ᠪᠦᠬᠦ ᠣᠷᠣᠨ ᠤ ᠲᠦᠮᠡᠨ ᠺᠠᠳ᠋ᠷ ᠬᠦᠳᠡᠭᠡ ᠪᠠᠭᠤᠨ ︽ᠳᠦᠷᠪᠡᠨ ᠪᠦᠭᠦ ᠲᠠᠯ᠎ᠠ︾ ᠶᠢ ᠠᠬᠢᠭᠤᠯᠵᠤ    ᠸᠠᠩ ᠵᠢᠶᠦ᠋ᠨ ᠴᠢᠬᠤᠯᠠ ᠴᠤᠬᠤᠯᠠᠪᠤᠷᠢ ᠥᠭᠪᠡ
ᠨᠡᠶᠢᠲᠡᠯᠡᠭᠰᠡᠨ ᠴᠠᠭ᠄
2015/9/7
     9 ᠳ᠋ᠦ᠋ᠭᠡᠷ ᠰᠠᠷ᠎ᠠ ᠶᠢᠨ 1 ᠤ ᠦᠳᠠ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠦᠭᠦ ᠤᠷᠤᠨ ᠤ ᠲᠦᠮᠡᠨ ᠺᠠᠳ᠋ᠷ ᠬᠦᠳᠡᠭᠡ ᠪᠠᠭᠤᠨ ᠲᠤᠰᠬᠤᠨ ᠳᠤ ᠰᠠᠭᠤᠵᠤ ︽ᠳᠦᠷᠪᠡᠨ ᠪᠦᠭᠦ ᠲᠠᠯ᠎ᠠ︾ ᠶᠢ ᠠᠬᠢᠭᠤᠯᠤᠨ ᠭᠤᠤᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠳᠠ ᠶᠢ ᠴᠢᠩᠭᠠᠳᠬᠠᠬᠤ ᠳᠠᠶᠢᠴᠢᠯᠠᠯᠳᠠ ᠶᠢᠨ ᠶᠡᠭᠡ ᠬᠤᠷᠠᠯ ᠬᠤᠷᠠᠯᠳᠤᠭᠤᠯᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠴᠢᠬᠤᠯᠠ ᠴᠤᠬᠤᠯᠠᠪᠤᠷᠢ ᠦᠭᠴᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠯᠢ ᠵᠢᠶᠠ ᠲᠠᠶᠢᠴᠢᠯᠠᠯᠳᠠ ᠶᠢᠨ ᠶᠠᠷᠢᠶ᠎ᠠ ᠲᠠᠯᠪᠢᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ  ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠯᠢ ᠫᠧᠩ ᠰᠢᠨ᠂ ᠦᠪᠡᠷᠳᠡᠭᠡᠨ ᠵᠠᠰᠠᠬᠤ ᠤᠷᠤᠨ ᠤ ᠳᠡᠳ᠋ ᠲᠠᠷᠢᠭᠦᠯᠡᠭᠴᠢ ᠸᠠᠩ ᠢᠤᠢ ᠮᠢᠩ ᠲᠤᠰ ᠲᠤᠰ ᠠᠵᠢᠯ ᠪᠠᠶᠢᠷᠢᠯᠠᠭᠤᠯᠪᠡ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ  ᠳ᠋ᠦ᠋ ᠽᠢ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠠᠷᠢᠭᠦᠯᠡᠭᠴᠢ ᠬᠦᠸᠧ ᠴᠢ ᠵᠢᠶᠦ᠋ᠨ ᠬᠤᠷᠠᠯ ᠳᠤ ᠤᠷᠤᠯᠴᠡᠪᠡ᠃        ᠸᠠᠩ ᠵᠢᠶᠦ᠋ᠨ ᠴᠤᠬᠤᠯᠠᠪᠤᠷᠢ ᠳᠠᠭᠠᠨ ᠵᠢᠭᠠᠵᠤ ᠭᠠᠷᠭᠠᠭᠰᠡᠨ ᠨᠢ᠂ ᠪᠦᠭᠦ ᠤᠷᠤᠨ ᠳᠠᠶᠠᠭᠠᠷ ᠲᠦᠮᠡᠨ ᠺᠠᠳ᠋ᠷ ᠬᠦᠳᠡᠭᠡ ᠪᠠᠭᠤᠨ ᠲᠤᠰᠬᠤᠨ ᠳᠤ ᠰᠠᠭᠤᠵᠤ ︽ᠳᠦᠷᠪᠡᠨ ᠪᠦᠭᠦ ᠲᠠᠯ᠎ᠠ︾ ᠶᠢ ᠠᠬᠢᠭᠤᠯᠤᠨ ᠭᠤᠤᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠳᠠ ᠶᠢ ᠴᠢᠩᠭᠠᠳᠬᠠᠬᠤ ᠶᠢ ᠬᠢᠨᠠᠨ ᠵᠢᠯᠤᠭᠤᠳᠬᠤ ᠠᠵᠢᠯ ᠦᠷᠨᠢᠭᠦᠯᠭᠦ ᠪᠤᠯ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ︽ᠲᠦᠷᠪᠡᠨ ᠪᠦᠭᠦ ᠲᠠᠯ᠎ᠠ ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠤ᠂ ᠡᠭᠡ ᠤᠯᠤᠰ ᠤᠨ ᠤᠮᠠᠷᠠᠳᠤ ᠶᠢᠨ ᠦᠵᠡᠰᠭᠦᠯᠡᠩᠳᠤ ᠰᠠᠶᠢᠬᠠᠨ ᠦᠵᠮᠡᠵᠢ ᠶᠢᠨ ᠤᠷᠤᠨ ᠢ ᠪᠦᠳᠦᠬᠡᠨ ᠪᠠᠶᠢᠭᠤᠯᠬᠤ ᠪᠦᠭᠦ ᠲᠠᠯ᠎ᠠ ᠠᠴᠠ ᠡᠭᠦᠰᠴᠤ ᠭᠠᠷᠭᠠᠭᠰᠡᠨ ᠴᠢᠬᠤᠯᠠ ᠰᠢᠢᠳᠪᠦᠷᠢ ᠪᠤᠯᠤᠨ᠎ᠠ᠂ ᠠᠵᠤ ᠠᠬᠤᠢ ᠶᠢᠨ ᠬᠦᠭᠵᠢᠯᠳᠠ ᠶᠢᠨ ᠰᠢᠨ᠎ᠠ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠤᠬᠢᠴᠡᠨ᠂ ᠮᠠᠨ ᠤ ᠤᠷᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠭᠰᠡᠨ ᠡᠷᠡᠭᠦᠯ ᠬᠦᠭᠵᠢᠯᠳᠠ ᠶᠢ ᠠᠬᠢᠭᠤᠯᠬᠤ ᠴᠢᠬᠤᠯᠠ ᠠᠷᠭ᠎ᠠ ᠪᠤᠳᠤᠯᠭ᠎ᠠ ᠮᠦᠨ᠂ ︽ᠭᠤᠷᠪᠠᠨ ᠴᠢᠩᠭ᠎ᠠ ᠭᠤᠷᠪᠠᠨ ᠪᠤᠳᠠᠳᠠᠢ ᠪᠠᠶᠢᠬᠤ︾ ᠲᠤᠰᠬᠠᠢ ᠰᠡᠳᠦᠪᠳᠤ ᠬᠦᠮᠦᠵᠢᠯ ᠢ ᠬᠦᠨᠵᠡᠭᠡᠢ ᠦᠷᠨᠢᠭᠦᠯᠵᠤ᠂ ᠤᠯᠡᠨ ᠲᠦᠮᠡᠨ ᠲᠠᠢ ᠬᠠᠷᠢᠴᠡᠨ ᠤᠯᠠᠨ ᠲᠦᠮᠡᠨ ᠳᠤ ᠦᠢᠯᠡᠴᠢᠯᠡᠵᠤ ︽ᠡᠴᠦᠰ ᠤᠨ ᠨᠢᠭᠡ ᠺᠢᠯᠤᠮᠧᠲᠷ︾ ᠢ ᠨᠡᠪᠳᠡᠷᠡᠭᠦᠯᠭᠦ ᠴᠢᠬᠤᠯᠠ ᠭᠤᠬᠴᠤᠭ᠎ᠠ ᠪᠤᠯᠤᠨ᠎ᠠ᠂ ᠦᠢᠯᠡᠳᠦᠯᠭᠡ ᠶᠢᠨ ᠲᠤᠮᠳᠠ ᠺᠠᠳ᠋ᠷ ᠢ ᠲᠠᠪᠳᠠᠨ ᠪᠤᠯᠪᠠᠰᠤᠷᠠᠭᠤᠯᠵᠤ᠂ ᠺᠠᠳ᠋ᠷ ᠤᠨ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠬᠤ ᠴᠢᠬᠤᠯᠠ ᠠᠷᠭ᠎ᠠ ᠵᠠᠮ ᠪᠤᠯᠤᠨ᠎ᠠ᠃ ᠡᠯ᠎ᠠ ᠱᠠᠳᠤᠨ ᠤ ᠬᠢᠨ ᠪᠦᠭᠦ ᠲᠠᠯ᠎ᠠ ᠶᠢᠨ ᠪᠠ ᠪᠠᠶᠢᠯᠳᠤᠬᠤ ᠪᠤᠳᠤᠯᠭ᠎ᠠ ᠶᠢᠨ ᠦᠨᠳᠦᠷᠴᠠ ᠠᠴᠠ ᠲᠤᠰ ᠠᠵᠢᠯ ᠢ ᠦᠷᠨᠢᠭᠦᠯᠭᠦ ᠶᠢᠨ ᠴᠢᠬᠤᠯᠠ ᠴᠢᠨᠠᠷ ᠢ ᠬᠦᠢᠴᠡᠳ ᠲᠠᠨᠢᠵᠤ᠂ ᠦᠵᠡᠯ  ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨᠭᠦ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠰᠢᠢᠳᠪᠦᠷᠢ ᠪᠤᠳᠤᠯᠭ᠎ᠠ ᠪᠠᠶᠢᠷᠢᠯᠠᠭᠤᠯᠤᠯᠳᠠ ᠳᠡᠬᠡᠷ᠎ᠠ ᠨᠢᠭᠡᠳᠭᠡᠭᠦ ᠬᠡᠷᠡᠭᠳᠡᠢ ᠭᠡᠪᠡ᠃        ᠸᠠᠩ ᠵᠢᠶᠦ᠋ᠨ ᠵᠢᠭᠠᠵᠤ ᠭᠠᠷᠭᠠᠭᠰᠡᠨ ᠨᠢ᠂ ᠮᠠᠯᠵᠢᠬᠤ ᠲᠠᠷᠢᠶᠠᠯᠠᠬᠤ ᠤᠷᠤᠨ ᠤ ︽ᠠᠷᠪᠡ ᠪᠠᠷ ᠪᠦᠬᠦᠨ ᠢ ᠬᠠᠮᠤᠷᠬᠤ︾ ᠢᠨᠵᠧᠨᠧᠷᠢᠩ᠂ ᠮᠠᠯᠵᠢᠬᠤ ᠲᠠᠷᠢᠶᠠᠯᠠᠬᠤ ᠤᠷᠤᠨ ᠤ ᠠᠵᠤ ᠦᠢᠯᠡᠰ ᠤᠨ ᠬᠦᠭᠵᠢᠯᠳᠠ ᠪᠠ ᠪᠦᠳᠦᠴᠠ ᠶᠢᠨ ᠲᠤᠬᠢᠷᠠᠭᠤᠯᠤᠯᠳᠠ᠂ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢᠨ ᠠᠵᠢᠯ ᠢ ᠭᠤᠤᠯᠳᠠᠯᠭ᠎ᠠ ᠪᠤᠯᠭᠠᠨ ᠰᠠᠶᠢᠳᠤᠷ ᠠᠳᠬᠤᠬᠤ ᠨᠢ ᠲᠦᠮᠡᠨ ᠺᠠᠳ᠋ᠷ ᠤᠨ ᠬᠦᠳᠡᠭᠡ ᠪᠠᠭᠤᠨ ᠲᠤᠰᠬᠤᠨ ᠳᠤ ᠰᠠᠭᠤᠬᠤ ᠶᠢᠨ ᠴᠢᠬᠤᠯᠠ ᠡᠭᠦᠷᠭᠡ ᠪᠤᠯᠤᠨ᠎ᠠ᠃ ᠬᠦᠳᠡᠭᠡ ᠪᠠᠭᠤᠬᠰᠡᠨ ᠨᠦᠭᠦᠳ ᠳᠡᠭᠡᠷ᠎ᠠ ᠲᠠᠯ᠎ᠠ ᠶᠢᠨ ᠪᠠᠶᠢᠳᠠᠯ ᠢ ᠤᠢᠢᠯᠠᠭᠠᠬᠤ ᠬᠡᠷᠡᠭᠳᠡᠢ ᠪᠦᠭᠡᠳ ᠴᠢᠬ ᠳᠡᠭᠡᠷᠡᠬᠢ ᠠᠵᠢᠯ ᠢ ᠬᠢᠨᠠᠨ ᠵᠢᠯᠤᠭᠤᠳᠴᠦ᠂ ᠳᠡᠭᠡᠳᠤ ᠲᠤᠤᠷᠠᠳᠤ ᠱᠠᠳᠤ ᠪᠠᠷ ᠢᠶᠠᠨ ᠬᠦᠴᠦ ᠪᠠᠨ ᠬᠠᠮᠳᠤᠳᠬᠠᠨ᠂ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠲᠦᠭᠦᠭᠡᠷᠦᠮᠵᠢ ᠪᠠ ᠤᠯᠠᠨ ᠨᠡᠶᠢᠳᠠ ᠶᠢᠨ ᠦᠢᠯᠡᠴᠢᠯᠡᠭᠡ ᠶᠢᠨ ᠲᠦᠪᠰᠢᠨ ᠢᠶᠠᠨ ᠤᠯᠡᠮ ᠲᠡᠭᠡᠭᠰᠢᠯᠡᠭᠦᠯᠵᠤ᠂ ᠲᠠᠪᠠᠭᠤᠯᠢᠭ ᠤᠨᠴᠠᠯᠢᠬᠳᠤ ᠠᠵᠤ ᠦᠢᠯᠡᠰ ᠤᠨ ᠬᠦᠭᠵᠢᠯᠳᠠ ᠶᠢᠨ ᠪᠠᠶᠢᠷᠢᠰᠢᠯ ᠢ ᠴᠢᠨᠠᠬᠰᠢᠳᠠ ᠪᠦᠷᠢᠯᠲᠤᠭᠦᠯᠵᠤ᠂ ᠨᠠᠮ ᠤᠨ ᠮᠠᠯᠵᠢᠬᠤ ᠲᠠᠷᠢᠶᠠᠯᠠᠬᠤ ᠤᠷᠤᠨ ᠳᠠᠬᠢ ᠲᠦᠷᠤ ᠪᠠᠷᠢᠬᠤ ᠰᠠᠭᠤᠷᠢ ᠶᠢ ᠤᠯᠡᠮ ᠪᠠᠬᠢᠵᠢᠭᠦᠯᠤᠠ᠂ 2016 ᠤᠨ ᠳᠤ ︽ᠠᠷᠪᠡ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢᠨ ᠡᠭᠦᠷᠭᠡ ᠶᠢ ᠦᠨᠳᠦᠰᠦᠨ ᠳᠡᠭᠡᠨ ᠳᠠᠭᠤᠰᠬᠠᠵᠤ᠂ 2017 ᠤᠨ ᠳᠤ ᠡᠯ᠎ᠠ ᠲᠦᠷᠦᠯ ᠤᠨ ᠠᠵᠢᠯ ᠳᠤ ᠰᠢᠨ᠎ᠠ ᠠᠮᠵᠢᠯᠳᠠ ᠭᠠᠷᠭᠠᠬᠤ ᠶᠢ ᠪᠠᠳᠤᠯᠠᠬᠤ ᠬᠡᠷᠡᠭᠳᠡᠢ ᠭᠡᠪᠡ᠃        ᠸᠠᠩ ᠵᠢᠶᠦ᠋ᠨ ᠴᠢᠬᠤᠯᠠᠴᠢᠯᠠᠬᠰᠡᠨ ᠨᠢ᠂ ᠬᠦᠳᠡᠭᠡ ᠪᠠᠭᠤᠨ ᠲᠤᠰᠬᠤᠨ ᠳᠤ ᠰᠠᠭᠤᠬᠤ ᠠᠵᠢᠯ ᠢ ᠰᠠᠶᠢᠳᠤᠷ ᠬᠢᠭᠦ ᠳᠤ ᠴᠠᠭ ᠪᠠᠴᠢᠮ ᠡᠭᠦᠷᠭᠡ ᠬᠦᠨᠳᠤ᠃ ᠦᠪᠡᠷᠳᠡᠭᠡᠨ ᠵᠠᠰᠠᠬᠤ ᠤᠷᠤᠨ ᠤ ᠬᠦᠳᠡᠭᠡ ᠪᠠᠭᠤᠵᠤ ᠲᠤᠰᠬᠤᠨ ᠳᠤ ᠰᠠᠭᠤᠬᠤ ᠠᠵᠢᠯ ᠤᠨ ᠤᠳᠤᠷᠢᠳᠬᠤ ᠲᠤᠭᠤᠢᠢᠯᠠᠩ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡᠳᠦᠯᠳᠡᠢ ᠲᠦᠯᠦᠪᠵᠢᠭᠦᠯᠤᠠ ᠵᠤᠬᠢᠴᠠᠭᠤᠯᠬᠤ ᠠᠵᠢᠯ ᠢ ᠰᠠᠶᠢᠳᠤᠷ ᠬᠢᠵᠤ᠂ ᠲᠤᠬᠳᠠᠬᠰᠡᠨ ᠬᠤᠭᠤᠴᠠᠭ᠎ᠠ ᠲᠠᠢ ᠪᠠᠷ ᠠᠵᠢᠯ ᠤᠨ ᠮᠡᠳᠡᠭᠦᠯᠦᠯᠳᠠ ᠶᠢ ᠰᠤᠨᠤᠰᠴᠤ᠂ ᠠᠵᠢᠯ ᠢ ᠠᠬᠢᠭᠤᠯᠬᠤ ᠶᠠᠪᠤᠴᠠ ᠳᠤ ᠤᠷᠤᠰᠢᠵᠤ ᠪᠠᠶᠢᠭ᠎ᠠ ᠴᠢᠬᠤᠯᠠ ᠠᠰᠠᠭᠤᠳᠠᠯ ᠢ ᠪᠦᠳᠦᠮᠵᠢᠳᠡᠢ ᠪᠠᠷ ᠰᠤᠳᠤᠯᠤᠨ ᠰᠢᠢᠳᠪᠦᠷᠢᠯᠡᠭᠦ ᠬᠡᠷᠡᠭᠳᠡᠢ᠃ ᠡᠯ᠎ᠠ ᠱᠠᠳᠤᠨ ᠤ ᠡᠯ᠎ᠠ ᠬᠤᠯᠪᠤᠬᠳᠠᠯ ᠪᠦᠭᠦᠢ ᠰᠠᠯᠠᠭ᠎ᠠ ᠮᠦᠴᠢᠷ ᠪᠠ ᠨᠢᠭᠡᠴᠠ ᠶᠡᠭᠡ ᠲᠠᠯ᠎ᠠ ᠶᠢᠨ ᠤᠬᠠᠮᠰᠠᠷ᠂ ᠦᠢᠯᠡᠴᠢᠯᠡᠭᠡ ᠶᠢᠨ ᠤᠬᠠᠮᠰᠠᠷ ᠢ ᠪᠤᠢ ᠪᠤᠯᠭᠠᠨ᠂ ᠺᠠᠳ᠋ᠷ ᠢ ᠰᠤᠩᠭᠤᠨ ᠲᠤᠮᠢᠯᠠᠬᠤ᠂ ᠦᠢᠯᠡᠴᠢᠯᠡᠭᠡ ᠶᠢ ᠪᠠᠳᠤᠯᠬᠠᠤ᠂ ᠤᠬᠠᠭᠤᠯᠤᠨ ᠵᠢᠯᠤᠭᠤᠳᠬᠤ ᠵᠡᠷᠭᠡ ᠠᠵᠢᠯ ᠢ ᠰᠠᠶᠢᠳᠤᠷ ᠬᠦᠢᠴᠡᠳᠭᠡᠵᠤ᠂ ᠬᠦᠳᠡᠭᠡ ᠪᠠᠭᠤᠨ ᠲᠤᠰᠬᠤᠨ ᠳᠤ ᠰᠠᠭᠤᠬᠤ ᠠᠵᠢᠯ ᠤᠨ ᠤᠷᠤᠬᠰᠢᠳᠠᠢ ᠶᠠᠪᠤᠬᠳᠠᠬᠤ ᠶᠢ ᠪᠠᠳᠤᠯᠠᠬᠤ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ ᠬᠢᠨᠠᠨ ᠵᠢᠯᠤᠭᠤᠳᠬᠤ ᠲᠤᠭᠤᠢᠢᠯᠠᠩ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠵᠤ᠂ ᠠᠶᠢᠮᠠᠭ ᠬᠤᠳᠠ᠂ ᠬᠤᠰᠢᠭᠤ ᠰᠢᠶᠠᠨ᠂ ᠰᠤᠮᠤ ᠪᠠᠯᠭᠠᠰᠤ᠂ ᠭᠠᠴᠠᠭ᠎ᠠ ᠲᠤᠰᠬᠤᠨ ᠤ ᠠᠵᠢᠯ ᠳᠠᠬᠢ ᠵᠢᠯᠤᠭᠤᠳᠤᠯᠭ᠎ᠠ ᠪᠠᠨ ᠴᠢᠩᠭᠠᠳᠬᠠᠵᠤ᠂ ᠠᠵᠢᠯ ᠤᠨ ᠭᠤᠬᠴᠤᠭ᠎ᠠ ᠪᠤᠯᠭᠠᠨ ᠱᠠᠳᠤᠨ ᠪᠤᠯᠭᠠᠨ ᠢ ᠰᠠᠶᠢᠳᠤᠷ ᠠᠳᠬᠤᠵᠤ᠂ ᠪᠠᠶᠢᠳᠠᠯ ᠢ ᠴᠠᠭ ᠲᠤᠬᠠᠢ ᠳᠤᠨᠢ ᠵᠦᠪ ᠤᠨᠤᠪᠴᠢᠳᠠᠢ ᠪᠠᠷ ᠲᠤᠰᠬᠠᠵᠤ᠂ ᠳᠡᠭᠡᠳᠤ ᠭᠡᠮᠵᠢᠶᠠᠨ ᠤ ᠬᠠᠷᠢᠭᠤᠴᠠᠯᠭᠠᠳᠤ ᠤᠪᠤᠷ ᠢᠶᠠᠷ ᠠᠵᠢᠯ ᠢᠶᠠᠨ ᠪᠡᠶᠡᠯᠡᠭᠦᠯᠭᠦ ᠬᠡᠷᠡᠭᠳᠡᠢ᠃ ᠦᠷᠭᠡᠨ ᠤᠯᠡᠨ ᠬᠦᠳᠡᠭᠡ ᠪᠠᠭᠤᠵᠤ ᠲᠤᠰᠬᠤᠨ ᠳᠤ ᠰᠠᠭᠤᠬᠤ ᠺᠠᠳ᠋ᠷ ᠬᠠᠷᠢᠭᠤᠴᠠᠯᠭᠠᠳᠤ ᠤᠬᠠᠮᠰᠠᠷ ᠢᠶᠠᠨ ᠴᠢᠩᠭᠠᠳᠬᠠᠵᠤ᠂ ᠨᠠᠷᠢᠨ ᠬᠢᠨᠠᠮᠠᠭᠠᠢ ᠶᠢ ᠡᠷᠬᠢᠮᠯᠡᠨ᠂ ᠬᠠᠳᠠᠭᠠᠰᠤ ᠬᠠᠳᠠᠬᠤ ᠵᠤᠷᠢᠭ ᠰᠠᠨᠠᠭ᠎ᠠ ᠶᠢ ᠪᠠᠳᠠᠷᠠᠭᠤᠯᠤᠠ᠂ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠭᠦ ᠬᠡᠷᠡᠭᠳᠡᠢ᠃ ᠪᠦᠭᠦ ᠤᠷᠤᠨ ᠳᠠᠶᠠᠭᠠᠷ ᠤᠨ ᠬᠠᠮᠳᠤ ᠶᠢᠨ ᠴᠢᠷᠮᠠᠶᠢᠯᠭ᠎ᠠ ᠪᠠᠷ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠤᠯᠡᠨ ᠨᠠᠶᠢᠳᠠ ᠶᠢᠨ ᠦᠢᠯᠡᠴᠢᠯᠡᠭᠡ ᠬᠤᠴᠤᠷᠤᠩᠭᠤᠢ ᠪᠠᠶᠢᠭ᠎ᠠ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠲᠦᠪᠰᠢᠨ ᠪᠠ ᠨᠠᠮ ᠤᠨ ᠪᠠᠶᠢᠭᠤᠯᠤᠯᠳᠠ ᠶᠢᠨ ᠲᠦᠪᠰᠢᠨ ᠢ ᠲᠠᠰᠤᠷᠠᠯᠳᠠ ᠦᠭᠡᠢ ᠳᠡᠬᠡᠭᠰᠢᠯᠡᠬᠦᠯᠤᠨ᠂ ᠡᠭᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠢ ᠨᠡᠩ ᠦᠵᠡᠰᠭᠦᠯᠡᠩᠳᠤ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠬᠡᠷᠡᠭᠳᠡᠢ ᠭᠡᠪᠡ᠃        ᠯᠢ ᠵᠢᠶᠠ ᠲᠠᠶᠢᠴᠢᠯᠠᠯᠳᠠ ᠶᠢᠨ ᠶᠠᠷᠢᠶ᠎ᠠ ᠳᠠᠭᠠᠨ ᠵᠢᠭᠠᠵᠤ ᠭᠠᠷᠭᠠᠬᠰᠡᠨ ᠨᠢ᠂ ᠡᠯ᠎ᠠ ᠭᠠᠵᠠᠷ ᠡᠯ᠎ᠠ ᠬᠤᠯᠪᠤᠬᠳᠠᠯ ᠪᠦᠭᠦᠢ ᠰᠠᠯᠠᠭ᠎ᠠ ᠮᠦᠴᠢᠷ ᠪᠠ ᠨᠢᠭᠡᠴᠠ ᠸᠠᠩ ᠵᠢᠶᠦ᠋ᠨ ᠱᠦᠵᠢ ᠶᠢᠨ ᠴᠢᠬᠤᠯᠠ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨᠭᠦ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠰᠢᠢᠳᠪᠦᠷᠢᠳᠤ ᠪᠤᠳᠤᠯᠭ᠎ᠠ ᠳᠡᠬᠡᠷ᠎ᠠ ᠨᠢᠬᠡᠳᠬᠡᠵᠤ᠂ ᠬᠦᠳᠡᠭᠡ ᠪᠠᠭᠤᠵᠤ ᠲᠤᠰᠬᠤᠨ ᠳᠤ ᠰᠠᠭᠤᠵᠤ ᠬᠢᠨᠡᠨ ᠵᠢᠯᠤᠭᠤᠳᠬᠤ ᠠᠵᠢᠯ ᠤᠨ ᠤᠷᠤᠬᠰᠢᠳᠠᠢ ᠶᠠᠪᠤᠬᠳᠠᠬᠤ ᠶᠢ ᠪᠦᠭᠦ ᠬᠦᠴᠦᠨ ᠢᠶᠠᠷ ᠪᠠᠳᠤᠯᠠᠬᠤ ᠬᠡᠷᠡᠭᠳᠡᠢ᠃ ᠡᠯ᠎ᠠ ᠱᠠᠳᠤᠨ ᠤ ᠬᠦᠳᠡᠭᠡ ᠪᠠᠭᠤᠵᠤ ᠲᠤᠰᠬᠤᠨ ᠳᠤ ᠰᠠᠭᠤᠬᠤ ᠺᠠᠳ᠋ᠷᠴᠤᠳ ᠡᠭᠦᠷᠭᠡ ᠬᠠᠷᠢᠭᠤᠴᠠᠯᠭ᠎ᠠ ᠪᠠᠨ ᠲᠤᠳᠤᠷᠬᠠᠢᠢᠯᠡᠨ᠂ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠰᠠᠬᠢᠯᠭ᠎ᠠ ᠪᠠᠳᠤ ᠶᠢᠨ ᠬᠦᠯᠢᠶᠠᠰᠤᠯᠡᠯ ᠢ ᠴᠢᠩᠭᠠᠳᠬᠠᠵᠤ᠂ ᠡᠯ᠎ᠠ ᠲᠦᠷᠦᠯ ᠤᠨ ᠭᠤᠤᠯᠳᠠᠯᠭ᠎ᠠ ᠲᠠᠢ ᠠᠵᠢᠯ ᠢ ᠪᠦᠭᠦ ᠬᠦᠴᠦᠨ ᠢᠶᠠᠷ ᠢᠶᠠᠨ  ᠨᠠᠶᠢᠳᠠᠪᠤᠷᠢᠵᠢᠭᠤᠯᠬᠤ ᠬᠡᠷᠡᠭᠳᠡᠢ ᠭᠡᠪᠡ᠃        ᠬᠤᠷᠠᠯ ᠠᠴᠠ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ᠂ ᠮᠠᠯᠵᠢᠬᠤ ᠲᠠᠷᠢᠶᠠᠯᠠᠬᠤ ᠤᠷᠤᠨ ᠤ ᠠᠵᠤ ᠦᠢᠯᠡᠰ ᠤᠨ ᠬᠦᠭᠵᠢᠯᠳᠠ ᠪᠠ ᠪᠦᠳᠦᠴᠠ ᠶᠢᠨ ᠲᠤᠬᠢᠷᠠᠭᠤᠯᠤᠯᠳᠠ᠂ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠭᠤᠷᠪᠠᠨ ᠵᠦᠢᠯ ᠤᠨ ᠭᠤᠤᠯᠳᠠᠯᠭ᠎ᠠ ᠲᠠᠢ ᠠᠵᠢᠯ ᠳᠤ ᠪᠤᠳᠠᠳᠠᠢ ᠪᠠᠶᠢᠷᠢᠯᠠᠭᠤᠯᠤᠯᠳᠠ ᠬᠢᠪᠡ᠃ ᠬᠤᠷᠠᠯ ᠠᠴᠠ ᠱᠠᠭᠠᠷᠳᠠᠬᠰᠡᠨ ᠨᠢ᠂ ᠮᠠᠯᠵᠢᠬᠤ ᠲᠠᠷᠢᠶᠠᠯᠠᠬᠤ ᠤᠷᠤᠨ ᠤ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠦᠯᠦᠪᠵᠢᠭᠦᠯᠵᠤ ᠬᠦᠳᠦᠯᠦᠨ ᠵᠢᠯᠤᠭᠤᠳᠬᠤ ᠪᠠᠨ ᠲᠤᠪᠤᠶᠢᠯᠭᠠᠨ᠂ ᠬᠢᠨᠡᠨ ᠪᠠᠶᠢᠴᠠᠭᠠᠵᠤ ᠬᠠᠮᠢᠶᠠᠷᠬᠤ ᠪᠠᠨ ᠴᠢᠩᠭᠠᠳᠬᠠᠵᠤ᠂ ᠬᠦᠴᠦ ᠪᠠᠨ ᠲᠦᠪᠯᠡᠷᠡᠭᠦᠯᠦᠨ ᠪᠤᠭᠤᠮᠳᠠ ᠰᠢᠪᠳᠤᠯᠵᠤ᠂ 2016 ᠤᠨ ᠪᠤᠯᠬᠤ ᠳᠤ ᠮᠠᠯᠵᠢᠬᠤ ᠲᠠᠷᠢᠶᠠᠯᠠᠬᠤ ᠤᠷᠤᠨ ᠤ ᠪᠤᠢ ᠪᠦᠭᠦᠢ ᠵᠠᠰᠠᠭ ᠵᠠᠬᠢᠷᠭᠠᠨ ᠤ ᠲᠤᠰᠬᠤᠨ ︵ᠭᠠᠴᠠᠭ᠎ᠠ︶ ᠪᠠ ᠨᠦᠭᠦᠴᠡᠯ ᠪᠤᠯᠤᠯᠴᠠᠭ᠎ᠠ ᠲᠠᠢ ᠠᠶᠢᠯ ᠳᠤ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢ ᠡᠭᠦᠷᠭᠡ ᠶᠢᠨ ᠦᠨᠳᠦᠰᠦᠨ ᠳᠡᠭᠡᠨ ᠪᠡᠶᠡᠯᠡᠭᠦᠯᠵᠤ᠂ 2017 ᠤᠨ ᠤ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠭᠰᠡᠨ 70 ᠵᠢᠯ ᠤᠨ ᠤᠢ ᠶᠢᠨ ᠪᠠᠶᠠᠷ ᠠᠴᠠ ᠡᠮᠦᠨ᠎ᠠ ᠪᠦᠭᠦ ᠲᠠᠯ᠎ᠠ ᠪᠠᠷ ᠪᠡᠶᠡᠯᠡᠭᠦᠯᠵᠤ᠂ ᠰᠠᠭᠤᠷᠢ ᠲᠦᠭᠦᠭᠡᠷᠦᠮᠵᠢ ᠶᠢᠨ ᠨᠦᠭᠦᠴᠡᠯ ᠪᠠ ᠨᠡᠶᠢᠭᠡᠮ ᠤᠨ ᠤᠯᠡᠨ ᠨᠡᠶᠢᠳᠠ ᠶᠢᠨ ᠦᠢᠯᠡᠴᠢᠯᠡᠭᠡ ᠶᠢᠨ ᠲᠦᠪᠰᠢᠨ ᠢ ᠮᠡᠳᠡᠭᠳᠡᠮ᠎ᠠ ᠳᠡᠭᠡᠭᠰᠢᠯᠡᠭᠦᠯᠭᠦ ᠬᠡᠷᠡᠭᠳᠡᠢ᠃ ᠮᠠᠯᠵᠢᠬᠤ ᠲᠠᠷᠶᠠᠯᠠᠬᠤ ᠤᠷᠤᠨ ᠤ ᠠᠵᠤ ᠦᠢᠯᠡᠰ ᠤᠨ ᠬᠦᠭᠵᠢᠯᠳᠠ ᠪᠠ ᠪᠦᠳᠦᠴᠠ ᠶᠢᠨ ᠲᠤᠬᠢᠷᠠᠭᠤᠯᠤᠯᠳᠠ ᠶᠢ ᠠᠬᠢᠭᠤᠯᠵᠤ᠂ ᠤᠳᠤ ᠦᠶ᠎ᠠ ᠶᠢᠨ ᠮᠠᠯ ᠠᠵᠤ ᠠᠬᠤᠢ ᠲᠡᠷᠢᠶᠠᠯᠠᠩ ᠤᠨ ᠬᠦᠭᠵᠢᠯᠳᠠ ᠶᠢᠨ ᠵᠠᠮ ᠢᠶᠠᠷ ᠵᠠᠮᠨᠠᠬᠤ ᠶᠢ ᠪᠠᠷᠢᠮᠳᠡᠯᠡᠨ᠂ ᠮᠠᠯ ᠠᠵᠤ ᠠᠬᠤᠢ ᠲᠠᠷᠢᠶᠠᠯᠠᠩ ᠤᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠪᠠᠨ ᠴᠢᠩᠭᠠᠳᠬᠠᠨ᠂ ᠮᠠᠯ ᠠᠵᠤ ᠠᠬᠤᠢ ᠲᠠᠷᠢᠶᠠᠯᠠᠩ ᠤᠨ ᠬᠦᠭᠵᠢᠯᠳᠠ ᠶᠢᠨ ᠠᠷᠭ᠎ᠠ ᠬᠡᠯᠪᠡᠷᠢ ᠪᠠᠨ ᠬᠤᠪᠢᠷᠠᠭᠤᠯᠤᠨ᠂ ᠮᠠᠯ ᠠᠵᠤ ᠠᠬᠤᠢ ᠲᠠᠷᠢᠶᠠᠯᠠᠩ ᠤᠨ ᠡᠵᠡᠩᠨᠡᠯᠳᠠ ᠶᠢᠨ ᠵᠤᠬᠢᠶᠠᠨ ᠪᠠᠶᠢᠭᠤᠯᠤᠯᠳᠠ ᠶᠢᠨ ᠰᠢᠰᠲ᠋ᠧᠮ ᠤᠨ ᠰᠢᠨ᠎ᠠ ᠶᠢ ᠡᠭᠦᠳᠴᠤ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠳᠠ ᠶᠢᠨ ᠠᠬᠢᠴᠠ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠬᠦᠭᠵᠢᠯᠳᠠ ᠶᠢᠨ ᠰᠢᠨ᠎ᠠ ᠪᠠᠶᠢᠷᠢᠰᠢᠯ ᠢ ᠪᠦᠷᠢᠯᠳᠦᠭᠦᠯᠭᠦ ᠬᠡᠷᠡᠭᠳᠡᠢ᠃ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭᠠᠳᠬᠠᠵᠤ᠂ ᠬᠦᠳᠡᠭᠡ ᠲᠤᠰᠬᠤᠨ ᠤ ᠴᠡᠭᠴᠡᠯᠡᠨ ᠵᠠᠰᠠᠬᠤ ᠲᠤᠬᠳᠠᠴᠠ ᠶᠢ ᠠᠬᠢᠭᠤᠯᠤᠨ ᠲᠡᠭᠦᠯᠳᠡᠷᠵᠢᠭᠦᠯᠭᠦ ᠪᠠᠷ ᠬᠦᠴᠦᠯᠡᠵᠤ᠂ ᠮᠠᠯᠵᠢᠬᠤ ᠲᠠᠷᠢᠶᠠᠯᠠᠬᠤ ᠤᠷᠤᠨ ᠤ ᠦᠨᠳᠦᠰᠤᠨ ᠱᠠᠳᠤᠨ ᠤ ᠨᠡᠮ ᠤᠨ ᠪᠠᠶᠢᠭᠤᠯᠤᠯᠳᠠ ᠶᠢᠨ ᠠᠵᠢᠯ ᠳᠠᠬᠢ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠭᠦ ᠶᠢ ᠠᠬᠢᠭᠤᠯᠬᠤ ᠪᠠᠷ ᠬᠦᠴᠦᠯᠡᠵᠤ᠂ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠱᠠᠳᠤᠨ ᠤ ᠦᠨᠳᠦᠰᠦᠨ ᠪᠠᠳᠤᠯᠠᠭ᠎ᠠ ᠶᠢ ᠨᠠᠶᠢᠳᠠᠪᠤᠷᠢᠵᠢᠭᠤᠯᠬᠤ ᠪᠠᠷ ᠬᠦᠴᠦᠯᠡᠵᠤ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢᠨ ᠭᠤᠤᠯᠯᠠᠭᠴᠢ ᠦᠢᠯᠡᠳᠦᠯ ᠢ ᠨᠡᠩ ᠬᠦᠢᠴᠡᠳ ᠪᠠᠳᠠᠷᠠᠭᠤᠯᠤᠨ᠂ ᠨᠠᠮ ᠤᠨ ᠮᠠᠯᠵᠢᠬᠤ ᠲᠠᠷᠢᠶᠠᠯᠠᠬᠤ ᠤᠷᠤᠨ ᠳᠠᠬᠢ ᠲᠦᠷᠤ ᠪᠠᠷᠢᠬᠤ ᠰᠠᠭᠤᠷᠢ ᠶᠢ ᠤᠯᠡᠮ ᠪᠠᠬᠢᠵᠢᠭᠦᠯᠦᠨ ᠪᠠᠳᠤᠳᠬᠠᠬᠤ ᠬᠡᠷᠡᠭᠳᠡᠢ ᠭᠡᠪᠡ᠃      ᠳᠤᠰ ᠬᠤᠷᠠᠯ ᠲᠧᠯᠧᠢᠰ ᠤᠳᠠᠰᠤ ᠬᠤᠷᠠᠯ ᠤᠨ ᠬᠡᠯᠪᠡᠷᠢ ᠪᠠᠷ ᠶᠠᠪᠤᠬᠳᠠᠪᠡ᠃ ᠦᠪᠡᠷᠳᠡᠭᠡᠨ ᠵᠠᠰᠠᠬᠤ ᠤᠷᠤᠨ ᠤ ᠬᠤᠯᠪᠤᠬᠳᠠᠯ ᠪᠦᠭᠦᠢ ᠰᠠᠯᠠᠭ᠎ᠠ ᠮᠦᠴᠢᠷ᠂ ᠨᠢᠭᠡᠴᠠ ᠶᠢᠨ ᠬᠠᠷᠢᠭᠤᠴᠠᠯᠭᠠᠳᠠᠨ ᠪᠠ ᠠᠶᠢᠮᠠᠭ ᠬᠤᠳᠠ ᠶᠢᠨ ᠬᠤᠯᠪᠤᠬᠳᠠᠯ ᠪᠦᠭᠦᠢ ᠤᠳᠤᠷᠢᠳᠤᠯᠭ᠎ᠠ ᠭᠤᠤᠯ ᠬᠤᠷᠠᠯ ᠤᠨ ᠳᠠᠯᠠᠪᠠᠢ ᠳᠤ ᠬᠤᠷᠠᠯ ᠳᠤ ᠤᠷᠤᠯᠴᠡᠨ᠂ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠢ ᠳᠤᠬᠢᠷᠠᠭᠤᠯᠪᠡ᠃  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号