9 ᠳ᠋ᠤᠭᠡᠷ ᠰᠠᠷ᠎ᠠ ᠶᠢᠨ 22 ᠤᠨ ᠡᠳᠦᠷ᠂ ᠪᠦᠬᠦ ᠣᠷᠣᠨ ᠤ ᠣᠶᠤᠨ ᠮᠡᠳᠡᠷᠡᠯ ᠤᠨ ᠬᠦᠨᠳᠦ ᠰᠠᠭᠠᠳᠠᠯ ᠢ | ᠬᠠᠮᠢᠶᠠᠷᠤᠨ ᠵᠠᠰᠠᠬᠤ ᠠᠵᠢᠯ ᠢ ᠳᠥᠯᠭᠢᠨ ᠠᠬᠢᠭᠤᠯᠬᠤ ᠬᠤᠷᠠᠯ ᠢ ᠬᠦᠬᠡᠬᠤᠲᠠ ᠳᠤ ᠬᠤᠷᠠᠯᠳᠤᠭᠤᠯᠪᠠ᠃ ᠥᠪᠡᠷᠲᠡᠭᠡᠨ | ᠵᠠᠰᠠᠬᠤ ᠣᠷᠣᠨ ᠤ ᠡᠷᠡᠭᠦᠯ ᠬᠠᠮᠠᠭᠠᠯᠠᠯ ᠪᠤᠯᠤᠨ ᠲᠥᠯᠥᠪᠯᠡᠭᠡᠲᠦ ᠦᠷᠡᠵᠢᠯ ᠤᠨ ᠵᠦᠪᠯᠡᠯ ᠤᠨ ᠳᠡᠳ᠋ ᠡᠷᠬᠢᠯᠡᠭᠴᠢ ᠶᠦᠨ | ᡁᠢ ᠡᠾᠸᠤ᠂ ᠥᠪᠡᠷᠲᠡᠭᠡᠨ ᠵᠠᠰᠠᠬᠤ ᠣᠷᠣᠨ ᠤ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠤᠨ ᠳᠡᠳ᠋ | ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠲᠦᠷᠦᠯ ᠵᠦᠢᠯ ᠤᠨ ᠠᠯᠪᠠᠨ ᠭᠡᠷ ᠤᠨ ᠲᠤᠰᠬᠠᠶ ᠮᠡᠷᠭᠡᠵᠢᠯᠲᠡᠨ᠂ ᠡᠯ᠎ᠡ | ᠠᠶᠢᠮᠠᠭ ᠬᠤᠲᠠ ᠶᠢᠨ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠵᠦᠪᠯᠡᠯ ᠤᠨ ᠬᠤᠪᠢᠳᠠᠨ | ᠬᠠᠮᠢᠶᠠᠷᠬᠤ ᠤᠳᠤᠷᠢᠳᠤᠯᠭ᠎ᠠ᠂ ᠡᠪᠡᠳᠴᠢᠨ ᠡᠮᠬᠡᠭ ᠡᠵᠡᠮᠳᠡᠬᠦ ᠭᠠᠵᠠᠷ ᠤᠨ ᠳᠠᠷᠤᠭ᠎ᠠ ᠪᠣᠯᠤᠨ ᠡᠯ᠎ᠡ ᠠᠶᠢᠮᠠᠭ | ᠬᠤᠲᠠ ᠶᠢᠨ ᠤᠶᠤᠨ ᠮᠡᠳᠡᠷᠡᠯ ᠤᠨ ᠡᠷᠡᠬᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠪᠠᠶᠢᠭᠤᠯᠤᠮᠵᠢ ᠶᠢᠨ | ᠬᠠᠷᠢᠭᠤᠴᠠᠯᠭᠠᠲᠠᠳ ᠲᠤᠰ ᠬᠤᠷᠠᠯ ᠳᠤ ᠤᠷᠤᠯᠴᠠᠵᠤ᠂ ᠳᠡᠳ᠋ ᠡᠷᠬᠢᠯᠡᠭᠴᠢ ᠶᠦᠨ ᡁᠢ ᠡᠾᠸᠤ ᠬᠤᠷᠠᠯ ᠳᠤ | ᠤᠷᠤᠯᠴᠠᠵᠤ ᠶᠠᠷᠢᠶ᠎ᠠ ᠲᠠᠯᠪᠢᠵᠠᠢ᠃ | ᠬᠤᠷᠠᠯ ᠨᠢ ᠮᠠᠨ ᠤ ᠣᠷᠣᠨ ᠤ ︽12·5︾ ᠵᠢᠯ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ | ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠠᠵᠢᠯ ᠤᠨ ᠦᠷ᠎ᠡ ᠪᠦᠲᠦᠭᠡᠯ ᠢ ᠡᠷᠭᠢᠴᠡᠭᠦᠯᠦᠨ ᠳ᠋ᠦᠡᠭᠨᠡᠬᠦ ᠶᠢᠨ | ᠬᠠᠮᠲᠤ᠂ ᠠᠵᠢᠯ ᠤᠨ ᠳᠤᠮᠳᠠᠬᠢ ᠬᠦᠷᠦᠯᠴᠡᠬᠦ ᠦᠭᠡᠢ ᠵᠦᠢᠯ ᠢᠶᠠᠨ ᠵᠢᠭᠠᠨ ᠭᠠᠷᠭᠠᠭᠰᠠᠨ ᠪᠥᠭᠡᠳ ︽13·5︾ | ᠵᠢᠯ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠠᠵᠢᠯ ᠤᠨ | ᠡᠭᠦᠷᠭᠡ ᠪᠤᠯᠤᠨ ᠬᠠᠷᠠᠯᠲᠠ ᠳᠤ ᠲᠣᠳᠣᠷᠬᠠᠶ ᠵᠢᠭᠠᠪᠤᠷᠢ ᠦᠭᠴᠠᠢ᠃ 2015 ᠤᠨ ᠤ 8 ᠳ᠋ᠤᠭᠠᠷ ᠰᠠᠷ᠎ᠠ ᠶᠢᠨ | ᠰᠡᠬᠦᠯᠴᠢ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨ ᠮᠡᠳᠡᠷᠡᠯ ᠤᠨ ᠬᠦᠨᠳᠦ | ᠰᠠᠭᠠᠳᠠᠯ ᠲᠠᠢ ᠡᠪᠡᠳᠴᠢᠲᠡᠨ ᠢ ᠪᠠᠶᠢᠴᠠᠭᠠᠵᠤ ᠭᠠᠷᠭᠠᠭᠰᠠᠨ ᠨᠣᠷᠮ᠎ᠠ ᠨᠢ 2.02‰᠂ ᠬᠠᠮᠢᠶᠠᠷᠤᠯᠲᠠ ᠶᠢᠨ | ᠨᠣᠷᠮ᠎ᠠ ᠨᠢ 61.53%᠂ ᠡᠮᠴᠢᠯᠡᠭᠰᠡᠨ ᠨᠣᠷᠮ᠎ᠠ ᠨᠢ 55.41% ᠪᠠᠶᠢᠵᠤ᠂ ᠤᠯᠤᠰ ᠠᠴᠠ ᠱᠠᠭᠠᠷᠳᠠᠭᠰᠠᠨ | ᠡᠪᠡᠳᠴᠢᠲᠡᠨ ᠢ ᠪᠠᠶᠢᠴᠠᠭᠠᠨ ᠭᠠᠷᠭᠠᠬᠤ ᠨᠣᠷᠮ᠎ᠠ 4 ‰᠂ ᠬᠠᠮᠢᠶᠠᠷᠤᠯᠲᠠ ᠶᠢᠨ ᠨᠣᠷᠮ᠎ᠠ 70%᠂ ᠡᠮᠴᠢᠯᠡᠬᠦ | ᠨᠣᠷᠮ᠎ᠠ ᠨᠢ 60% ᠶᠢᠨ ᠬᠠᠷᠠᠯᠲᠠ ᠲᠠᠢ ᠬᠠᠷᠢᠴᠠᠭᠤᠯᠪᠠᠯ ᠪᠠᠰᠠ ᠵᠣᠬᠢᠬᠤ ᠵᠥᠷᠢᠶ᠎ᠡ ᠣᠷᠣᠰᠢᠵᠤ ᠪᠠᠶᠢᠨ᠎ᠠ᠂ ᠪᠦᠬᠦ | ᠣᠷᠣᠨ ᠤ ᠣᠶᠤᠨ ᠮᠡᠳᠡᠷᠡᠯ ᠤᠨ ᠬᠦᠨᠳᠦ ᠰᠠᠭᠠᠳᠠᠯ ᠢ ᠬᠠᠮᠢᠶᠠᠷᠤᠨ ᠵᠠᠰᠠᠬᠤ ᠠᠵᠢᠯ ᠢ ᠳᠥᠯᠭᠢᠨ ᠠᠬᠢᠭᠤᠯᠬᠤ ᠶᠢᠨ | ᠲᠤᠯᠠᠳᠠ᠂ ᠲᠤᠰ ᠤᠳᠠᠭᠠᠨ ᠤ ᠬᠤᠷᠠᠯ ᠳᠤ ᠪᠡᠭᠡᠵᠢᠩ ᠶᠡᠭᠡ ᠰᠤᠷᠭᠠᠭᠤᠯᠢ ᠶᠢᠨ ᠵᠢᠷᠭᠤᠳᠤᠭᠠᠷ ᠡᠮᠨᠡᠯᠭᠡ ᠶᠢᠨ | ᠬᠤᠷᠢᠶ᠎ᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠰᠢᠶᠠᠩ ᠴᠢᠶᠦ᠋ᠨ ᠫᠷᠤᠹᠰᠰᠤᠷ ᠢ ᠲᠤᠰᠬᠠᠶᠢᠯᠠᠨ ᠤᠷᠢᠵᠤ ︽ | ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠬᠠᠮᠢᠶᠠᠷᠰᠤᠭᠠᠢ︾ ᠬᠡᠰᠡᠨ ᠰᠡᠳᠦᠪ ᠢᠶᠠᠷ ᠢᠯᠡᠳᠭᠡᠯ | ᠬᠢᠯᠭᠡᠵᠤ᠂ ᠵᠢᠶᠠᠩᠰᠢ ᠮᠤᠵᠢ ᠶᠢᠨ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠤᠨ ᠳᠡᠳ᠋ ᠬᠤᠷᠢᠶᠠᠨ | ᠳᠠᠷᠤᠭ᠎ᠠ ᠵᠸᠤ ᠫᠢᠡᠭ ᠯᠢᠶᠠᠩ ᠫᠷᠤᠹᠰᠰᠤᠷ ᠠᠴᠠ ︽ᠰᠦᠢᠳᠬᠡᠯ ᠬᠤᠷᠢᠶᠠᠬᠤ ᠦᠭᠡᠶ ᠪᠠᠷ ᠠᠪᠤᠷᠠᠨ ᠲᠤᠰᠠᠯᠠᠬᠤ | ᠶᠠᠪᠤᠳᠠᠯ ᠢᠶᠠᠷ ᠲᠣᠬᠢᠶᠠᠯ ᠪᠣᠯᠭᠠᠵᠤ᠂ ᠬᠦᠨᠳᠦ ᠴᠢᠨᠠᠷᠲᠠᠶ ᠤᠶᠤᠨ ᠮᠡᠳᠡᠷᠡᠯ ᠤᠨ ᠡᠪᠡᠳᠴᠢᠨ ᠡᠮᠭᠡᠭ ᠢ ᠰᠡᠷᠭᠡᠶᠢᠯᠡᠨ | ᠵᠠᠰᠠᠬᠤ ᠠᠵᠢᠯ ᠢ ᠪᠦᠬᠦ ᠲᠠᠯ᠎ᠠ ᠪᠠᠷ ᠳᠥᠯᠭᠢᠨ ᠠᠬᠢᠭᠤᠯᠰᠤᠭᠠᠢ︾ ᠭᠡᠬᠦ ᠰᠡᠳᠦᠪ ᠢᠶᠠᠷ ᠲᠤᠷᠰᠢᠯᠭ᠎ᠠ ᠪᠠᠨ | ᠲᠠᠨᠢᠯᠴᠠᠭᠤᠯᠪᠠ᠃ ᠪᠦᠬᠦ ᠣᠷᠣᠨ ᠤ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠠᠵᠢᠯ ᠤᠨ ᠬᠤᠷᠠᠯ ᠳᠤ ᠪᠠᠰᠠ | ᠡᠯ᠎ᠡ ᠠᠶᠢᠮᠠᠭ ᠬᠤᠲᠠ ᠶᠢᠨ ᠲᠥᠯᠥᠭᠡᠯᠡᠭᠴᠢᠳ ᠯᠦᠭᠡ ᠠᠵᠢᠯ ᠤᠨ ᠳᠤᠮᠳᠠ ᠭᠠᠷᠤᠭᠰᠠᠨ ᠠᠰᠠᠭᠤᠳᠠᠯ ᠬᠢᠭᠡᠳ ᠳᠠᠷᠠᠭ᠎ᠠ | ᠠᠯᠬᠤᠮ ᠤᠨ ᠠᠵᠢᠯ ᠤᠨ ᠰᠡᠳᠬᠢᠮᠵᠢ ᠶᠢ ᠢᠳᠡᠪᠬᠢᠲᠠᠢ ᠭᠦᠨᠵᠡᠭᠡᠶᠢᠷᠡᠨ ᠰᠤᠳᠤᠯᠬᠤ ᠶᠢᠨ ᠬᠠᠮᠲᠤ᠂ ᠸᠠᠩ ᠰᠢᠶᠠᠩ | ᠴᠢᠶᠦ᠋ᠨ ᠫᠷᠤᠹᠰᠰᠤᠷ ᠢ ᠤᠷᠢᠵᠤ ᠵᠢᠯᠤᠭᠤᠳᠤᠯᠭ᠎ᠠ ᠬᠢᠯᠭᠡᠪᠡ᠃ ᠡᠭᠦᠨ ᠤ ᠬᠠᠮᠲᠤ ᠬᠥᠯᠥᠨ ᠪᠤᠶᠢᠷ ᠬᠤᠲᠠ ᠨᠢ | ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠶᠡᠷᠦᠩᠬᠡᠶᠢᠯᠡᠨ ᠬᠠᠮᠢᠶᠠᠷᠬᠤ ᠲᠤᠷᠰᠢᠯᠲᠠ ᠶᠢᠨ ᠴᠢᠭ᠋ ᠪᠣᠯᠤᠭᠰᠠᠨ ᠤ | ᠬᠤᠪᠢ ᠳᠤ ᠠᠵᠢᠯ ᠤᠨ ᠠᠬᠢᠴᠠ ᠶᠢᠨ ᠪᠠᠶᠢᠳᠠᠯ ᠪᠠᠨ ᠬᠠᠷᠢᠭᠤ ᠮᠡᠳᠡᠭᠦᠯᠪᠡ᠃ ᠮᠠᠨ ᠤ ᠣᠷᠣᠨ ᠤ ᠪᠠᠶᠢᠴᠠᠭᠠᠨ | ᠭᠠᠷᠭᠠᠬᠤ ᠨᠣᠷᠮ᠎ᠠ ᠶᠢ ᠳᠡᠭᠡᠭᠰᠢᠯᠡᠬᠦᠯᠬᠦ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠲᠦᠷᠦᠯ ᠵᠦᠢᠯ ᠤᠨ | ᠠᠯᠪᠠᠨ ᠬᠡᠷ ᠤᠨ ᠲᠤᠭ᠎ᠠ ᠪᠠᠷᠢᠮᠲᠠ ᠬᠠᠮᠢᠶᠠᠷᠤᠭᠴᠢ ᠠᠴᠠ ᠲᠤᠭ᠎ᠠ ᠪᠠᠷᠢᠮᠲᠠ ᠶᠢᠨ ︽ᠶᠠᠰᠤ ᠴᠢᠨᠠᠷ ᠤᠨ ᠡᠵᠡᠮᠳᠡᠯ ᠤᠨ | ᠲᠤᠭ᠎ᠠ ᠠᠴᠠ ᠪᠠᠷᠢᠮᠲᠠ ᠳᠤ ᠬᠦᠷᠬᠦ︾ ᠪᠠ ︽ᠵᠢᠷᠤᠮᠵᠢᠯ ᠢ ᠡᠬᠢᠨ ᠠᠴᠠ ᠨᠢ ᠬᠢᠬᠦ︾ ᠶᠢᠨ ᠴᠢᠬᠤᠯᠠ ᠴᠢᠨᠠᠷ ᠢ | ᠬᠢᠨᠠᠮᠠᠭᠠᠢ ᠲᠠᠶᠢᠯᠪᠤᠷᠢᠯᠠᠪᠠ᠃ | ᠲᠤᠰ ᠤᠳᠠᠭᠠᠨ ᠤ ᠬᠤᠷᠠᠯ ᠳᠤ ᠥᠪᠡᠷᠲᠡᠭᠡᠨ ᠵᠠᠰᠠᠬᠤ ᠣᠷᠣᠨ ᠤ ᠣᠶᠤᠨ ᠮᠡᠳᠡᠷᠡᠯ ᠤᠨ ᠬᠦᠨᠳᠦ ᠰᠠᠭᠠᠳᠠᠯ ᠢ | ᠬᠠᠮᠢᠶᠠᠷᠤᠨ ᠵᠠᠰᠠᠬᠤ ᠠᠵᠢᠯ ᠢ ᠰᠠᠶᠢᠲᠤᠷ ᠬᠢᠵᠤ᠂ ᠣᠶᠤᠨ ᠮᠡᠳᠡᠷᠡᠯ ᠤᠨ ᠬᠦᠨᠳᠦ ᠰᠠᠭᠠᠳᠠᠯ ᠢ ᠬᠠᠮᠢᠶᠠᠷᠤᠨ ᠵᠠᠰᠠᠬᠤ | ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠳᠥᠯᠭᠢᠨ ᠠᠬᠢᠭᠤᠯᠵᠤ᠂ ᠠᠯᠢ ᠲᠦᠷᠭᠡᠨ ᠢᠶᠠᠷ ᠤᠯᠤᠰ ᠤᠨ | ᠱᠠᠭᠠᠷᠳᠠᠯᠭ᠎ᠠ ᠳᠤ ᠬᠦᠷᠦᠬᠦᠯᠬᠦ ᠶᠢ ᠱᠠᠭᠠᠷᠳᠠᠪᠠ᠃ ᠲᠤᠰ ᠤᠳᠠᠭᠠᠨ ᠤ ᠲᠦᠯᠬᠢᠨ ᠠᠬᠢᠭᠤᠯᠬᠤ ᠬᠤᠷᠠᠯ ᠢᠶᠠᠷ | ᠳᠠᠮᠵᠢᠭᠤᠯᠤᠨ ᠡᠯ᠎ᠡ ᠠᠶᠢᠮᠠᠭ ᠬᠤᠲᠠ ᠶᠢᠨ ᠡᠷᠡᠭᠦᠯ ᠬᠠᠮᠠᠭᠠᠯᠠᠯ ᠤᠨ ᠠᠵᠢᠯᠲᠠᠨ ᠤ ᠠᠵᠢᠯ ᠤᠨ ᠡᠭᠦᠷᠭᠡ ᠪᠠᠨ | ᠲᠤᠲᠤᠷᠬᠠᠶᠢᠯᠠᠨ᠂ ᠬᠦᠨᠳᠦ ᠴᠢᠨᠠᠷᠲᠠᠶ ᠤᠶᠤᠨ ᠮᠡᠳᠡᠷᠡᠯ ᠤᠨ ᠡᠪᠡᠳᠴᠢᠨ ᠢ ᠬᠠᠮᠢᠶᠠᠷᠤᠨ ᠵᠠᠰᠠᠬᠤ ᠰᠦᠯᠵᠢᠶ᠎ᠡ ᠶᠢ | ᠪᠠᠶᠢᠭᠤᠯᠤᠨ ᠲᠡᠭᠦᠯᠳᠡᠷᠵᠢᠭᠦᠯᠵᠦ᠂ ᠮᠠᠨ ᠤ ᠣᠷᠣᠨ ᠤ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠠᠵᠢᠯ ᠤᠳ ᠢ | ᠪᠦᠬᠦ ᠲᠠᠯ᠎ᠠ ᠪᠠᠷ ᠳᠥᠯᠭᠢᠨ ᠠᠬᠢᠭᠤᠯᠰᠤᠭᠠᠢ ᠬᠡᠵᠤ ᠬᠦᠰᠡᠭᠰᠡᠨ ᠪᠠᠶᠢᠨ᠎ᠠ᠃ |