ᠪᠦᠬᠦ ᠤᠯᠤᠰ ᠤᠨ ᠣᠷᠣᠨ ᠨᠤᠲᠤᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠶᠠᠷᠢᠯᠴᠠᠬᠤ ᠬᠤᠷᠠᠯ ᠢ ᠪᠤᠭᠤᠲᠤ ᠬᠤᠲᠠ ᠳᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2015/9/7
     8 ᠳ᠋ᠤᠭᠠᠷ ᠰᠠᠷ᠎ᠠ ᠶᠢᠨ 28 ᠤ ᠡᠳᠦᠷ᠂ 2015 ᠣᠨ ᠤ ᠪᠦᠬᠦ ᠤᠯᠤᠰ ᠤᠨ ᠣᠷᠣᠨ ᠨᠤᠲᠤᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠶᠠᠷᠢᠯᠴᠠᠬᠤ ᠬᠤᠷᠠᠯ ᠢ ᠪᠤᠭᠤᠲᠤ ᠬᠤᠲᠠ ᠳᠤ ᠬᠤᠷᠠᠯᠳᠤᠭᠤᠯᠵᠤ᠂ ᠣᠷᠣᠨ ᠨᠤᠲᠤᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠲᠤᠬᠠᠶ ᠲᠥᠪ ᠤᠨ ᠤᠷᠤᠨ ᠲᠤᠭᠠᠨ ᠤ ᠵᠦᠪᠯᠡᠯ ᠤᠨ ᠤᠳᠤᠷᠢᠳᠤᠯᠭ᠎ᠠ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ᠂ ᠡᠯ᠎ᠡ ᠭᠠᠵᠠᠷ ᠤᠳ ᠲᠤᠷᠰᠢᠯᠭ᠎ᠠ ᠪᠤᠯᠤᠨ ᠠᠷᠭ᠎ᠠ ᠪᠠᠨ ᠰᠤᠯᠢᠯᠴᠠᠵᠤ᠂ ᠬᠠᠷᠢᠯᠴᠠᠨ ᠰᠤᠷᠤᠯᠴᠠᠨ ᠲᠤᠯᠢᠳᠠᠵᠤ᠂ ᠣᠯᠠᠨ ᠢᠶᠠᠷ ᠢᠶᠠᠨ ᠠᠷᠭ᠎ᠠ ᠤᠬᠠᠭᠠᠨ ᠭᠠᠷᠭᠠᠵᠤ᠂ ᠠᠰᠠᠭᠤᠳᠠᠯ ᠢ ᠰᠤᠳᠤᠯᠤᠨ᠂ ᠣᠷᠣᠨ ᠨᠤᠲᠤᠭ ᠢᠯᠠᠩᠭᠤᠶ᠎ᠠ ᠬᠤᠲᠠ ᠰᠢᠶᠠᠨ ᠤ ᠬᠤᠶᠠᠷ ᠱᠠᠲᠤᠨ ᠤ ᠬᠢᠨᠠᠨ ᠵᠦᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢᠨ ᠠᠵᠢᠯ ᠢ ᠤᠯᠠᠮ ᠨᠢᠭᠡ ᠠᠯᠬᠤᠮ ᠳᠥᠯᠭᠢᠨ ᠠᠬᠢᠭᠤᠯᠪᠠ᠃      ᠲᠥᠪ ᠤᠨ ᠤᠷᠤᠨ ᠲᠤᠭᠠᠨ ᠤ ᠠᠵᠢᠯ ᠤᠨ ᠠᠯᠪᠠᠨ ᠭᠡᠷ ᠤᠨ ᠳᠡᠳ᠋ ᠡᠷᠬᠢᠯᠡᠭᠴᠢ ᠾᠧ ᠵᠢᠶᠠᠨ ᠵᠥᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃      ᠲᠥᠪ ᠤᠨ ᠤᠷᠤᠨ ᠲᠤᠭᠠᠨ ᠤ ᠠᠵᠢᠯ ᠤᠨ ᠠᠯᠪᠠᠨ ᠭᠡᠷ ᠤᠨ ᠭᠤᠷᠪᠠᠳᠤᠭᠠᠷ ᠵᠤᠷᠭᠠᠨ ᠤ ᠳᠠᠷᠤᠭ᠎ᠠ ᠶᠢᠨ ᠶᠦᠩ ᠯᠦᠩ ᠬᠤᠷᠠᠯ ᠡᠷᠭᠢᠯᠡᠪᠡ᠃      ᠥᠪᠡᠷᠲᠡᠭᠡᠨ ᠵᠠᠰᠠᠬᠤ ᠣᠷᠣᠨ ᠤ ᠤᠷᠤᠨ ᠲᠤᠭᠠᠨ ᠤ ᠠᠵᠢᠯ ᠤᠨ ᠠᠯᠪᠠᠨ ᠭᠡᠷ ᠤᠨ ᠡᠷᠬᠢᠯᠡᠭᠴᠢ ᠯᠢᠤ ᠢᠦᠢ ᠬᠤᠸᠠ ᠬᠢᠭᠡᠳ ᠪᠦᠬᠦ ᠤᠯᠤᠰ ᠤᠨ ᠡᠯ᠎ᠡ ᠮᠤᠵᠢ᠂ ᠰᠢᠭᠤᠳ ᠬᠠᠷᠢᠶ᠎ᠠ ᠬᠤᠲᠠ᠂ ᠥᠪᠡᠷᠲᠡᠭᠡᠨ ᠵᠠᠰᠠᠬᠤ ᠣᠷᠣᠨ ᠵᠢᠴᠢ ᠬᠡᠰᠡᠭ ᠬᠤᠲᠠ ᠰᠢᠶᠠᠨ ᠤ ᠤᠷᠤᠨ ᠲᠤᠭᠠᠨ ᠤ ᠠᠵᠢᠯ ᠤᠨ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠪᠤᠤ ᠭᠠᠨᠭ᠌ ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠪᠤᠤ ᠭᠠᠨᠭ᠌ ᠬᠡᠯᠡᠭᠰᠡᠨ ᠨᠢ᠂ ᠣᠷᠣᠨ ᠨᠤᠲᠤᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠪᠣᠯ ᠤᠯᠤᠰ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠵᠠᠰᠠᠭ ᠢ ᠴᠤᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠲᠦᠯᠬᠢᠨ ᠠᠬᠢᠭᠤᠯᠬᠤ ᠴᠢᠬᠤᠯᠠ ᠭᠠᠷᠳᠠᠴᠠ ᠪᠣᠯᠤᠨ᠎ᠠ᠃ ᠨᠠᠮ ᠤᠨ ᠠᠷᠪᠠᠨ ᠨᠠᠶᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠨᠠᠰᠢ᠂ ᠪᠤᠭᠤᠲᠤ ᠬᠤᠲᠠ ᠠᠵᠤ ᠠᠬᠤᠶ ᠶᠢᠨ ᠰᠠᠭᠤᠷᠢ ᠶᠢ  ᠪᠠᠲᠤᠵᠢᠭᠤᠯᠵᠤ᠂ ᠬᠠᠲᠠᠭᠤ ᠣᠷᠴᠢᠨ ᠲᠣᠭᠤᠷᠢᠨ ᠢ ᠴᠢᠩᠭᠠᠳᠬᠠᠭᠰᠠᠨ ᠤ ᠬᠠᠮᠲᠤ ᠵᠥᠭᠡᠯᠡᠨ ᠤᠷᠴᠢᠨ ᠲᠤᠭᠤᠷᠢᠨ ᠤ ᠬᠦᠭᠵᠢᠯᠲᠡ ᠶᠢ ᠴᠤᠭᠴᠠᠯᠠᠬᠤ ᠶᠢ ᠨᠡᠩ ᠴᠢᠬᠤᠯᠠᠴᠢᠯᠠᠵᠤ᠂ ᠵᠠᠰᠠᠭ ᠢ ᠴᠤᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠬᠦᠯᠬᠦ ᠪᠠᠷ ᠶᠡᠷᠦᠩᠬᠡᠶ ᠭᠠᠷᠳᠠᠴᠠ ᠪᠤᠯᠭᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠵᠣᠷᠢᠭᠲᠠᠶ ᠪᠠᠷ ᠳᠥᠯᠭᠢᠨ ᠠᠬᠢᠭᠤᠯᠵᠤ᠂ ᠬᠢᠨᠠᠨ ᠵᠥᠪᠰᠢᠶᠡᠷᠡᠬᠦ ᠵᠦᠢᠯᠡᠰ ᠢ ᠳᠦᠭᠦᠮᠴᠢᠯᠡᠵᠤ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠣᠭᠤᠨᠢᠰᠬᠠᠵᠤ᠂ ᠵᠠᠰᠠᠭ ᠵᠠᠬᠢᠷᠭᠠᠨ ᠤ ᠰᠦᠢᠳᠬᠡᠯ ᠬᠤᠷᠢᠶᠠᠬᠤ ᠶᠢ ᠪᠠᠭᠠᠰᠬᠠᠵᠤ᠂ ᠦᠢᠯᠡᠴᠢᠯᠡᠭᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠵᠦ ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠢᠴᠡᠳ ᠬᠥᠭᠵᠢᠭᠡᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠤᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠢᠨᠠᠨ ᠵᠦᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢᠨ ᠠᠯᠪᠠᠨ ᠭᠡᠷ ᠲᠤ ᠪᠦᠬᠦ ᠤᠯᠤᠰ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠬᠠᠷᠢᠯᠴᠠᠬᠤ ᠴᠢᠭ᠋ ᠢᠶᠠᠷ ᠲᠤᠭᠲᠠᠭᠠᠭᠳᠠᠪᠠ᠃ ᠪᠦᠬᠦ ᠤᠯᠤᠰ ᠤᠨ ᠣᠷᠣᠨ ᠨᠤᠲᠤᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠶᠠᠷᠢᠯᠴᠠᠬᠤ ᠬᠤᠷᠠᠯ ᠢ ᠪᠤᠭᠤᠲᠤ ᠬᠤᠲᠠ ᠳᠤ ᠬᠤᠷᠠᠯᠳᠤᠭᠤᠯᠤᠭᠰᠠᠨ ᠨᠢ ᠪᠤᠭᠤᠲᠤ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠳᠤ ᠦᠵᠡᠭᠦᠯᠦᠭᠰᠡᠨ ᠳᠡᠮᠵᠢᠯᠡᠭᠡ ᠪᠤᠯᠤᠨ ᠬᠠᠯᠠᠮᠵᠢᠯᠠᠯ ᠪᠤᠯᠬᠤ ᠮᠦᠷᠲᠡᠭᠡᠨ ᠪᠠᠰᠠ ᠴᠤ ᠪᠤᠭᠤᠲᠤ ᠬᠤᠲᠠ ᠶᠢᠨ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠤᠯᠭᠤᠭᠰᠠᠨ ᠵᠤᠷᠢᠭᠵᠢᠭᠤᠯᠤᠯ  ᠪᠠ ᠠᠬᠢᠭᠤᠯᠤᠯ ᠪᠤᠯᠤᠨ᠎ᠠ᠃ ᠪᠢᠳᠡ ᠡᠭᠦᠨ ᠢᠶᠠᠷ ᠠᠵᠠ ᠲᠣᠬᠢᠶᠠᠯ ᠪᠤᠯᠭᠠᠨ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠤᠯᠤᠰ ᠪᠤᠯᠤᠨ ᠥᠪᠡᠷᠲᠡᠭᠡᠨ ᠵᠠᠰᠠᠬᠤ ᠣᠷᠣᠨ ᠤ ᠠᠯᠢ ᠤᠯᠠᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠡᠷᠡᠰ ᠲᠤᠤᠱᠯᠠᠭᠤᠯᠵᠤ᠂ ᠪᠦᠬᠦ ᠤᠯᠤᠰ ᠤᠨ ᠡᠯ᠎ᠡ ᠭᠠᠵᠠᠷ ᠪᠣᠯᠤᠨ ᠠᠬ᠎ᠠ ᠳᠡᠭᠦᠦ ᠲᠤᠰᠬᠠᠢ ᠤᠷᠤᠨ ᠬᠤᠲᠠ ᠶᠢᠨ ᠲᠤᠷᠰᠢᠯᠭ᠎ᠠ ᠪᠤᠯᠤᠨ ᠠᠷᠭ᠎ᠠ ᠶᠢ ᠬᠢᠨᠠᠮᠠᠭᠠᠶ ᠰᠤᠷᠤᠯᠴᠠᠨ ᠲᠤᠯᠢᠳᠠᠵᠤ᠂ ᠪᠤᠭᠤᠲᠤ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠲᠠᠰᠤᠷᠠᠯᠲᠠ ᠦᠭᠡᠶ ᠭᠦᠨᠵᠡᠭᠡᠶᠢᠷᠡᠭᠦᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠨᠡᠩ ᠰᠠᠶᠢᠨ ᠰᠠᠶᠢᠬᠠᠨ ᠣᠷᠴᠢᠨ ᠨᠥᠬᠦᠴᠡᠯ ᠢ ᠢᠳᠡᠪᠬᠢᠲᠡᠶ ᠪᠤᠶ ᠪᠤᠯᠭᠠᠨ᠂ ᠪᠤᠭᠤᠲᠤ ᠬᠤᠲᠠ ᠪᠠᠨ ᠡᠬᠡ ᠣᠷᠣᠨ ᠤ ᠤᠮᠠᠷᠠᠲᠤ ᠬᠢᠯᠢ ᠶᠢᠨ ᠦᠵᠡᠮᠵᠢ ᠶᠢᠨ ᠣᠷᠣᠨ ᠤ ᠭᠢᠯᠠᠯᠵᠠᠭᠰᠠᠨ ᠭᠡᠷᠡᠯᠲᠦ ᠰᠤᠪᠤᠳ ᠪᠤᠯᠭᠠᠨ ᠪᠠᠶᠢᠭᠤᠯᠬᠤ ᠪᠠᠷ ᠴᠢᠷᠮᠠᠶᠢᠨ᠎ᠠ ᠬᠡᠵᠠᠢ᠃      ᠾᠧ ᠵᠢᠶᠠᠨ ᠵᠥᠩ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠣᠷᠣᠨ ᠨᠤᠲᠤᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠪᠣᠯ ᠪᠦᠬᠦ ᠬᠢᠨᠠᠨ ᠵᠦᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢᠨ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠬᠤᠲᠠ ᠰᠢᠶᠠᠨ ᠤ ᠬᠤᠶᠠᠷ ᠱᠠᠲᠤ ᠪᠤᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ︽ᠬᠠᠮᠤᠭ ᠡᠴᠦᠰ ᠤᠨ ᠨᠢᠭᠡ ᠺᠢᠯᠣᠮᠧᠲᠷ︾ ᠪᠤᠯᠤᠨ᠎ᠠ᠂ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠤᠯᠤᠨ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠵᠠᠩᠬᠢᠯᠠᠭ᠎ᠠ ᠶᠢᠨ ᠠᠯᠬᠤᠮ ᠪᠤᠯᠤᠨ᠎ᠠ᠃ ᠡᠯ᠎ᠡ ᠭᠠᠵᠠᠷ ᠤᠨ ᠬᠢᠨ ᠮᠤᠵᠢ ᠶᠢᠨ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠲᠥᠪ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ︽ᠲᠤᠰᠬᠤ᠂ ᠪᠠᠭᠤᠯᠭᠠᠬᠤ᠂ ᠬᠠᠮᠢᠶᠠᠷᠬᠤ︾ ᠪᠠ ︽ᠬᠠᠰᠤᠬᠤ᠂ ᠡᠵᠡᠮᠳᠡᠬᠦ᠂ ᠦᠢᠯᠡᠴᠢᠡᠬᠦ︾ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ᠂ ᠲᠤᠬᠠᠶᠢᠯᠠᠪᠠᠯ ᠣᠷᠣᠨ ᠨᠤᠲᠤᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠪᠦᠬᠦ ᠲᠠᠯ᠎ᠠ ᠪᠠᠷ ᠴᠡᠪᠡᠷᠯᠡᠨ ᠠᠷᠢᠯᠭᠠᠵᠤ᠂ ᠶᠡᠭᠡ ᠬᠡᠮᠵᠢᠶᠡᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠳᠠᠭᠠᠭᠠᠨ ᠠᠪᠬᠤ ᠪᠠ ᠴᠦᠭᠡᠳᠭᠡᠵᠤ᠂ ᠦᠯᠡᠳᠡᠭᠡᠭᠰᠡᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠵᠢᠷᠤᠮᠵᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠷᠭ᠎ᠠ ᠪᠣᠯᠤᠨ ᠲᠣᠭᠲᠠᠴᠠ ᠶᠢ ᠰᠢᠨᠡᠴᠢᠯᠡᠵᠤ᠂ ᠭᠤᠤᠯᠳᠠᠯᠭ᠎ᠠ ᠲᠠᠢ ᠬᠦᠷᠢᠶᠡᠨ ᠳᠠᠬᠢ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠢ ᠦᠭᠡᠷᠡᠴᠢᠯᠡᠵᠤ᠂ ᠣᠳᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢᠶᠠᠷ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠤ᠂ ᠬᠠᠮᠢᠶ᠎ᠠ ᠪᠦᠬᠦᠢ ᠥᠭᠡᠷᠡᠴᠢᠯᠡᠯᠲᠡ ᠶᠢᠨ ᠢᠵᠢ ᠪᠦᠷᠢᠳᠦᠭᠦᠯᠦᠨ ᠬᠤᠯᠪᠤᠭᠠᠯᠠᠨ ᠬᠦᠳᠡᠯᠦᠯᠴᠡᠬᠦ ᠠᠵᠢᠯ ᠢ ᠴᠠᠭ ᠲᠤᠬᠠᠶ ᠳᠤᠨᠢ ᠦᠷᠨᠢᠭᠦᠯᠵᠤ᠂ ᠬᠢᠨᠠᠨ ᠵᠥᠪᠰᠢᠶᠡᠷᠡᠬᠦ ᠶᠠᠪᠤᠴᠠ ᠪᠤᠯᠤᠨ ᠠᠵᠢᠯᠯᠠᠭ᠎ᠠ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠡᠷᠡᠭ ᠤᠨ ᠳᠤᠮᠳᠠ ᠪᠤᠯᠤᠨ ᠬᠡᠷᠡᠭ ᠤᠨ ᠳᠠᠷᠠᠭ᠎ᠠ ᠬᠢᠨᠠᠨ ᠬᠠᠮᠢᠶᠠᠷᠬᠤ ᠠᠷᠭ᠎ᠠ ᠵᠠᠮ ᠢ ᠬᠠᠶᠢᠨ ᠰᠦᠪᠡᠭᠴᠢᠯᠡᠭᠡᠳ᠂ ᠴᠢᠬᠤᠯᠠ ᠠᠬᠢᠯᠲᠠ ᠪᠠ ᠢᠯᠡᠳᠲᠡ ᠦᠷ᠎ᠡ ᠪᠦᠲᠦᠮᠵᠢ ᠣᠯᠤᠭᠰᠠᠨ ᠪᠠᠶᠢᠨ᠎ᠠ᠃ ᠭᠡᠪᠡᠴᠦ ᠤᠳᠤᠬᠠᠨ ᠳᠤ᠂ ᠠᠵᠤ ᠠᠬᠤᠶᠢᠯᠠᠯ ᠪᠤᠯᠤᠨ ᠣᠯᠠᠨ ᠲᠦᠮᠡᠨ  ᠬᠢᠨᠠᠨ ᠵᠦᠪᠰᠢᠶᠡᠷᠡᠬᠦ ᠳᠦᠷᠢᠮ ᠤᠨ ᠦᠭᠡᠷᠡᠴᠢᠯᠡᠯᠲᠡ ᠳᠤ ᠲᠡᠶᠢᠮᠦ ᠬᠠᠨᠤᠮᠵᠢᠲᠠᠢ ᠪᠢᠰᠢ᠂ ᠬᠦᠴᠦᠨ ᠦᠭᠡᠶ ᠪᠤᠯᠭᠠᠨ ᠳᠣᠷᠣᠭᠰᠢ ᠪᠠᠭᠤᠯᠭᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠨᠢ ᠵᠠᠷᠢᠮ ᠭᠠᠵᠠᠷ ᠣᠷᠣᠨ ᠳᠤ ᠪᠦᠷᠢᠮᠦᠰᠦᠨ ᠨᠠᠶᠢᠳᠠᠪᠤᠷᠢᠵᠢᠭᠠᠳᠤᠢ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠢᠨᠠᠨ ᠵᠥᠪᠰᠢᠶᠡᠷᠡᠬᠦ ᠲᠤᠭ᠎ᠠ ᠪᠠᠷᠢᠮᠲᠠ ᠶᠢᠨ ︽ᠮᠡᠳᠡᠭᠡ ᠵᠠᠩᠭᠢ ᠶᠢᠨ ᠥᠨᠥᠴᠢᠨ ᠠᠷᠠᠯ︾ ᠤᠨ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠵᠤ᠂ ᠬᠡᠷᠡᠭ ᠤᠨ ᠳᠤᠮᠳᠠ ᠬᠡᠷᠡᠭ ᠤᠨ  ᠳᠠᠷᠠᠭ᠎ᠠ ᠬᠢᠨᠠᠨ ᠬᠠᠮᠢᠶᠠᠷᠬᠤ ᠶᠠᠪᠤᠳᠠᠯ ᠮᠥᠨ ᠯᠡ ᠨᠡᠯᠢᠶᠡᠳ ᠪᠠᠭᠤᠷᠠᠶ ᠪᠠᠶᠢᠨ᠎ᠠ᠂ ᠡᠳᠡᠭᠡᠷ ᠠᠰᠠᠭᠤᠳᠠᠯ ᠢ ᠪᠢᠳᠡ ᠮᠦᠨᠬᠦ ᠬᠦᠴᠦ ᠲᠠᠯᠪᠢᠨ ᠰᠢᠢᠳᠪᠦᠷᠢᠯᠡᠬᠦ ᠴᠢᠬᠤᠯᠠᠲᠠᠢ ᠪᠠᠶᠢᠬᠤ ᠶᠢ ᠭᠦᠢᠴᠡᠳ ᠲᠠᠨᠢᠬᠤ ᠬᠡᠷᠡᠭᠲᠠᠢ ᠬᠡᠪᠡ᠃      ᠾᠧ ᠵᠢᠶᠠᠨ ᠵᠥᠩ ᠴᠢᠬᠤᠯᠠᠴᠢᠯᠠᠭᠰᠠᠨ ᠨᠢ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠢ ᠦᠭᠡᠷᠡᠴᠢᠯᠡᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠮᠦᠨ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠰᠠᠭ ᠢ ᠴᠤᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠴᠢᠬᠤᠯᠠ ᠠᠭᠤᠯᠭ᠎ᠠ ᠪᠤᠯᠤᠨ ᠠᠷᠭ᠎ᠠ ᠬᠡᠮᠵᠢᠶ᠎ᠡ ᠮᠦᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠴᠢᠯᠦᠭᠡᠯᠡᠵᠤ᠂ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠵᠠᠩᠭᠢᠯᠠᠭ᠎ᠠ ᠶᠢᠨ ᠨᠢᠭᠡᠨ ᠠᠷᠭ᠎ᠠ ᠪᠤᠯᠤᠨ᠎ᠠ᠃ ᠥᠭᠡᠷᠡᠴᠢᠯᠡᠯᠲᠡ ᠬᠢᠬᠦ ᠶᠢᠨ ᠵᠣᠷᠢᠯᠭ᠎ᠠ ᠨᠢ ᠵᠥᠪᠬᠡᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ  ᠴᠦᠭᠡᠳᠭᠡᠬᠦ ᠯᠡ ᠶᠠᠪᠤᠳᠠᠯ ᠪᠢᠰᠢ᠂ ᠨᠡᠩ ᠴᠢᠬᠤᠯᠠ ᠨᠢ ᠡᠭᠦᠨ ᠢᠶᠠᠷ ᠭᠠᠷᠳᠠᠴᠠ ᠪᠣᠯᠭᠠᠵᠤ᠂ ᠵᠠᠰᠠᠭ ᠤᠨ ᠣᠷᠳᠣᠨ ᠤ ᠡᠷᠭᠡ ᠴᠢᠳᠠᠪᠤᠷᠢ ᠶᠢ ᠤᠯᠠᠮ ᠨᠢᠭᠡ ᠠᠯᠬᠤᠮ ᠬᠤᠪᠢᠷᠠᠭᠤᠯᠵᠤ᠂ ᠡᠭᠦᠨ ᠤ ᠤᠯᠠᠮ ᠢᠶᠠᠷ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠠᠷᠢᠴᠠᠭ᠎ᠠ ᠶᠢ ᠤᠯᠠᠮ ᠲᠤᠲᠤᠷᠬᠠᠢ ᠪᠤᠯᠭᠠᠨ᠂ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠦᠢᠯᠡᠳᠦᠯ ᠢ ᠪᠠᠳᠠᠷᠠᠭᠤᠯᠬᠤ ᠪᠠ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠨ ᠪᠠᠳᠠᠷᠠᠭᠤᠯᠬᠤ ᠶᠠᠪᠤᠳᠠᠯ ᠪᠣᠯᠤᠨ᠎ᠠ᠃ ᠡᠶᠢᠮᠦ ᠠᠴᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠨᠢ ᠣᠯᠠᠨ ᠲᠠᠯ᠎ᠠ ᠶᠢᠨ ᠴᠢᠬᠤᠯᠠ ᠶᠡᠭᠡ ᠠᠴᠢ ᠬᠤᠯᠪᠣᠭᠳᠠᠯ ᠲᠠᠢ ᠪᠦᠭᠡᠳ ᠨᠢᠭᠡ ᠤᠳᠠᠭᠠᠨ ᠤ ᠪᠡᠷᠬᠡ ᠬᠠᠲᠠᠭᠤᠵᠢᠯᠲᠠᠶ ᠳᠠᠶᠢᠨ᠂ ᠤᠳᠠᠭᠠᠨ ᠳᠠᠭᠠᠭᠠᠮᠠᠭᠠᠶ ᠳᠠᠶᠢᠨ ᠪᠤᠯᠤᠨ᠎ᠠ᠃ ᠡᠯ᠎ᠡ ᠭᠠᠵᠠᠷ ᠤᠨ ᠬᠢᠨ ᠲᠥᠪ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠨᠢᠭᠡᠨᠲᠡ ᠣᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠬᠦ ᠰᠠᠭᠤᠷᠢᠨ ᠳᠡᠭᠡᠷ᠎ᠡ᠂ ᠪᠣᠳᠠᠲᠤ ᠬᠡᠷᠡᠭᠴᠡᠭᠡ ᠠᠴᠠ ᠪᠠᠨ ᠡᠭᠦᠰᠴᠦ ᠥᠭᠡᠷᠡᠴᠢᠯᠡᠯᠲᠡ ᠶᠢ ᠬᠦᠨᠵᠡᠭᠡᠶᠢᠷᠡᠭᠦᠯᠵᠤ᠂ ᠦᠨᠡᠨ ᠢ ᠪᠠᠷᠢᠮᠲᠠᠯᠠᠵᠤ᠂ ᠥᠪᠡᠷ ᠤᠨ ᠣᠨᠴᠠᠯᠢᠭ ᠢᠶᠠᠨ ᠳᠤᠪᠤᠶᠢᠯᠭᠠᠬᠤ ᠬᠡᠷᠡᠭᠲᠠᠢ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠢ ᠬᠦᠴᠦᠨ ᠦᠭᠡᠢ ᠪᠤᠯᠭᠠᠭᠰᠠᠨ᠂ ᠳᠤᠷᠤᠭᠰᠢ ᠪᠠᠭᠤᠯᠭᠠᠭᠰᠠᠨ ᠲᠤᠭ᠎ᠠ ᠪᠠᠷ ᠢᠶᠠᠨ ᠬᠠᠷᠢᠯᠴᠠᠨ ᠮᠥᠴᠡᠭᠡᠷᠬᠡᠵᠦ ᠪᠣᠯᠬᠤ ᠦᠭᠡᠢ︔ ᠬᠦᠴᠦᠨ ᠦᠭᠡᠢ ᠪᠤᠯᠭᠠᠬᠤ᠂ ᠳᠣᠷᠣᠭᠰᠢ ᠪᠠᠭᠤᠯᠭᠠᠬᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠵᠠᠩᠬᠢᠯᠠᠭ᠎ᠠ ᠶᠢ ᠴᠢᠩᠭ᠎ᠠ ᠠᠳᠬᠤᠵᠤ᠂ ᠠᠮᠤᠷ ᠲᠦᠪᠰᠢᠨ᠂ ᠲᠣᠭᠲᠠᠭᠤᠨ ᠢ ᠬᠠᠮᠠᠭᠠᠯᠠᠬᠤ᠂ ᠦᠵᠡᠯ ᠤᠬᠠᠮᠰᠠᠷ ᠤᠨ ᠬᠡᠯᠪᠡᠷᠢ ᠵᠡᠷᠭᠡ ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠭᠰᠠᠨ ᠴᠢᠬᠤᠯᠠ ᠶᠡᠭᠡ ᠵᠦᠢᠯᠡᠰ ᠢ ᠡᠷᠬᠡᠪᠰᠢ ᠪᠤᠯᠭᠤᠮᠵᠢᠲᠠᠢ ᠰᠤᠳᠤᠯᠬᠤ ᠬᠡᠷᠡᠭᠲᠠᠢ︔ ᠬᠦᠴᠦᠨ ᠦᠭᠡᠢ ᠪᠤᠯᠭᠠᠭᠰᠠᠨ᠂ ᠳᠣᠷᠣᠭᠰᠢ ᠪᠠᠭᠤᠯᠭᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠨᠠᠶᠢᠳᠠᠪᠤᠷᠢᠵᠢᠭᠤᠯᠤᠯ ᠢ ᠰᠠᠶᠢᠲᠤᠷ ᠠᠳᠬᠤᠵᠤ᠂ ᠳᠠᠭᠠᠭᠠᠨ ᠠᠪᠬᠤ ᠡᠭᠦᠷᠭᠡ ᠬᠠᠷᠢᠭᠤᠴᠠᠯᠭ᠎ᠠ᠂ ᠳᠠᠭᠠᠭᠠᠨ ᠠᠪᠬᠤ ᠴᠢᠳᠠᠪᠤᠷᠢ ᠪᠤᠯᠤᠨ ᠳᠠᠭᠠᠭᠠᠨ ᠠᠪᠬᠤ ᠨᠥᠬᠦᠴᠡᠯ ᠢ ᠤᠯᠠᠮ ᠨᠢᠭᠡ ᠠᠯᠬᠤᠮ ᠲᠤᠲᠤᠷᠬᠠᠶᠢᠯᠠᠬᠤ ᠬᠡᠷᠡᠭᠲᠠᠢ᠂ ᠠᠯᠪᠠ ᠬᠠᠰᠢᠵᠤ ᠪᠤᠯᠬᠤ ᠦᠭᠡᠢ᠃ ᠪᠣᠳᠠᠲᠤ ᠦᠷ᠎ᠡ ᠪᠦᠲᠦᠮᠵᠢ ᠶᠢᠨ ᠠᠰᠠᠭᠤᠳᠠᠯ ᠢ ᠨᠡᠩ ᠴᠢᠬᠤᠯᠠᠴᠢᠯᠠᠨ ᠰᠢᠢᠳᠪᠦᠷᠢᠯᠡᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠠᠬᠤᠶᠢᠯᠠᠯ᠂ ᠣᠯᠠᠨ ᠲᠦᠮᠡᠨ ᠤ ᠲᠤᠰᠬᠠᠯ ᠶᠡᠬᠡᠲᠡᠶ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠦᠶ ᠵᠣᠬᠢᠰ ᠦᠭᠡᠶ᠂ ᠴᠢᠬᠤᠯᠠ ᠪᠤᠰᠤ ᠭᠡᠷᠡᠴᠢ ᠲᠡᠮᠳᠡᠭ ᠪᠤᠯᠤᠨ ᠰᠦᠢᠳᠭᠡᠯ ᠬᠤᠷᠢᠶᠠᠬᠤ ᠲᠦᠷᠦᠯ ᠵᠦᠢᠯ ᠢ ᠴᠢᠨᠠᠭᠰᠢᠳᠠ ᠬᠦᠴᠦᠨ ᠦᠭᠡᠢ ᠪᠤᠯᠭᠠᠵᠤ᠂ ᠬᠢᠨᠠᠨ ᠵᠥᠪᠰᠢᠶᠡᠷᠡᠬᠦ ᠦᠨᠡᠨᠬᠦ ᠴᠢᠬᠤᠯᠠᠲᠠᠢ ᠵᠦᠢᠯᠡᠰ ᠲᠤ ᠬᠠᠤᠯᠢ ᠳᠦᠷᠢᠮ ᠤᠨ ᠱᠠᠭᠠᠷᠳᠠᠯᠭ᠎ᠠ ᠶᠣᠰᠣᠭᠠᠷ ᠬᠢᠨᠠᠨ ᠵᠥᠪᠰᠢᠶᠡᠷᠡᠬᠦ ᠬᠠᠷᠢᠭᠤᠴᠠᠯᠭ᠎ᠠ ᠶᠢ ᠦᠨᠡᠨ ᠬᠦ ᠰᠠᠶᠢᠲᠤᠷ ᠡᠭᠦᠷᠭᠡᠯᠡᠵᠦ᠂ ︽ᠣᠯᠠᠨ ᠲᠦᠮᠡᠨ ᠳᠤ ᠨᠣᠭᠤᠭ᠎ᠠ ᠬᠦᠷᠭᠡᠵᠤ ᠪᠠᠶᠢᠭᠰᠠᠨ︾ ᠢᠶᠠᠨ ︽ᠣᠯᠠᠨ ᠲᠦᠮᠡᠨ ᠢᠶᠠᠷ ᠨᠣᠭᠤᠭ᠎ᠠ ᠵᠠᠬᠢᠶᠠᠯᠠᠭᠤᠯᠬᠤ︾ ᠪᠤᠯᠭᠠᠨ᠂ ︽ᠬᠠᠮᠤᠭ ᠡᠴᠦᠰ ᠤᠨ ᠨᠢᠭᠡ ᠺᠢᠯᠣᠮᠧᠲᠷ︾ ᠤᠨ ᠠᠰᠠᠭᠤᠳᠠᠯ ᠢ ᠴᠢᠷᠮᠠᠶᠢᠨ ᠰᠢᠢᠳᠪᠦᠷᠢᠯᠡᠬᠦ ᠬᠡᠷᠡᠭᠲᠠᠢ᠃ ᠬᠡᠷᠡᠭ ᠤᠨ ᠳᠤᠮᠳᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠨ ᠦᠨᠡᠨ ᠬᠦ ᠴᠢᠩᠭᠠᠳᠬᠠᠵᠤ᠂ ᠵᠦᠪᠰᠢᠶᠡᠷᠡᠭᠰᠡᠨ ᠤ ᠳᠠᠷᠠᠭᠠᠬᠢ ᠬᠢᠨᠠᠨ ᠬᠠᠮᠢᠶᠠᠷᠬᠤ ᠳᠦᠷᠢᠮ ᠢᠶᠠᠨ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠶᠢᠴᠠᠭᠠᠨ ᠰᠢᠯᠭᠠᠬᠤ᠂ ᠰᠤᠩᠭᠤᠴᠠᠨ ᠪᠠᠶᠢᠴᠠᠭᠠᠬᠤ ᠵᠡᠷᠭᠡ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠨ ᠰᠠᠶᠢᠵᠢᠷᠠᠭᠤᠯᠵᠤ᠂ ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠬᠦᠳᠡᠯᠦᠯ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ︽ᠬᠢᠨᠠᠨ ᠵᠥᠪᠰᠢᠶᠡᠷᠡᠬᠦ ᠶᠢ ᠴᠢᠬᠤᠯᠠᠴᠢᠯᠠᠵᠤ᠂ ᠬᠢᠨᠠᠵᠤ ᠬᠠᠮᠢᠶᠠᠷᠬᠤ ᠪᠠᠨ ᠤᠮᠳᠠᠭᠠᠶᠢᠯᠠᠬᠤ︾᠂ ︽ᠵᠦᠪᠰᠢᠶᠡᠷᠡᠬᠦ ᠠᠴᠠ ᠪᠢᠰᠢ ᠬᠠᠮᠢᠶᠠᠷᠳᠠᠭ ᠦᠭᠡᠢ︾ ᠠᠰᠠᠭᠤᠳᠠᠯ ᠢ ᠬᠦᠴᠦᠨ ᠲᠠᠯᠪᠢᠨ ᠰᠢᠢᠳᠪᠦᠷᠢᠯᠡᠵᠤ  ᠂ ᠢᠯᠡ ᠲᠣᠳᠣ᠂ ᠳᠥᠭᠦᠮ ᠳᠥᠲᠡ ᠥᠨᠳᠥᠷ ᠪᠦᠲᠦᠮᠵᠢᠲᠡᠶ᠂ ᠨᠠᠷᠢᠨ ᠨᠢᠭᠲᠠ ᠳᠠᠷᠠᠭᠠᠯᠠᠯ ᠲᠠᠢ᠂ ᠡᠷᠬᠡ ᠬᠠᠷᠢᠭᠤᠴᠠᠯᠭ᠎ᠠ ᠨᠢ ᠨᠢᠭᠡᠳᠦᠯᠲᠠᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯᠯᠠᠭᠠᠨ ᠤ ᠬᠢᠨᠠᠨ ᠬᠠᠮᠢᠶᠠᠷᠬᠤ ᠲᠣᠭᠲᠠᠴᠠ ᠪᠤᠯᠤᠨ ᠬᠡᠷᠡᠭ ᠤᠨ ᠳᠤᠮᠳᠠ ᠬᠡᠷᠡᠭ ᠤᠨ ᠳᠠᠷᠠᠭᠠᠬᠢ ᠰᠢᠨᠵᠢᠯᠡᠬᠦ ᠤᠬᠠᠭᠠᠨᠴᠢ ᠪᠦᠭᠡᠳ ᠪᠦᠷᠢᠨ ᠲᠡᠭᠦᠯᠳᠡᠷ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠠᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠴᠢᠩᠭᠠᠳᠬᠠᠵᠤ᠂ ᠥᠪᠡᠷ ᠥᠪᠡᠷ ᠤᠨ ᠪᠡᠶᠡᠴᠢ ᠴᠢᠳᠠᠮᠠᠭᠠᠶ ᠴᠢᠨᠠᠷ ᠢᠶᠠᠨ ᠭᠦᠢᠴᠡᠳ ᠪᠠᠳᠠᠷᠠᠭᠤᠯᠵᠤ᠂ ᠦᠵᠡᠯ ᠰᠠᠨᠠᠭ᠎ᠠ ᠪᠠᠨ ᠴᠢᠯᠦᠭᠡᠯᠡᠵᠤ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠲᠤᠬᠠᠶ ᠶᠢᠨ ᠭᠠᠵᠠᠷ ᠤᠨ ᠢᠶᠠᠨ ᠪᠠᠶᠢᠳᠠᠯ ᠳᠤ ᠲᠤᠬᠢᠷᠠᠭᠤᠯᠵᠤ᠂ ᠨᠢᠭᠡ ᠪᠦᠯᠦᠭ ᠲᠤᠬᠠᠢ ᠶᠢᠨ ᠭᠠᠵᠠᠷ ᠲᠤ ᠦᠨᠡᠨᠬᠦ ᠲᠤᠬᠢᠷᠠᠭᠰᠠᠨ᠂ ᠪᠣᠳᠠᠲᠤ ᠪᠠᠶᠢᠳᠠᠯ ᠳᠤ ᠨᠡᠶᠢᠴᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠣᠯᠠᠨ ᠬᠠᠶᠢᠨ ᠰᠦᠪᠡᠭᠴᠢᠯᠡᠵᠦ᠂ ᠪᠤᠰᠤᠳ ᠭᠠᠵᠠᠷ ᠣᠷᠣᠨ ᠤ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠰᠢᠩᠭᠡᠭᠡᠨ ᠠᠪᠬᠤ ᠪᠠ ᠲᠤᠯᠢ ᠪᠣᠯᠭᠠᠬᠤ ᠶᠢ ᠴᠢᠬᠤᠯᠠᠴᠢᠯᠠᠨ᠂ ᠥᠭᠡᠷᠡᠴᠢᠯᠡᠯᠲᠡ ᠶᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠠᠢ ᠭᠡᠪᠡ᠃      ᠬᠤᠲᠠ ᠶᠢᠨ ᠳᠡᠳ᠋ ᠳᠠᠷᠤᠭ᠎ᠠ ᠯᠦ ᡁᠢ ᠪᠤᠭᠤᠲᠤ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠦᠷᠨᠢᠯᠲᠡ ᠶᠢᠨ ᠪᠠᠶᠢᠳᠠᠯ ᠢ ᠲᠠᠨᠢᠯᠴᠠᠭᠤᠯᠵᠤ᠂ ᠪᠡᠭᠡᠵᠢᠩ ᠬᠤᠲᠠ᠂ ᠱᠠᠨᠰᠢ ᠮᠤᠵᠢ᠂ ᠴᠢᠩᠳᠣᠤ ᠬᠤᠲᠠ᠂ ᠴᠦᠩᠴᠢᠩ ᠬᠤᠲᠠ ᠶᠢᠨ ᠵᠢᠶᠠᠩ ᠪᠸᠢ ᠲᠤᠭᠤᠷᠢᠭ ᠵᠡᠷᠭᠡ 20 ᠰᠢᠬᠠᠮ ᠭᠠᠵᠠᠷ ᠣᠷᠣᠨ ᠬᠤᠷᠠᠯ ᠳᠡᠭᠡᠷ᠎ᠡ  ᠥᠪᠡᠷ ᠥᠪᠡᠷ ᠤᠨ ᠢᠶᠠᠨ ᠲᠤᠷᠰᠢᠯᠭ᠎ᠠ ᠪᠤᠯᠤᠨ ᠠᠷᠭ᠎ᠠ ᠪᠠᠨ ᠲᠠᠨᠢᠯᠴᠠᠭᠤᠯᠪᠠ᠃      ᠬᠤᠷᠠᠯ ᠤᠨ ᠬᠤᠭᠤᠴᠠᠭᠠᠨ ᠳᠤ᠂ ᠬᠤᠷᠠᠯ ᠳᠤ ᠤᠷᠤᠯᠴᠠᠭᠰᠠᠳ ᠪᠠᠰᠠ ᠬᠤᠲᠠ ᠶᠢᠨ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠲᠤᠮᠤ ᠲᠢᠩᠬᠢᠮ ᠵᠡᠷᠭᠡ ᠭᠠᠵᠠᠷ ᠲᠤ ᠬᠦᠷᠴᠦ ᠲᠤᠬᠠᠶ ᠶᠢᠨ ᠭᠠᠵᠠᠷ ᠲᠤᠨᠢ ᠲᠣᠭᠤᠷᠢᠨ ᠦᠵᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号