ᠬᠦᠯᠦᠨ ᠪᠣᠶᠢᠷ ᠬᠤᠲᠠ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ ᠠᠷᠠᠳ ᠲᠦᠮᠡᠨ ᠳᠤ ᠠᠰᠢᠭ ᠬᠦᠷᠲᠡᠭᠡᠵᠦ ᠪᠣᠢ
ᠨᠡᠶᠢᠲᠡᠯᠡᠭᠰᠡᠨ ᠴᠠᠭ᠄
2015/9/8
     ᠬᠦᠯᠦᠨ ᠪᠤᠶᠢᠷ ᠬᠤᠲᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ᠲᠠᠷᠢᠶᠠᠯᠠᠩ  ᠮᠠᠯ ᠠᠵᠤ ᠠᠬᠤᠢ ᠣᠢ ᠰᠢᠭᠤᠢ ᠠᠲᠠᠷ ᠬᠠᠭᠠᠯᠪᠤᠷᠢᠯᠠᠯᠲᠠ ᠶᠢᠨ ᠣᠷᠣᠨ ᠳᠤ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠭᠦᠨ ᠤ ᠤᠯᠠᠮ ᠢᠶᠠᠷ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠢᠷᠢ ᠲᠥᠪᠰᠢᠨ ᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠢ ᠣᠢ ᠰᠢᠭᠤᠢ ᠠᠲᠠᠷ ᠬᠠᠭᠠᠯᠪᠤᠷᠢᠯᠠᠯᠲᠠ ᠶᠢᠨ ᠣᠷᠣᠨ ᠤ ᠲᠦᠷᠰᠦ ᠪᠠᠶᠢᠳᠠᠯ ᠢ ᠥᠭᠡᠷᠡᠴᠢᠯᠡᠪᠡ᠃ ᠣᠳᠣᠬᠠᠨ ᠳᠤ᠂ ᠬᠦᠯᠦᠨ ᠪᠣᠶᠢᠷ ᠬᠤᠲᠠ ᠶᠢᠨ 12 ᠬᠤᠰᠢᠭᠤ ᠬᠤᠲᠠ ᠲᠣᠭᠤᠷᠢᠭ᠂ ᠣᠷᠣᠨ ᠨᠣᠲᠤᠭ ᠤᠨ ᠣᠢ ᠰᠢᠭᠤᠢ ᠶᠢᠨ ᠵᠢᠷᠭᠤᠳᠤᠭᠠᠷ ᠲᠣᠪᠴᠢᠶ᠎ᠠ᠂ ᠬᠦᠯᠦᠨ ᠪᠣᠶᠢᠷ ᠤᠨ ᠲᠠᠷᠢᠶᠠᠯᠠᠩ ᠤᠨ ᠠᠲᠠᠷ ᠬᠠᠭᠠᠯᠪᠣᠷᠢᠯᠠᠯᠲᠠ ᠶᠢᠨ ᠪᠦᠯᠦᠭᠯᠡᠯ ᠤᠨ ᠦᠨᠳᠦᠰᠦᠨ ᠨᠥᠬᠦᠴᠡᠯ ᠢᠶᠠᠷ ᠰᠠᠶᠢᠨ᠂ ᠲᠥᠯᠥᠭᠡᠯᠡᠭᠴᠢ ᠴᠢᠨᠠᠷᠲᠠᠢ 93 ᠭᠠᠴᠠᠭ᠎ᠠ ᠲᠤᠰᠬᠤᠨ  ᠲᠠᠯᠠᠪᠠᠢ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠨ ᠵᠠᠰᠠᠬᠤ᠂ ᠠᠶᠤᠯ ᠦᠭᠡᠢ ᠤᠤᠭᠤᠬᠤ ᠤᠰᠤ᠂ ᠵᠡᠭᠡᠯᠢ ᠭᠤᠳᠤᠮᠵᠢ ᠶᠢᠨ ᠬᠠᠲᠠᠷᠠᠭᠤᠯᠤᠯᠲᠠ ᠵᠡᠷᠭᠡ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠨᠢᠭᠡᠨᠲᠡ ᠠᠵᠢᠯ ᠢᠶᠠᠨ ᠡᠬᠢᠯᠡᠭᠦᠯᠪᠡ᠃ ᠡᠨᠡ ᠵᠢᠯ᠂ ᠬᠦᠯᠦᠨ ᠪᠣᠶᠢᠷ ᠬᠤᠲᠠ ᠶᠢᠨ ᠠᠶᠤᠯ ᠦᠭᠡᠢ ᠤᠤᠭᠤᠬᠤ ᠤᠰᠤ ᠶᠢᠨ ᠢᠨᠵᠧᠨᠧᠷᠢᠩ ᠨᠢ 350 ᠭᠠᠴᠠᠭ᠎ᠠ ᠲᠤᠰᠬᠤᠨ ᠳᠤ ᠬᠤᠯᠪᠣᠭᠳᠠᠵᠤ᠂ 15.47 ᠲᠦᠮᠡᠨ ᠬᠦᠮᠦᠨ ᠤ ᠠᠶᠤᠯ ᠦᠭᠡᠢ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠪᠠ᠃ ᠤᠳᠤ ᠪᠣᠯᠬᠤ ᠳᠤ᠂ ᠨᠢᠭᠡᠨᠲᠡ 10 ᠲᠦᠮᠡᠨ ᠭᠠᠷᠤᠢ ᠬᠥᠮᠥᠨ ᠤ ᠠᠶᠤᠯ ᠦᠭᠡᠢ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠪᠡ᠃ ᠡᠭᠦᠨ ᠤ ᠭᠠᠳᠠᠨ᠎ᠠ᠂ ᠬᠦᠯᠦᠨ ᠪᠣᠶᠢᠷ ᠬᠤᠲᠠ ᠶᠢᠨ ᠬᠥᠳᠡᠭᠡ ᠲᠣᠰᠬᠤᠨ ᠤ ᠴᠠᠬᠢᠯᠭᠠᠨ ᠲᠣᠣᠷ ᠢ ᠦᠭᠡᠷᠡᠴᠢᠯᠡᠨ ᠵᠠᠰᠠᠬᠤ ᠢᠨᠵᠧᠨᠧᠷᠢᠩ ᠨᠢᠭᠡᠨᠲᠡ 1.86 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠰᠤᠷᠭᠠᠭᠤᠯᠢ ᠶᠢᠨ ᠬᠦᠷᠢᠶ᠎ᠡ ᠰᠤᠷᠤᠭᠴᠢ ᠶᠢᠨ ᠪᠠᠶᠢᠷᠢ ᠶᠢᠨ ᠪᠠᠶᠢᠭᠤᠯᠤᠯᠲᠠ ᠵᠢᠴᠢ ᠠᠶᠤᠯ ᠦᠭᠡᠢ ᠶᠢᠨ ᠦᠭᠡᠷᠡᠴᠢᠯᠡᠨ ᠵᠠᠰᠠᠯᠲᠠ ᠶᠢᠨ 35 ᠲᠥᠷᠥᠯ ᠵᠦᠢᠯ ᠨᠢ ᠨᠢᠭᠡᠨᠲᠡ ᠪᠠᠷᠢᠯᠭ᠎ᠠ ᠳᠠᠭᠤᠰᠴᠤ᠂ ᠪᠠᠷᠢᠯᠭ᠎ᠠ ᠳᠠᠭᠤᠰᠤᠭᠰᠠᠨ ᠲᠠᠯᠠᠪᠠᠢ ᠨᠢ 1.85 ᠲᠦᠮᠡᠨ ᠲᠡᠭᠰᠢ ᠳᠦᠷᠪᠡᠯᠵᠢᠨ ᠮᠧᠲᠷ ᠲᠤ ᠬᠦᠷᠪᠡ᠃ ︽ᠡᠷᠦᠭᠡ ᠪᠣᠯᠭᠠᠨ ᠳᠤ ᠨᠡᠪᠲᠡᠷᠡᠭᠦᠯᠬᠦ︾᠎ ᠶᠢ 4.8 ᠲᠦᠮᠡ ᠭᠠᠷᠤᠢ ᠡᠷᠦᠭᠡ ᠳᠤ ᠤᠭᠰᠠᠷᠠᠵᠤ᠂ ᠭᠠᠵᠠᠷ ᠳᠡᠭᠡᠷᠡᠬᠢ ᠲᠣᠭᠠᠴᠢᠯᠠᠭᠰᠠᠨ ᠲᠧᠯᠸᠢᠰ ᠤᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠤᠢ᠃ ᠡᠨᠡ ᠵᠢᠯ ᠠᠴᠠ ᠡᠬᠢᠯᠡᠨ᠂ ᠬᠦᠯᠦᠨ ᠪᠣᠶᠢᠷ ᠬᠤᠲᠠ  ᠭᠤᠷᠪᠠᠨ ᠵᠢᠯ ᠤᠨ ᠬᠤᠭᠤᠴᠠᠭᠠᠨ ᠳᠤ ᠪᠦᠬᠦ ᠬᠤᠲᠠ ᠶᠢᠨ ᠭᠠᠴᠠᠭ᠎ᠠ ᠲᠤᠰᠬᠤᠨ ᠤ ᠪᠠᠷᠢᠮᠵᠢᠶᠠᠴᠢᠯᠠᠭᠰᠠᠨ ᠡᠷᠡᠭᠦᠯ ᠬᠠᠮᠠᠭᠠᠯᠠᠯ ᠤᠨ 400 ᠡᠷᠦᠭᠡ ᠶᠢ ᠪᠦᠷᠢᠨ ᠪᠦᠷᠬᠦᠬᠦᠯᠬᠦ ᠡᠭᠦᠷᠭᠡ ᠶᠢ ᠪᠡᠶᠡᠯᠡᠭᠦᠯᠬᠦ ᠪᠠᠷ ᠪᠣᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号