠬᠠᠶᠢᠯᠠᠭᠤᠯᠬᠤ᠂ ᠬᠢᠮᠢ ᠶᠢᠨ ᠠᠵᠤ ᠦᠢᠯᠡᠳᠪᠦᠷᠢ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ᠂ ᠲᠣᠨᠤᠭ ᠲᠥᠬᠦᠭᠡᠷᠦᠮᠵᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠪᠣᠯᠤᠨ ᠭᠤᠣᠯᠳᠠᠯᠭ᠎ᠠ ᠲᠠᠢ ᠠᠵᠤ ᠠᠬᠤᠶᠢᠯᠠᠯ ᠳᠤ ᠲᠣᠳᠤᠷᠬᠠᠢ ᠬᠠᠨᠳᠤᠭᠤᠯᠤᠨ᠂ ︽ᠢᠨᠲ᠋ᠧᠷ ᠰᠦᠯᠵᠢᠶ᠎ᠡ +︾ ᠶᠢ ᠲᠦᠯᠬᠢᠨ ᠠᠬᠢᠭᠤᠯᠬᠤ ᠡᠷᠴᠢᠮ ᠢ ᠴᠢᠩᠭᠠᠷᠠᠭᠤᠯᠵᠤ᠂ ᠤᠶᠤᠨᠴᠢ ᠦᠢᠯᠡᠳᠬᠦ ᠪᠠ ᠮᠡᠳᠡᠭᠡ ᠵᠠᠩᠬᠢᠵᠢᠯᠲᠠ ᠠᠵᠤ ᠦᠢᠯᠡᠳᠪᠦᠷᠢᠵᠢᠯᠲᠡ ᠭᠦᠨᠵᠡᠭᠡᠢ ᠠᠭᠤᠰᠤᠯᠴᠠᠨ ᠨᠡᠶᠢᠯᠡᠭᠰᠡᠨ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠷᠢᠮᠵᠢᠶ᠎ᠠ ᠶᠢ ᠲᠤᠤᠱᠠᠯᠠᠭᠤᠯᠬᠤ ᠪᠠᠷᠢᠮᠵᠢᠶ᠎ᠠ ᠪᠠᠷ ᠬᠠᠷᠢᠴᠠᠭᠤᠯᠬᠤ ᠠᠵᠢᠯ ᠢ ᠦᠷᠨᠢᠭᠦᠯᠬᠦ ᠪᠣᠯᠤᠨ᠎ᠠ᠃ ᠢᠨᠲ᠋ᠧᠷ ᠰᠦᠯᠵᠢᠶ᠎ᠡ ᠳᠤ ᠰᠠᠭᠤᠷᠢᠯᠠᠭᠰᠠᠨ ᠦᠪᠡᠷᠮᠢᠴᠡ ᠴᠢᠨᠠᠷᠲᠠᠢ ᠦᠢᠯᠡᠳᠬᠦ᠂ ᠦᠷᠭᠡᠨ ᠲᠦᠮᠡᠨ ᠤ ᠳᠠᠭᠠᠭᠠᠴᠢᠯᠠᠯᠲᠠ ᠶᠢᠨ ᠵᠢᠷᠤᠭ ᠲᠥᠯᠥᠪᠯᠡᠭᠡ᠂ ᠡᠭᠦᠯᠡᠨ ᠦᠢᠯᠡᠳᠬᠦ ᠵᠡᠷᠭᠡ ᠰᠢᠨ᠎ᠡ ᠮᠠᠶ᠋ᠢᠭ ᠤᠨ ᠦᠢᠯᠡᠳᠬᠦ ᠵᠠᠭᠪᠤᠷ ᠢ ᠬᠦᠭᠵᠢᠭᠦᠯᠵᠦ᠂ ᠬᠡᠷᠡᠭᠯᠡᠭᠡᠨ ᠤ ᠬᠡᠷᠡᠭᠴᠡᠭᠡ ᠶᠢᠨ ᠬᠦᠳᠡᠯᠦᠩᠭᠦᠢ ᠮᠡᠳᠡᠷᠡᠴᠡ ᠳᠤ ᠰᠠᠭᠤᠷᠢᠯᠠᠭᠰᠠᠨ ᠰᠣᠳᠤᠯᠤᠨ ᠨᠡᠬᠡᠬᠡᠭᠦ᠂ ᠦᠢᠯᠡᠳᠬᠦ ᠪᠣᠯᠤᠨ ᠠᠵᠤ ᠦᠢᠯᠡᠰ  ᠤᠨ ᠵᠤᠬᠢᠶᠠᠨ ᠪᠠᠶᠢᠭᠤᠯᠤᠯᠲᠠ ᠶᠢᠨ ᠠᠷᠭ᠎ᠠ ᠮᠠᠶ᠋ᠢᠭ ᠤᠨ ᠪᠣᠢ ᠪᠤᠯᠠᠬᠤ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠦᠢᠯᠡᠴᠢᠯᠡᠭᠡᠨ ᠤ ᠲᠠᠪᠴᠠᠩ ᠬᠢᠭᠡᠳ ᠶᠡᠭᠡ ᠲᠤᠭ᠎ᠠ ᠪᠠᠷᠢᠮᠳᠠ ᠶᠢᠨ ᠰᠢᠨ᠎ᠡ ᠢ ᠡᠭᠦᠳᠬᠦ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠪᠠ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ ᠲᠦᠷᠭᠡᠳᠬᠡᠨ᠂ ᠵᠦᠭᠡᠯᠡᠨ ᠬᠡᠷᠡᠭᠰᠡᠯ ᠬᠢᠭᠡᠳ ᠦᠢᠯᠡᠴᠢᠯᠡᠭᠡᠨ᠂ ᠲᠦᠯᠦᠪᠯᠡᠯᠭᠡ ᠬᠢᠭᠡᠳ ᠦᠢᠯᠡᠳᠬᠦ ᠡᠬᠢ ᠪᠠᠶᠠᠯᠢᠭ᠂ ᠵᠠᠩᠭᠢᠯᠠᠭ᠎ᠠ ᠶᠢᠨ ᠮᠡᠷᠭᠡᠵᠢᠯ ᠬᠢᠭᠡᠳ ᠪᠠᠷᠢᠮᠵᠢᠶ᠎ᠠ ᠶᠢ ᠴᠢᠯᠦᠭᠡᠲᠡᠢ ᠲᠠᠯᠪᠢᠨ ᠬᠠᠮᠲᠤᠪᠠᠷ ᠡᠳ᠋ᠯᠡᠬᠦ ᠶᠢ ᠲᠦᠯᠬᠢᠨ ᠠᠬᠢᠭᠤᠯᠵᠤ᠂ ᠰᠦᠯᠵᠢᠶᠡᠨ ᠳᠡᠭᠡᠷ᠎ᠡ ᠰᠣᠳᠤᠯᠤᠨ ᠨᠡᠬᠡᠬᠡᠬᠦ ᠵᠢᠷᠤᠭ ᠲᠦᠯᠦᠪᠯᠡᠯᠭᠡ ᠬᠢᠬᠦ᠂ ᠬᠠᠮᠲᠤᠷᠠᠨ ᠬᠠᠩᠭᠠᠬᠤ ᠬᠡᠯᠬᠢᠶ᠎ᠡ ᠶᠢᠨ ᠬᠠᠮᠢᠶᠠᠷᠤᠯᠲᠠ᠂ ᠬᠠᠮᠲᠤᠷᠠᠨ ᠦᠢᠯᠡᠳᠬᠦ ᠰᠢᠨ᠎ᠡ ᠡᠵᠡᠩᠨᠡᠯᠲᠡ ᠶᠢᠨ ᠪᠠᠶᠢᠳᠠᠯ ᠲᠦᠯᠦᠪ ᠢ ᠪᠣᠢ ᠪᠣᠯᠭᠠᠨ᠎ᠠ᠃ 2020 ᠣᠨ ᠪᠣᠯᠬᠤ ᠳᠤ᠂ ᠤᠶᠤᠨᠲᠤ ᠠᠵᠤ ᠦᠢᠯᠡᠳᠪᠦᠷᠢ 50 ᠶᠢ ᠪᠠᠶᠢᠭᠤᠯᠵᠤ ᠳᠠᠭᠤᠰᠬᠠᠨ᠂ ᠤᠶᠤᠨ ᠪᠢᠯᠢᠭ ᠪᠦᠬᠦᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ10 ᠶᠢ ᠪᠠᠶᠢᠭᠤᠯᠤᠨ᠎ᠠ᠃      ᠵᠠᠩ ᠪᠠᠢ ᠴᠧᠩ᠄      ︽ᠢᠨᠲ᠋ᠧᠷ ᠰᠦᠯᠵᠢᠶ᠎ᠡ +︾ ᠵᠠᠰᠠᠭ ᠤᠨ ᠶᠠᠪᠤᠳᠠᠯ ᠤᠨ ᠲᠠᠯ᠎ᠠ ᠪᠠᠷ᠂ ᠡᠭᠦᠯᠡᠨ ᠪᠣᠳᠤᠯᠲᠠ ᠪᠠ ᠢᠨᠲ᠋ᠧᠷ ᠰᠦᠯᠵᠢᠶ᠎ᠡ ᠳᠤ ᠰᠠᠭᠤᠷᠢᠯᠠᠭᠰᠠᠨ ᠡᠯᠧᠺᠲᠷᠣᠨ ᠵᠠᠰᠠᠭ ᠤᠨ ᠶᠠᠪᠤᠳᠠᠯ ᠤᠨ ᠤᠯᠠᠨ ᠨᠡᠶᠢᠲᠡ ᠶᠢᠨ ᠲᠠᠪᠴᠠᠩ ᠤᠨ ᠪᠠᠶᠢᠭᠤᠯᠤᠯᠲᠠ ᠬᠢᠭᠡᠳ ᠬᠡᠷᠡᠭᠯᠡᠯᠲᠡ ᠶᠢ ᠢᠳᠡᠪᠬᠢᠲᠡᠢ ᠦᠷᠨᠢᠭᠦᠯᠵᠦ᠂ ᠵᠠᠰᠠᠭ ᠤᠨ ᠤᠷᠳᠤᠨ ᠡᠭᠦᠯᠡᠨ ᠦᠢᠯᠡᠴᠢᠯᠡᠭᠡᠨ ᠬᠤᠳᠠᠯᠳᠤᠨ ᠠᠪᠬᠤ ᠵᠠᠭᠪᠤᠷ ᠢ ᠳᠡᠯᠭᠡᠷᠡᠭᠦᠯᠦᠨ᠎ᠡ᠃ ᠮᠠᠨ ᠤ ᠤᠷᠤᠨ ᠳᠤ ᠶᠠᠭ ᠪᠣᠢ ᠪᠤᠯᠵᠤ ᠪᠠᠶᠢᠭ᠎ᠠ ᠡᠭᠦᠯᠡᠨ ᠪᠤᠳᠤᠯᠲᠠ ᠶᠢᠨ ᠲᠤᠭ᠎ᠠ ᠪᠠᠷᠢᠮᠳᠠ ᠶᠢᠨ ᠲᠥᠪ ᠤᠨ ᠡᠬᠢ ᠪᠠᠶᠠᠯᠢᠭ ᠢ ᠭᠦᠢᠴᠡᠳ ᠠᠰᠢᠭᠯᠠᠨ᠂ ᠦᠪᠡᠷᠲᠡᠭᠡᠨ ᠵᠠᠰᠠᠬᠤ ᠤᠷᠤᠨ ᠤ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠳᠤ ᠰᠠᠭᠤᠷᠢᠯᠠᠨ᠂ ᠡᠯᠧᠺᠲᠷᠣᠨ ᠵᠠᠰᠠᠭ ᠤᠨ ᠶᠠᠪᠤᠳᠠᠯ ᠤᠨ ᠡᠭᠦᠯᠡᠨ ᠲᠥᠪ ᠢ ᠪᠠᠶᠢᠭᠤᠯᠤᠨ ᠲᠡᠭᠦᠯᠳᠡᠷᠵᠢᠭᠦᠯᠵᠦ᠂ ᠦᠪᠡᠷᠲᠡᠭᠡᠨ ᠵᠠᠰᠠᠬᠤ ᠤᠷᠤᠨ ᠤ ᠡᠯ᠎ᠡ ᠰᠠᠯᠠᠭ᠎ᠠ ᠮᠦᠴᠢᠷ ᠤᠨ ᠮᠡᠳᠡᠭᠡ ᠵᠠᠩᠬᠢ ᠶᠢᠨ ᠰᠢᠰᠲ᠋ᠧᠮ ᠢ ᠠᠯᠬᠤᠮ ᠠᠯᠬᠤᠮ ᠢᠶᠠᠷ ᠨᠡᠭᠦᠯᠭᠡᠵᠦ᠂ ᠬᠡᠷᠡᠭᠯᠡᠯᠲᠡ ᠶᠢ ᠨᠢ ᠠᠯᠬᠤᠮ ᠠᠯᠬᠤᠮ ᠢᠶᠠᠷ ᠦᠷᠭᠡᠳᠭᠡᠨ᠎ᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ᠂ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠤᠯᠭᠠᠬᠤ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠦᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤ ᠬᠠᠮᠲᠤᠷᠠᠨ ᠬᠥᠳᠡᠯᠦᠯᠴᠡᠬᠦ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠲᠢᠩᠬᠢᠮ ᠢ ᠲᠦᠷᠭᠡᠳᠬᠡᠨ ᠪᠠᠶᠢᠭᠤᠯᠵᠤ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠪᠣᠳᠠᠲᠤ ᠴᠣᠭᠴᠠ ᠲᠢᠩᠬᠢᠮ ᠯᠦᠭᠡ ᠨᠡᠶᠢᠯᠡᠭᠦᠯᠬᠦ ᠶᠢ ᠪᠡᠶᠡᠯᠡᠭᠦᠯᠦᠨ᠎ᠡ᠃      ᠬᠦᠲᠦᠯᠦᠭᠴᠢ᠄      ᠮᠠᠨ ᠤ ᠤᠷᠤᠨ ᠤ ︽ᠢᠨᠲ᠋ᠧᠷ ᠰᠦᠯᠵᠢᠶ᠎ᠡ +︾ ᠠᠵᠢᠯ ᠢ ᠲᠦᠷᠭᠡᠳᠬᠡᠨ ᠠᠬᠢᠭᠤᠯᠬᠤ ᠲᠤᠬᠠᠢ ᠵᠢᠯᠤᠭᠤᠳᠬᠤ ᠰᠠᠨᠠᠯ ᠨᠢ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ︽ᠰᠠᠨᠠᠯ︾ ᠢᠶᠠᠷ ᠪᠣᠳᠠᠲᠤ ᠭᠠᠵᠠᠷ ᠲᠤᠨᠢ ᠨᠠᠶᠢᠳᠠᠪᠦᠷᠢᠵᠢᠭᠤᠯᠤᠭᠰᠠᠨ ᠪᠤᠶ︖      ᠵᠠᠩ ᠪᠠᠢ ᠴᠧᠩ᠄      ᠲᠥᠷᠦ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠡ ᠠᠴᠠ ᠠᠪᠴᠤ ᠦᠵᠡᠪᠡᠯ᠂ ᠭᠤᠣᠯᠳᠠᠭᠤ ᠠᠵᠤ ᠦᠢᠯᠡᠰ ᠤᠨ ᠴᠤᠭᠯᠠᠷᠠᠯ ᠢ ᠠᠬᠢᠭᠤᠯᠬᠤ᠂ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠬᠤ᠂ ᠰᠢᠨ᠎ᠡ ᠶᠢ ᠡᠭᠦᠳᠴᠦ ᠠᠳᠠᠯ ᠦᠢᠯᠡᠰ ᠴᠤᠭᠴᠠᠯᠠᠬᠤ ᠶᠢ ᠵᠣᠷᠢᠭᠵᠢᠭᠤᠯᠬᠤ᠂ ᠵᠠᠬ᠎ᠠ ᠳᠡᠯᠭᠡᠭᠦᠷ ᠢᠶᠠᠷ ᠳᠠᠶᠢᠴᠢᠯᠠᠬᠤ ᠶᠢ ᠴᠢᠩᠭᠠᠷᠠᠭᠤᠯᠬᠤ᠂ ᠴᠢᠳᠠᠪᠦᠷᠢᠲᠡᠨ ᠢᠶᠠᠷ ᠲᠤᠯᠭᠠᠭᠤᠷᠢᠯᠠᠭᠤᠯᠬᠤ ᠶᠢ ᠴᠢᠩᠭᠠᠳᠬᠠᠬᠤ᠂ ᠪᠡᠯᠡ ᠮᠦᠩᠭᠦ ᠶᠢᠨ ᠳᠡᠮᠵᠢᠯᠭᠡ ᠶᠢ ᠨᠡᠮᠡᠭᠳᠡᠭᠦᠯᠬᠦ ᠲᠣᠭᠤᠷᠢᠨ ᠳᠤ ᠡᠳᠡᠭᠡᠷ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠪᠠᠶᠢᠨ᠎ᠠ᠃      ᠨᠢᠭᠡ ᠳᠤ ᠠᠵᠤ ᠦᠢᠯᠡᠰ ᠤᠨ ᠴᠤᠭᠯᠠᠷᠠᠯ ᠢ ᠠᠬᠢᠭᠤᠯᠬᠤ ᠲᠠᠯ᠎ᠠ ᠪᠠᠷ᠂ ᠢᠨᠲ᠋ᠧᠷ ᠰᠦᠯᠵᠢᠶᠡᠨ ᠠᠵᠤ ᠠᠬᠤᠶ ᠲᠥᠪᠯᠡᠷᠡᠭᠰᠡᠨ ᠣᠷᠣᠨ ᠢ ᠲᠦᠯᠦᠪᠵᠢᠭᠦᠯᠦᠨ ᠪᠦᠲᠦᠭᠡᠨ ᠪᠠᠶᠢᠭᠤᠯᠵᠤ᠂ ᠨᠦᠭᠦᠴᠡᠯ ᠳᠤ ᠨᠡᠶᠢᠴᠡᠬᠦ ᠢᠨᠲ᠋ᠧᠷ ᠰᠦᠯᠵᠢᠶᠡᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠬᠢᠭᠡᠳ ᠭᠤᠣᠯᠳᠠᠯᠭ᠎ᠠ ᠲᠠᠢ ᠲᠦᠷᠦᠯ ᠵᠦᠢᠯ  ᠳᠤ ᠭᠠᠵᠠᠷ ᠰᠢᠷᠤᠢ᠂ ᠴᠠᠬᠢᠯᠭᠠᠨ ᠤ ᠦᠨ᠎ᠡ᠂ ᠤᠯᠠᠨ ᠨᠡᠶᠢᠲᠡ ᠶᠢᠨ ᠡᠬᠢ ᠪᠠᠶᠠᠯᠢᠭ ᠵᠡᠷᠭᠡ ᠲᠠᠯ᠎ᠠ ᠪᠠᠷ ᠲᠥᠷᠦ ᠶᠢᠨ ᠪᠣᠳᠤᠯᠭ᠎ᠠ ᠶᠢᠨ ᠳᠡᠮᠵᠢᠯᠭᠡ ᠦᠵᠡᠭᠦᠯᠦᠨ᠎ᠡ᠃      ᠬᠤᠶᠠᠷ ᠲᠤ ᠪᠣᠯ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠬᠤ ᠲᠠᠯ᠎ᠠ ᠪᠠᠷ᠂ ᠠᠷᠠᠯᠵᠢᠶᠠᠴᠢᠨ ᠢ ᠤᠷᠢᠬᠤ ᠵᠠᠭᠪᠤᠷ ᠤᠨ ᠰᠢᠨ᠎ᠡ ᠶᠢ ᠡᠭᠦᠳᠴᠦ᠂ ᠮᠡᠳᠡᠭᠡ ᠵᠠᠩᠬᠢ ᠶᠢᠨ ᠮᠡᠷᠭᠡᠵᠢᠯ ᠤᠨ ᠠᠵᠢᠯ ᠲᠥᠷᠦᠯ ᠤᠨ ᠨᠢᠭᠡ ᠪᠦᠯᠦᠭ ᠳᠠᠭᠠᠭᠤᠯᠤᠭᠴᠢ ᠶᠢ ᠣᠷᠤᠭᠤᠯᠵᠤ ᠢᠷᠡᠬᠦ ᠶᠢᠨ ᠬᠠᠮᠲᠤ ᠪᠣᠢ ᠪᠤᠯᠭᠠᠵᠤ᠂ ᠠᠩᠬ᠎ᠠ ᠤᠳᠠᠭ᠎ᠠ ᠪᠦᠬᠦ ᠤᠯᠤᠰ ᠤᠨ ᠢᠨᠲ᠋ᠧᠷ ᠰᠦᠯᠵᠢᠶ᠎ᠡ ᠶᠢᠨ ᠵᠠᠭᠤᠨ ᠬᠦᠴᠦᠷᠬᠡᠭ ᠠᠵᠤ ᠠᠬᠤᠶᠢᠯᠠᠯ ᠪᠤᠶᠤ ᠪᠦᠬᠦ ᠤᠯᠤᠰ ᠤᠨ ᠵᠦᠭᠡᠯᠡᠨ ᠬᠡᠷᠡᠭᠰᠡᠯ ᠤᠨ ᠵᠠᠭᠤᠨ ᠬᠦᠴᠦᠷᠬᠡᠭ ᠤᠨ ᠠᠵᠤ ᠠᠬᠤᠶᠢᠯᠠᠯ ᠶᠢᠨ ᠬᠡᠪᠴᠢᠶᠡᠨ ᠳᠤ ᠣᠷᠤᠪᠠᠯ ᠱᠠᠩᠨᠠᠯ ᠣᠯᠭᠤᠨ᠎ᠠ᠃      ᠭᠤᠷᠪᠠ ᠳᠤ ᠪᠣᠯ ᠰᠢᠨ᠎ᠡ ᠶᠢ ᠡᠭᠦᠳᠴᠦ ᠠᠳᠠᠯ ᠦᠢᠯᠡᠰ ᠴᠤᠭᠴᠠᠯᠠᠬᠤ ᠲᠠᠯ᠎ᠠ ᠪᠠᠷ᠂ ᠵᠠᠬ᠎ᠠ ᠳᠡᠯᠭᠡᠭᠦᠷ ᠲᠤ ᠵᠦᠪᠰᠢᠶᠡᠷᠡᠨ ᠣᠷᠤᠭᠤᠯᠬᠤ ᠨᠦᠭᠦᠴᠡᠯ ᠢ ᠠᠭᠤᠵᠢᠭᠤ ᠲᠠᠯᠪᠢᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠭᠠᠷᠳᠠᠮ ᠢ ᠳᠦᠭᠦᠮᠴᠢᠯᠡᠨ᠂ ᠤᠶᠤᠲᠠᠳ ᠤᠨ ᠰᠢᠨ᠎ᠡ ᠶᠢ ᠡᠭᠦᠳᠴᠦ ᠠᠳᠠᠯ ᠦᠢᠯᠡᠰ ᠴᠤᠭᠴᠠᠯᠠᠬᠤ ᠶᠢ ᠲᠦᠯᠬᠢᠨ ᠠᠬᠢᠭᠤᠯᠵᠤ᠂ ᠢᠨᠲ᠋ᠧᠷ ᠰᠦᠯᠵᠢᠶᠡᠨ ᠰᠢᠨ᠎ᠡ ᠶᠢ ᠡᠭᠦᠳᠴᠦ ᠠᠳᠠᠯ ᠦᠢᠯᠡᠰ ᠴᠤᠭᠴᠠᠯᠠᠬᠤ ᠤᠷᠤᠯᠳᠤᠭᠠᠨ ᠡᠷᠬᠢᠯᠡᠵᠦ᠂ ᠢᠨᠲ᠋ᠧᠷ ᠰᠦᠯᠵᠢᠶᠡᠨ ᠤ ᠦᠢ ᠣᠯᠠᠨ ᠢᠶᠠᠷ ᠢᠶᠠᠨ ᠠᠳᠠᠯ ᠦᠢᠯᠡᠰ ᠴᠤᠭᠴᠠᠯᠠᠬᠤ ᠬᠦᠷᠢᠶᠡᠯᠡᠩ ᠡᠭᠦᠳᠦᠨ ᠪᠠᠶᠢᠭᠤᠯᠬᠤ ᠶᠢ ᠵᠣᠷᠢᠭᠵᠢᠭᠤᠯᠤᠨ᠂ ᠠᠳᠠᠯ ᠦᠢᠯᠡᠰ ᠴᠤᠭᠴᠠᠯᠠᠬᠤ ᠦᠢᠯᠡᠴᠢᠯᠡᠭᠡᠨ ᠤ ᠲᠠᠪᠴᠠᠩ ᠢ ᠳᠡᠮᠵᠢᠨ ᠬᠦᠭᠵᠢᠭᠦᠯᠦᠨ᠎ᠡ᠃      ᠵᠠᠩ ᠪᠠᠢ ᠴᠧᠩ᠄      ᠳᠥᠷᠪᠡ ᠳᠤ ᠵᠠᠬ᠎ᠠ ᠳᠡᠯᠭᠡᠭᠦᠷ ᠢᠶᠠᠷ ᠳᠠᠶᠢᠴᠢᠯᠠᠬᠤ ᠶᠢ ᠴᠢᠩᠭᠠᠷᠠᠭᠤᠯᠬᠤ ᠲᠠᠯ᠎ᠠ ᠪᠠᠷ᠂ ᠡᠭᠦᠯᠡᠨ ᠪᠣᠳᠤᠯᠲᠠ ᠪᠠ ᠢᠨᠲ᠋ᠧᠷ ᠰᠦᠯᠵᠢᠶ᠎ᠡ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠳᠤ ᠰᠠᠭᠤᠷᠢᠯᠠᠭᠰᠠᠨ ᠮᠡᠳᠡᠭᠡ ᠵᠠᠩᠬᠢ ᠶᠢᠨ ᠦᠢᠯᠡᠴᠢᠯᠡᠭᠡ ᠶᠢ ᠭᠠᠳᠠᠭᠰᠢ ᠳᠦᠷᠢᠶᠡᠰᠦᠯᠡᠭᠦᠯᠬᠦ ᠶᠢ ᠶᠠᠪᠤᠭᠤᠯᠵᠤ᠂ ᠭᠤᠣᠯᠳᠠᠯᠭ᠎ᠠ ᠲᠠᠢ ᠳᠡᠳᠭᠦᠵᠦ ᠪᠠᠶᠢᠭ᠎ᠠ ᠢᠨᠲ᠋ᠧᠷ ᠰᠦᠯᠵᠢᠶ᠎ᠡ ᠶᠢᠨ ᠠᠵᠤ ᠠᠬᠤᠶᠢᠯᠠᠯ ᠤᠨ ᠦᠪᠡᠷᠲᠡᠭᠡᠨ ᠵᠠᠰᠠᠬᠤ ᠤᠷᠤᠨ ᠤ ᠳᠣᠲᠤᠷᠠᠬᠢ ᠡᠭᠦᠯᠡᠨ ᠪᠣᠳᠤᠯᠲᠠ ᠶᠢᠨ ᠲᠤᠭ᠎ᠠ ᠪᠠᠷᠢᠮᠳᠠ ᠶᠢᠨ ᠲᠥᠪ ᠤᠨ ᠦᠢᠯᠡᠴᠢᠯᠡᠭᠡ ᠶᠢ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃      ᠲᠠᠪᠤ ᠳᠤ ᠴᠢᠳᠠᠪᠦᠷᠢᠲᠡᠨ ᠢᠶᠠᠷ ᠲᠤᠯᠭᠠᠭᠤᠷᠢᠯᠠᠭᠤᠯᠬᠤ ᠴᠢᠩᠭᠠᠳᠬᠠᠬᠤ ᠲᠠᠯ᠎ᠠ ᠪᠠᠷ᠂ ᠢᠨᠲ᠋ᠧᠷ ᠰᠦᠯᠵᠢᠶ᠎ᠡ ᠶᠢᠨ ᠬᠤᠪᠤᠷ ᠴᠤᠬᠠᠭ ᠪᠠᠶᠢᠭ᠎ᠠ ᠴᠢᠳᠠᠪᠦᠷᠢᠲᠠᠨ ᠢ ᠤᠷᠤᠭᠤᠯᠵᠤ ᠢᠷᠡᠬᠦ ᠪᠠ ᠬᠦᠮᠦᠵᠢᠭᠦᠯᠬᠦ ᠶᠢ ᠴᠢᠩᠭᠠᠳᠬᠠᠨ᠂ ᠮᠠᠨ ᠤ ᠤᠷᠤᠨ ᠳᠤ ᠲᠦᠷᠦᠯ ᠵᠦᠢᠯ ᠠᠪᠴᠢᠷᠠᠨ ᠠᠳᠠᠯ ᠦᠢᠯᠡᠰ ᠴᠣᠭᠴᠠᠯᠠᠭᠰᠠᠨ᠂ ᠳᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠴᠢᠳᠠᠪᠦᠷᠢᠲᠠᠨ ᠬᠢᠭᠡᠳ ᠲᠡᠭᠦᠨ ᠤ ᠪᠦᠯᠬᠦᠮ ᠨᠡᠶᠢᠲᠡ᠂ ᠪᠣᠯᠪᠠᠰᠤᠷᠠᠯ ᠤᠨ ᠰᠠᠭᠤᠷᠢᠨ ᠭᠠᠵᠠᠷ ᠪᠦᠲᠦᠭᠡᠨ ᠪᠠᠶᠢᠭᠤᠯᠤᠭᠰᠠᠨ ᠠᠵᠤ ᠠᠬᠤᠶᠢᠯᠠᠯ  ᠳᠤ ᠪᠡᠯᠡ ᠮᠦᠩᠭᠦ ᠵᠡᠷᠭᠡ ᠶᠢᠨ ᠳᠡᠮᠵᠢᠯᠭᠡ ᠦᠵᠡᠭᠦᠯᠦᠨ᠎ᠡ᠃      ᠵᠢᠷᠭᠤᠭ᠎ᠠ ᠳᠤ ᠪᠡᠯᠡ ᠮᠥᠩᠭᠦ ᠶᠢᠨ ᠳᠡᠮᠵᠢᠯᠭᠡ ᠶᠢ ᠨᠡᠮᠡᠭᠳᠡᠭᠦᠯᠬᠦ ᠲᠠᠯ᠎ᠠ ᠪᠠᠷ᠂ ᠪᠡᠯᠡ ᠤᠷᠤᠭᠤᠯᠵᠤ ᠪᠡᠯᠡ ᠲᠣᠬᠢᠷᠠᠭᠤᠯᠬᠤ ᠣᠯᠠᠨ ᠵᠦᠢᠯ ᠤᠨ ᠠᠷᠭ᠎ᠠ ᠮᠠᠶ᠋ᠢᠭ ᠢ ᠬᠡᠷᠡᠭᠯᠡᠨ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠪᠠᠶᠢᠭᠤᠯᠵᠤ᠂ ᠢᠨᠲ᠋ᠧᠷ ᠰᠦᠯᠵᠢᠶᠡᠨ ᠠᠵᠤ ᠠᠬᠤᠢ ᠶᠢ ᠳᠡᠮᠵᠢᠨ᠎ᠡ᠃ ᠰᠢᠨ᠎ᠡ ᠪᠠᠷ ᠦᠨᠡᠮᠰᠢᠭᠰᠡᠨ ᠢᠨᠲ᠋ᠧᠷ ᠰᠦᠯᠵᠢᠶ᠎ᠡ ᠶᠢᠨ ᠰᠢᠨ᠎ᠡ ᠶᠢ ᠡᠭᠦᠳᠬᠦ ᠲᠠᠪᠴᠠᠩ᠂ ᠵᠢᠴᠢ ᠰᠢᠨ᠎ᠡ ᠭᠤᠷᠪᠠᠳᠤᠭᠠᠷ ᠰᠠᠮᠪᠠᠷ ᠲᠤ ᠠᠮᠵᠢᠯᠲᠠ ᠲᠠᠢ ᠫᠠᠶᠢᠰᠠ ᠡᠯᠭᠦᠭᠰᠡᠨ ᠢᠨᠲ᠋ᠧᠷ ᠰᠦᠯᠵᠢᠶ᠎ᠡ ᠶᠢᠨ ᠬᠠᠮᠢᠶ᠎ᠠ ᠪᠦᠬᠦᠢ ᠠᠵᠤ ᠠᠬᠤᠶᠢᠯᠠᠯ ᠳᠤ ᠳᠡᠮᠵᠢᠯᠭᠡ ᠦᠵᠡᠭᠦᠯᠦᠨ᠎ᠡ᠃      ᠬᠦᠲᠦᠯᠦᠭᠴᠢ᠄      ᠰᠠᠶ᠋ᠢ ᠪᠢᠳᠡ ᠡᠳᠡᠭᠡᠷ ᠠᠷᠭ᠎ᠠ ᠬᠡᠮᠵᠢᠶ᠎ᠡ ᠶᠢᠨ ᠪᠠᠲᠤᠯᠠᠭ᠎ᠠ ᠶᠢ ︽ᠰᠠᠨᠠᠯ︾ ᠳᠤ ᠪᠣᠳᠠᠲᠤ ᠭᠠᠵᠠᠷ ᠲᠤᠨᠢ ᠨᠠᠶᠢᠳᠠᠪᠦᠷᠢᠵᠢᠭᠤᠯᠤᠭᠰᠠᠨ ᠢ ᠶᠠᠷᠢᠯ᠎ᠠ᠂ ᠲᠡᠭᠡᠪᠡᠯ᠂ ︽ᠢᠨᠲ᠋ᠧᠷ ᠰᠦᠯᠵᠢᠶ᠎ᠡ +︾ ᠬᠡᠷᠬᠢᠨ ᠨᠢᠭᠡᠨ ᠰᠠᠶᠢᠨ ᠰᠠᠶᠢᠬᠠᠨ ᠬᠦᠭᠵᠢᠯᠲᠡ ᠶᠢᠨ ᠣᠷᠴᠢᠨ ᠠᠬᠤᠢ ᠬᠠᠩᠭᠠᠬᠤ ᠪᠣᠢ︖ ᠶᠠᠮᠠᠷ ᠶᠠᠮᠠᠷ ᠠᠷᠭ᠎ᠠ ᠠᠪᠴᠠᠯ ᠪᠠᠶᠢᠬᠤ ᠪᠣᠢ︖      ᠵᠠᠩ ᠪᠠᠢ ᠴᠧᠩ᠄      ᠪᠦᠬᠦᠶᠢᠯᠡ ᠢᠨᠲ᠋ᠧᠷ ᠰᠦᠯᠵᠢᠶ᠎ᠡ ᠶᠢᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠴᠤ ᠮᠠᠰᠢ ᠴᠢᠬᠤᠯᠠ ᠶᠤᠮ᠂ ᠵᠢᠱᠢᠶᠡᠯᠡᠪᠡᠯ ᠪᠦᠰᠡ ᠶᠢᠨ ᠬᠤᠷᠳᠤᠴᠠ᠂ ᠵᠠᠷᠤᠳᠠᠯ ᠰᠦᠢᠳᠭᠡᠯ᠂ ᠠᠮᠤᠷ ᠲᠥᠪᠰᠢᠨ ᠵᠡᠷᠭᠡ ᠲᠠᠯ᠎ᠠ ᠪᠣᠯᠤᠨ᠎ᠠ ᠃ ᠬᠦᠭᠵᠢᠯᠲᠡ ᠶᠢᠨ ᠣᠷᠴᠢᠨ ᠠᠬᠤᠢ ᠶᠢ ᠰᠢᠯᠢᠳᠡᠭᠵᠢᠭᠦᠯᠬᠦ ᠲᠠᠯ᠎ᠠ ᠪᠠᠷ ᠭᠤᠣᠯᠳᠠᠭᠤ ᠰᠦᠯᠵᠢᠶ᠎ᠡ ᠶᠢᠨ ᠰᠠᠭᠤᠷᠢ ᠶᠢ ᠳᠡᠭᠡᠭᠰᠢᠯᠡᠭᠦᠯᠬᠦ᠂ ᠢᠲᠡᠭᠡᠮᠵᠢ ᠶᠢᠨ ᠰᠢᠰᠲ᠋ᠧᠮᠵᠢ ᠪᠠᠶᠢᠭᠤᠯᠬᠤ᠂ ᠰᠦᠯᠵᠢᠶ᠎ᠡ ᠶᠢᠨ ᠠᠮᠤᠷ ᠲᠦᠪᠰᠢᠨ ᠢ ᠪᠠᠲᠤᠯᠠᠬᠤ᠂ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠬᠤ᠂ ᠵᠦᠢ ᠵᠣᠬᠢᠰᠲᠠᠢ ᠲᠦᠯᠬᠢᠨ ᠠᠬᠢᠭᠤᠯᠬᠤ ᠶᠢ ᠴᠢᠩᠭᠠᠷᠠᠭᠤᠯᠬᠤ ᠵᠡᠷᠭᠡ ᠲᠠᠪᠤᠨ ᠲᠠᠯ᠎ᠠ ᠠᠴᠠ ᠭᠠᠷᠳᠠᠨ᠎ᠠ᠃      ᠨᠢᠭᠡ ᠳᠤ ᠰᠦᠯᠵᠢᠶ᠎ᠡ ᠶᠢᠨ ᠰᠠᠭᠤᠷᠢ ᠶᠢ ᠳᠡᠭᠡᠭᠰᠢᠯᠡᠭᠦᠯᠬᠦ ᠲᠠᠯ᠎ᠠ ᠪᠠᠷ᠂ ᠥᠷᠭᠡᠨ ᠪᠦᠰᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ  ᠲᠤ ᠦᠷᠢᠰᠦᠯᠳᠦᠬᠦ ᠶᠢ ᠵᠣᠷᠢᠭᠵᠢᠭᠤᠯᠤᠨ᠂ ᠵᠠᠬ᠎ᠠ ᠳᠡᠯᠭᠡᠭᠦᠷ ᠲᠠᠬᠢ ᠭᠠᠭᠴᠠᠭᠠᠷ ᠡᠵᠡᠮᠰᠢᠯ ᠢ ᠡᠪᠳᠡᠨ᠎ᠡ᠃ ᠥᠷᠭᠡᠨ ᠪᠦᠰᠡᠲᠦ ᠰᠦᠯᠵᠢᠶ᠎ᠡ ᠶᠢᠨ ᠬᠤᠷᠳᠤᠯᠠᠮᠵᠢ᠂ ᠮᠡᠳᠡᠭᠡ ᠵᠠᠩᠬᠢ ᠶᠢᠨ ᠦᠢᠯᠡᠴᠢᠯᠡᠭᠡᠨ ᠤ ᠶᠠᠰᠤ ᠴᠢᠨᠠᠷ ᠪᠠ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠦᠨ᠎ᠡ᠃      ᠬᠤᠶᠠᠷ ᠲᠤ ᠢᠲᠡᠭᠡᠮᠵᠢ ᠶᠢᠨ ᠰᠢᠰᠲ᠋ᠧᠮᠵᠢ ᠪᠠᠶᠢᠭᠤᠯᠬᠤ ᠲᠠᠯ᠎ᠠ ᠪᠠᠷ᠂ ᠰᠦᠯᠵᠢᠶ᠎ᠡ ᠶᠢᠨ ᠢᠲᠡᠭᠡᠮᠵᠢ ᠶᠢᠨ ᠰᠢᠰᠲ᠋ᠧᠮᠵᠢ ᠪᠠ ᠢᠲᠡᠭᠡᠮᠵᠢᠲᠡᠢ ᠠᠷᠠᠯᠵᠢᠶᠠᠯᠠᠭ᠎ᠠ ᠬᠢᠬᠦ ᠶᠢ ᠪᠠᠲᠤᠯᠠᠬᠤ ᠣᠷᠴᠢᠨ ᠠᠬᠤᠶ ᠶᠢᠨ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠬᠢ ᠶᠢᠨ ᠲᠠᠪᠴᠠᠩ ᠢ ᠪᠠᠶᠢᠭᠤᠯᠵᠤ᠂ ᠮᠡᠳᠡᠭᠡ ᠵᠠᠩᠬᠢ ᠶᠢᠨ ᠦᠢᠯᠡᠴᠢᠯᠡᠭᠡᠨ᠂ ᠰᠦᠯᠵᠢᠶᠡᠨ ᠳᠡᠭᠡᠷ᠎ᠡ ᠠᠷᠠᠯᠵᠢᠶᠠᠯᠠᠭ᠎ᠠ ᠬᠢᠬᠦ ᠦᠢᠯᠡ ᠠᠵᠢᠯᠯᠠᠭ᠎ᠠ᠂ ᠦᠢᠯᠡᠳᠭᠦᠨ ᠬᠢᠭᠡᠳ ᠦᠢᠯᠡᠴᠢᠯᠡᠭᠡᠨ ᠤ ᠶᠠᠰᠤ ᠴᠢᠨᠠᠷ ᠵᠡᠷᠭᠡ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃      ᠭᠤᠷᠪᠠ ᠳᠤ ᠰᠦᠯᠵᠢᠶ᠎ᠡ ᠶᠢᠨ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ᠂ ᠰᠦᠯᠵᠢᠶ᠎ᠡ ᠶᠢ ᠠᠮᠤᠷ ᠲᠦᠪᠰᠢᠨ ᠠᠵᠢᠯᠯᠠᠭᠤᠯᠬᠤ ᠬᠠᠮᠲᠤᠷᠠᠨ ᠬᠦᠳᠡᠯᠦᠯᠴᠡᠬᠦ ᠲᠣᠭᠲᠠᠴᠠ ᠪᠠ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠰᠦᠯᠵᠢᠶ᠎ᠡ ᠶᠢᠨ ᠠᠮᠤᠷ ᠲᠦᠪᠰᠢᠨ ᠬᠢᠭᠡᠳ ︽ᠢᠨᠲ᠋ᠧᠷ ᠰᠦᠯᠵᠢᠶ᠎ᠡ +︾ ᠶᠢ ᠲᠦᠯᠬᠢᠨ ᠠᠬᠢᠭᠤᠯᠬᠤ ᠶᠢ ᠵᠡᠷᠭᠡ ᠳᠤᠨᠢ ᠲᠦᠯᠦᠪᠵᠢᠭᠦᠯᠬᠦ᠂ ᠪᠦᠲᠦᠭᠡᠨ ᠪᠠᠶᠢᠭᠤᠯᠬᠤ᠂ ᠠᠵᠢᠯᠯᠠᠭᠤᠯᠬᠤ ᠶᠢ ᠪᠠᠷᠢᠮᠳᠠᠯᠠᠨ᠎ᠠ᠃      ᠳᠥᠷᠪᠡ ᠳᠤ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠬᠤ ᠲᠠᠯ᠎ᠠ ᠪᠠᠷ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠶᠢ ᠦᠷᠭᠡᠳᠬᠡᠨ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠵᠢᠯ ᠦᠷᠨᠢᠭᠦᠯᠦᠨ᠎ᠡ᠃      ᠲᠠᠪᠤ ᠳᠤ ᠬᠦᠴᠦ ᠪᠠᠨ ᠨᠢᠭᠡᠳᠬᠡᠨ ᠲᠦᠯᠬᠢᠨ ᠠᠬᠢᠭᠤᠯᠬᠤ ᠶᠢ ᠴᠢᠩᠭᠠᠷᠠᠭᠤᠯᠬᠤ ᠲᠠᠯ᠎ᠠ ᠪᠠᠷ᠂ ᠦᠪᠡᠷᠲᠡᠭᠡᠨ ᠵᠠᠰᠠᠬᠤ ᠤᠷᠤᠨ ᠤ ᠢᠨᠲ᠋ᠧᠷ ᠰᠦᠯᠵᠢᠶᠡᠨ ᠠᠵᠤ ᠠᠬᠤᠶ ᠶᠢᠨ ᠬᠠᠮᠲᠤᠷᠠᠭᠰᠠᠨ ᠬᠤᠷᠠᠯ ᠤᠨ ᠠᠵᠢᠯ ᠤᠨ ᠲᠣᠭᠲᠠᠴᠠ ᠪᠠᠶᠢᠭᠤᠯᠤᠨ᠂ ᠬᠠᠮᠲᠤᠷᠠᠭᠰᠠᠨ ᠬᠤᠷᠠᠯ ᠤᠨ ᠠᠯᠪᠠᠨ ᠭᠡᠷ ᠢ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠮᠡᠳᠡᠭᠡ ᠵᠠᠩᠭᠢᠵᠢᠯ ᠤᠨ ᠵᠦᠪᠯᠡᠯ ᠳᠤ ᠲᠣᠬᠢᠷᠠᠭᠤᠯᠤᠨ᠎ᠠ᠃      ᠬᠦᠲᠦᠯᠦᠭᠴᠢ᠄      ᠵᠠ᠂ ᠲᠠᠨ ᠤ ᠨᠠᠷᠢᠨ ᠲᠣᠳᠤᠷᠬᠠᠢ ᠲᠠᠶᠢᠯᠪᠤᠷᠢᠯᠠᠭᠰᠠᠨ ᠳᠤ ᠲᠠᠯᠠᠷᠬᠠᠵᠤ ᠪᠠᠶᠢᠨ᠎ᠠ᠂ ᠡᠳᠡᠭᠡᠷ ᠠᠯᠢ ᠤᠯᠠᠨ ᠠᠷᠭ᠎ᠠ ᠬᠡᠮᠵᠢᠶ᠎ᠡ ᠪᠠᠷ ᠳᠠᠮᠵᠢᠭᠠᠳ᠂ ᠮᠠᠨ ᠳᠤ ᠤᠷᠤᠨ ᠤ ︽ᠢᠨᠲ᠋ᠧᠷ ᠰᠦᠯᠵᠢᠶ᠎ᠡ +︾ ᠳᠤ ᠨᠢᠭᠡᠨ ᠰᠠᠶᠢᠨ ᠰᠠᠶᠢᠬᠠᠨ ᠬᠦᠭᠵᠢᠯᠲᠡ ᠶᠢᠨ ᠣᠷᠴᠢᠨ ᠠᠬᠤᠢ ᠬᠠᠩᠭᠠᠵᠤ᠂ ᠪᠠᠰᠠ ᠮᠠᠨ ᠤ ᠤᠷᠤᠨ ᠤ ᠠᠵᠤ ᠠᠬᠤᠢ ᠪᠤᠯᠤᠨ ᠨᠡᠶᠢᠭᠡᠮ ᠤᠨ ᠬᠦᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠳᠤ ᠬᠦᠴᠦ ᠨᠡᠮᠡᠷᠢᠯᠡᠬᠦ ᠶᠢ ᠢᠲᠡᠭᠡᠵᠦ ᠪᠠᠶᠢᠨ᠎ᠠ᠃ ᠵᠠᠩ ᠡᠷᠬᠢᠯᠡᠭᠴᠢ ᠶᠢᠨ ᠲᠠᠶᠢᠯᠪᠤᠷᠢᠯᠠᠨ ᠶᠠᠷᠢᠭᠰᠠᠨ ᠪᠠ ᠰᠦᠯᠵᠢᠶᠡᠨ ᠠᠨᠳᠠ ᠨᠠᠷ ᠤᠨ ᠢᠳᠡᠪᠬᠢᠲᠡᠢ ᠤᠷᠤᠯᠴᠠᠭᠰᠠᠨ ᠳᠤ ᠳᠠᠬᠢᠨᠲᠠ ᠲᠠᠯᠠᠷᠬᠠᠵᠤ ᠪᠠᠶᠢᠨ᠎ᠠ᠂ ᠳᠠᠷᠠᠭᠠᠴᠢ ᠶᠢᠨ ᠫᠷᠦᠭᠷᠡᠮ ᠳᠤ ᠪᠠᠶᠠᠷᠲᠠᠢ ᠵᠣᠯᠭᠠᠶ᠎ᠠ︕
     ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠮᠡᠳᠡᠭᠡ ᠵᠠᠩᠭᠢᠵᠢᠯ ᠤᠨ ᠵᠦᠪᠯᠡᠯ ᠬᠢᠭᠡᠳ ᠳᠤᠮᠳᠠᠳᠤ ᠤᠯᠤᠰ ᠤᠨ ᠴᠠᠬᠢᠯᠭᠠᠨ ᠬᠤᠯᠪᠤᠭ᠎ᠠ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ᠪᠠᠶᠢᠯᠳᠤᠬᠤ ᠪᠣᠳᠣᠯᠭ᠎ᠠ ᠶᠢᠨ ᠬᠤᠷᠰᠢᠯᠴᠠᠭ᠎ᠠ ᠶᠢᠨ ᠭᠡᠷ᠎ᠡ ᠲᠤᠭᠲᠠᠬᠤ ᠶᠣᠰᠣᠯᠠᠯ ᠤᠨ ᠲᠤᠬᠠᠢ ᠶᠢᠨ ᠲᠠᠯᠠᠪᠠᠢ᠂ jpg
     ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠮᠡᠳᠡᠭᠡ ᠵᠠᠩᠭᠢᠵᠢᠯ ᠤᠨ ᠵᠦᠪᠯᠡᠯ ᠬᠢᠭᠡᠳ ᠳᠤᠮᠳᠠᠳᠤ ᠤᠯᠤᠰ ᠤᠨ ᠴᠠᠬᠢᠯᠭᠠᠨ ᠬᠤᠯᠪᠤᠭ᠎ᠠ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ︽ᠵᠠᠰᠠᠭ ᠤᠨ ᠶᠠᠪᠤᠳᠠᠯ ᠤᠨ ᠡᠭᠦᠯᠡᠨ ᠦᠢᠯᠡᠴᠢᠯᠡᠭᠡᠨ︾ ᠤ ᠲᠤᠭ᠎ᠠ ᠪᠠᠷᠢᠮᠳᠠ ᠶᠢᠨ ᠲᠥᠪ ᠤᠨ ᠫᠠᠶᠢᠰᠠ ᠰᠡᠬᠦᠬᠦ ᠶᠣᠰᠣᠯᠠᠯ ᠡᠷᠬᠢᠯᠡᠵᠦ ᠪᠠᠶᠢᠭ᠎ᠠ ᠨᠢ  ᠂ jpg
     ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠭᠠᠵᠠᠷ ᠤᠨ ᠳᠠᠷᠤᠭ᠎ᠠ ᠾᠧ ᠪᠢᠶᠣᠣ ᠰᠤᠷᠪᠤᠯᠵᠢᠯᠠᠭ᠎ᠠ ᠬᠦᠯᠢᠶᠡᠭᠰᠡᠨ ᠵᠣᠴᠢᠨ ᠳᠤ ᠪᠠᠷ᠎ᠠ ᠪᠣᠯᠵᠤ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠫᠣᠷᠲ᠋ᠧᠯ ᠰᠦᠯᠵᠢᠶ᠎ᠡ ᠶᠢ ᠲᠣᠭᠤᠷᠢᠨ ᠦᠵᠡᠵᠦ ᠪᠠᠶᠢᠭ᠎ᠠ᠂ jpg
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ