︽ᠰᠢᠯᠢ ᠶᠢᠨ ᠭᠤᠤᠯ ᠠᠶᠢᠮᠠᠭ ᠤᠨ ᠬᠢᠯᠢ ᠳᠠᠭᠠᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠠᠵᠤ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ︵2013 — 2017 ᠣᠨ︶︾ ᠶᠢ ᠦᠨᠳᠦᠰᠦᠯᠡᠨ᠂ | ᠰᠢᠯᠢ ᠶᠢᠨ ᠭᠤᠤᠯ ᠠᠶᠢᠮᠠᠭ ᠬᠢᠯᠢ ᠳᠠᠭᠠᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠰᠣᠶᠣᠯ ᠤᠨ ᠵᠢᠭᠤᠯᠴᠢᠯᠠᠯ ᠤᠨ | ᠦᠢᠯᠡᠰ ᠤᠨ ᠤᠯᠠᠮ ᠨᠢᠭᠡ ᠠᠯᠬᠤᠮ ᠬᠦᠭᠵᠢᠭᠦᠯᠬᠦ ᠪᠠᠷ ᠪᠠᠶᠢᠨ᠎ᠠ᠃ | ᠪᠣᠳᠠᠲᠠᠶ ᠳᠤ᠄ ᠬᠢᠯᠢ ᠬᠢᠵᠠᠭᠠᠷ ᠣᠷᠣᠨ ᠤ ᠵᠠᠩ ᠵᠠᠩᠰᠢᠯ ᠬᠢᠭᠡᠳ ᠳᠤᠮᠳᠠᠳᠤ ᠮᠣᠩᠭᠤᠯ ᠣᠷᠣᠰ ᠤᠨ | ᠥᠪᠡᠷᠮᠢᠴᠡ ᠣᠨᠴᠠᠯᠢᠭ ᠢ ᠳᠤᠪᠤᠶᠢᠯᠭᠠᠨ᠂ ᠬᠢᠯᠢ ᠳᠠᠭᠠᠤ ᠶᠢᠨ ᠪᠠ ᠳᠣᠲᠣᠷ᠎ᠠ ᠭᠠᠵᠠᠷ ᠤᠨ ᠴᠢᠨᠠᠷ ᠰᠠᠢᠲᠠᠢ | ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠢᠯᠢ ᠶᠢᠨ ᠪᠣᠭᠤᠮᠲᠠ᠂ ᠤᠯᠠᠭ᠎ᠠ ᠥᠷᠲᠡᠭᠡ᠂ ᠠᠪᠤᠷᠭᠤ | ᠭᠦᠷᠪᠡᠯ ᠪᠣᠯᠤᠨ ᠲᠠᠯ᠎ᠠ ᠨᠤᠲᠤᠭ ᠤᠨ ᠵᠠᠩ ᠵᠠᠩᠰᠢᠯ ᠵᠡᠷᠭᠡ ᠳᠥᠷᠪᠡᠨ ᠶᠡᠭᠡ ᠣᠨᠴᠠᠯᠢᠭ ᠪᠦᠬᠦᠢ ᠵᠢᠭᠤᠯᠴᠢᠯᠠᠯ ᠤᠨ | ᠨᠡᠷᠡᠲᠦ ᠲᠥᠷᠥᠯ ᠲᠡᠮᠳᠡᠭ ᠢ ᠪᠤᠢ ᠪᠤᠯᠭᠠᠵᠤ᠂ ᠥᠪᠡᠷᠲᠡᠭᠡᠨ ᠵᠠᠰᠠᠬᠤ ᠣᠷᠣᠨ ᠤ ᠲᠠᠯ᠎ᠠ ᠨᠤᠲᠤᠭ ᠤᠨ ᠰᠣᠶᠣᠯ ᠢ | ᠬᠠᠷᠠᠭᠤᠯᠤᠭᠰᠠᠨ᠂ ᠤᠮᠠᠷᠠᠲᠤ ᠬᠢᠯᠢ ᠬᠢᠵᠠᠭᠠᠷ ᠤᠨ ᠣᠨᠴᠠᠯᠢᠭ ᠪᠦᠬᠦᠢ ᠵᠢᠭᠤᠯᠴᠢᠯᠠᠯ ᠤᠨ ᠲᠣᠭᠤᠷᠢᠨ ᠵᠤᠭᠠᠴᠠᠵᠤ | ᠰᠡᠯᠡᠭᠦᠴᠡᠨ ᠠᠮᠠᠷᠠᠬᠤ ᠰᠠᠭᠤᠷᠢᠨ ᠭᠠᠵᠠᠷ ᠤᠨ ᠨᠢᠭᠡ ᠶᠢ ᠴᠢᠷᠮᠠᠶᠢᠨ ᠪᠠᠶᠢᠭᠤᠯᠪᠠ᠃ ᠡᠷᠢᠶᠡᠨ ᠬᠤᠲᠠ ᠶᠢᠨ ᠤᠯᠤᠰ ᠤᠨ | ᠬᠢᠯᠢ ᠶᠢᠨ ᠱᠤᠩ᠂ ᠡᠷᠢᠶᠡᠨ ᠬᠤᠲᠠ ᠶᠢᠨ ᠠᠪᠤᠷᠭᠤ ᠭᠦᠷᠪᠡᠯ ᠤᠨ ᠰᠣᠶᠣᠯ ᠬᠢᠭᠡᠳ ᠡᠷᠢᠶᠡᠨ ᠤᠯᠠᠭ᠎ᠠ ᠦᠷᠲᠡᠭᠡ᠂ | ᠳᠤᠮᠳᠠᠲᠤ ᠮᠣᠩᠭᠤᠯ ᠤᠯᠤᠰ ᠤᠨ ᠠᠷᠠᠯᠵᠢᠶᠠᠯᠠᠭ᠎ᠠ ᠶᠢᠨ ᠪᠠᠭᠤᠷᠢ ᠶᠢᠨ ᠮᠣᠩᠭᠤᠯ ᠠᠳᠤᠭᠤᠨ ᠤ ᠭᠠᠵᠠᠷ᠂ ᠵᠡᠭᠦᠨ | ᠦᠵᠦᠮᠦᠴᠢᠨ ᠬᠤᠰᠢᠭᠤᠨ ᠤ ᠤᠯᠢᠶᠠᠰᠤᠳᠠᠢ ᠵᠢᠭᠤᠯᠴᠢᠯᠠᠯ ᠠᠮᠠᠷᠠᠯᠲᠠ ᠶᠢᠨ ᠲᠣᠰᠬᠤᠨ᠂ ᠵᠡᠭᠦᠨ ᠦᠵᠦᠮᠦᠴᠢᠨ | ᠬᠤᠰᠢᠭᠤᠨ ᠤ ᠬᠢᠯᠢ ᠶᠢᠨ ᠪᠣᠭᠤᠮᠲᠠ ᠶᠢᠨ ᠵᠠᠩ ᠵᠠᠩᠰᠢᠯ ᠤᠨ ᠬᠦᠷᠢᠶᠡᠯᠡᠩ᠂ ᠬᠠᠳᠠᠪᠴᠢ ᠪᠠᠯᠭᠠᠰᠤ ᠶᠢᠨ ᠣᠨᠴᠠ | ᠲᠥᠷᠥᠯ ᠤᠨ ᠲᠡᠵᠢᠭᠡᠨ ᠦᠷᠡᠵᠢᠭᠦᠯᠬᠦ ᠵᠢᠴᠢ ᠬᠡᠬᠡᠷ᠎ᠡ ᠶᠢᠨ ᠠᠪᠠ ᠶᠢᠨ ᠲᠠᠯᠠᠪᠠᠶ ᠵᠡᠷᠭᠡ ᠲᠦᠷᠦᠯ ᠵᠦᠢᠯ ᠢ | ᠭᠤᠣᠯᠳᠠᠯᠭ᠎ᠠ ᠲᠠᠢ ᠪᠦᠲᠦᠭᠡᠨ ᠪᠠᠶᠢᠭᠤᠯᠪᠠ᠃ ᠵᠢᠭᠤᠯᠴᠢᠯᠠᠯ ᠤᠨ ᠦᠵᠡᠮᠵᠢᠲᠦ ᠴᠢᠭ᠋ ᠦᠵᠡᠮᠵᠢᠲᠦ ᠣᠷᠣᠨ ᠤ | ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠳᠡᠯᠡᠬᠡᠶ ᠶᠢᠨ ᠳᠡᠰ ᠤᠨ ᠠᠪᠤᠷᠭᠤ ᠭᠦᠷᠪᠡᠯ ᠤᠨ ᠭᠠᠵᠠᠷ | ᠵᠦᠢ ᠶᠢᠨ ᠴᠡᠴᠡᠷᠯᠢᠭ ᠢ ᠪᠠᠶᠢᠭᠤᠯᠵᠤ᠂ ᠤᠯᠤᠰ ᠤᠨ 4A ᠳᠡᠰ ᠠᠴᠠ ᠳᠡᠭᠡᠭᠰᠢᠬᠢ ᠦᠵᠡᠮᠵᠢᠲᠦ ᠣᠷᠣᠨ 1 — | 2 ᠢ ᠰᠢᠨ᠎ᠡ ᠪᠠᠷ ᠨᠡᠮᠡᠭᠳᠡᠭᠦᠯᠦᠨ᠂ ᠬᠦᠳᠡᠭᠡ ᠠᠶᠢᠯ ᠪᠤᠯᠤᠨ ᠮᠠᠯᠵᠢᠯ ᠤᠨ ᠲᠠᠯᠠᠪᠠᠢ ᠶᠢᠨ ᠤᠶᠢᠯᠠᠭᠠᠬᠤ ᠪᠠᠷ ᠭᠤᠤᠯ | ᠪᠤᠯᠭᠠᠭᠰᠠᠨ ᠭᠡᠷ ᠪᠦᠯᠢ ᠶᠢᠨ ᠠᠶᠠᠨᠴᠢᠳ ᠤᠨ ᠪᠠᠭᠤᠳᠠᠯ ᠵᠢᠴᠢ ᠵᠢᠭᠤᠯᠴᠢᠯᠠᠯ ᠤᠨ ᠲᠤᠰᠬᠠᠶ ᠠᠵᠢᠯ ᠤᠨ ᠲᠣᠰᠬᠤᠨ ᠢ | ᠬᠦᠭᠵᠢᠭᠦᠯᠪᠡ᠃ ᠤᠮᠠᠷᠠᠰᠢ ᠪᠠᠨ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ᠂ ᠰᠦᠬᠡᠪᠠᠭᠠᠳᠤᠷ ᠠᠶᠢᠮᠠᠭ᠂ | ᠳᠤᠷᠤᠨᠠᠭᠤᠪᠢ ᠠᠶᠢᠮᠠᠭ᠂ ᠬᠡᠨᠲᠡᠶ ᠠᠶᠢᠮᠠᠭ ᠵᠡᠷᠭᠡ ᠭᠠᠵᠠᠷ ᠪᠠ ᠣᠷᠣᠰ ᠤᠨ ᠤᠯᠠᠭᠠᠨ ᠦᠳᠡ᠂ ᠢᠷᠭᠦᠼᠢᠺ ᠵᠡᠷᠭᠡ | ᠭᠠᠵᠠᠷ ᠯᠤᠭ᠎ᠠ ᠵᠠᠯᠭᠠᠯᠳᠤᠭᠤᠯᠤᠨ᠂ ᠡᠮᠦᠨᠡᠰᠢ ᠪᠠᠨ ᠮᠠᠨ ᠤ ᠤᠯᠤᠰ ᠤᠨ ᠳᠣᠲᠣᠷ᠎ᠠ ᠭᠠᠵᠠᠷ ᠤᠨ ᠬᠢᠯᠢ ᠠᠯᠤᠰᠯᠠᠭᠰᠠᠨ | ᠣᠷᠣᠨ ᠪᠦᠰᠡ ᠠᠯᠤᠰᠯᠠᠭᠰᠠᠨ ᠰᠣᠳᠣᠨ ᠵᠢᠭᠤᠯᠴᠢᠯᠠᠯ ᠤᠨ ᠱᠤᠭᠤᠮ ᠲᠠᠢ ᠵᠠᠯᠭᠠᠯᠳᠤᠭᠤᠯᠵᠤ᠂ ᠬᠢᠯᠢ ᠠᠯᠤᠰᠯᠠᠭᠰᠠᠨ | ᠣᠷᠣᠨ ᠪᠦᠰᠡ ᠠᠯᠤᠰᠯᠠᠭᠰᠠᠨ ᠵᠢᠭᠤᠯᠴᠢᠯᠠᠯ ᠤᠨ ᠪᠦᠰᠡ ᠶᠢ ᠪᠠᠶᠢᠭᠤᠯᠪᠠ᠃ ᠬᠢᠯᠢ ᠠᠯᠤᠰᠯᠠᠭᠰᠠᠨ ᠣᠷᠣᠨ ᠪᠦᠰᠡ | ᠠᠯᠤᠰᠯᠠᠭᠰᠠᠨ ᠦᠵᠡᠮᠵᠢᠲᠦ ᠣᠷᠣᠨ ᠦᠵᠡᠮᠵᠢᠲᠦ ᠴᠢᠭ᠋ ᠤᠨ ᠬᠤᠷᠰᠢᠯᠴᠠᠭ᠎ᠠ ᠶᠢ ᠴᠢᠩᠭᠠᠳᠬᠠᠨ᠂ ᠵᠡᠭᠦᠨ | ᠬᠠᠳᠠᠪᠴᠢ ᠠᠴᠠ ᠪᠢᠴᠢᠭᠲᠦ ᠬᠦᠷᠬᠦ ᠳᠤᠮᠳᠠᠳᠤ ᠮᠣᠩᠭᠤᠯ ᠤᠨ ᠬᠢᠯᠢ ᠶᠢᠨ ᠵᠢᠭᠤᠯᠴᠢᠯᠠᠯ ᠤᠨ ᠬᠠᠮᠵᠢᠯᠴᠠᠭᠠᠨ ᠤ | ᠣᠷᠣᠨ ᠢ ᠪᠠᠶᠢᠭᠤᠯᠤᠨ᠂ ᠲᠡᠯᠡᠬᠡᠶᠢᠴᠢᠯᠡᠬᠦ ᠬᠢᠷᠢ ᠬᠡᠮᠵᠢᠶ᠎ᠡ᠂ ᠤᠷᠤᠨ ᠪᠦᠰᠡ ᠶᠢᠨ ᠰᠣᠶᠣᠯ ᠤᠨ ᠣᠨᠴᠠᠯᠢᠭ ᠪᠦᠬᠦᠢ | ᠰᠣᠶᠣᠯ ᠤᠨ ᠵᠢᠭᠤᠯᠴᠢᠯᠠᠯ ᠤᠨ ᠨᠡᠷᠡᠲᠦ ᠲᠦᠷᠦᠯ ᠲᠡᠮᠳᠡᠭ ᠪᠠᠶᠢᠭᠤᠯᠬᠤ ᠶᠢ ᠬᠠᠮᠲᠤᠪᠠᠷ ᠳᠥᠯᠭᠢᠨ ᠠᠬᠢᠭᠤᠯᠪᠠ᠃ | ᠭᠠᠳᠠᠭᠠᠳᠤ ᠶᠢᠨ ᠤᠷᠠᠨ ᠰᠠᠶᠢᠬᠠᠨ ᠤ ᠪᠦᠯᠬᠦᠮ ᠤᠨ ᠮᠠᠨ ᠤ ᠤᠯᠤᠰ ᠲᠤ ᠢᠷᠡᠵᠤ ᠲᠣᠭᠯᠠᠯᠲᠠ ᠭᠠᠷᠭᠠᠬᠤ | ᠬᠠᠮᠲᠤᠷᠠᠯᠴᠠᠭ᠎ᠠ ᠶᠢ ᠴᠢᠩᠭᠠᠳᠬᠠᠪᠠ᠃ ᠬᠢᠯᠢ ᠪᠠᠷ ᠵᠢᠭᠤᠯᠴᠢᠯᠠᠬᠤ ᠳᠤ ᠤᠨᠳᠤᠤ ᠭᠠᠵᠠᠷ ᠦᠨᠡᠮᠯᠡᠯ ᠬᠦᠢᠴᠡᠳᠭᠡᠬᠦ ᠶᠢᠨ | ᠬᠢᠨᠠᠨ ᠵᠥᠪᠰᠢᠶᠡᠷᠡᠬᠦ ᠡᠷᠬᠡ᠂ ᠬᠤᠪᠢ ᠶᠢᠨ ᠶᠠᠪᠤᠳᠠᠯ ᠢᠶᠠᠷ ᠭᠠᠳᠠᠭᠠᠲᠤ ︵ᠬᠢᠯᠢ︶ ᠳᠤ ᠭᠠᠷᠬᠤ ᠭᠡᠷᠡᠴᠢ ᠲᠡᠮᠳᠡᠭ ᠤᠨ | ᠬᠢᠨᠠᠨ ᠵᠥᠪᠰᠢᠶᠡᠷᠡᠬᠦ ᠡᠷᠬᠡ ᠤᠯᠭᠤᠬᠤ ᠶᠢ ᠢᠳᠡᠪᠬᠢᠯᠡᠨ ᠴᠢᠷᠮᠠᠶᠢᠵᠤ ᠤᠯᠤᠭᠰᠠᠨ ᠪᠠᠶᠢᠨ᠎ᠠ᠃ |