ᠥᠪᠥᠷ ᠮᠣᠩᠭᠤᠯ ᠤᠨ ︽ᠲᠠᠯ᠎ᠠ ᠨᠤᠲᠤᠭ ᠤᠨ ᠭᠠᠷᠮᠠᠭᠠᠢ ᠴᠢᠳᠠᠪᠤᠷᠢᠲᠠᠨ︾ ᠳᠡᠭᠡᠳᠦ ᠳᠡᠰ ᠤᠨ | ᠴᠢᠳᠠᠪᠤᠷᠢᠲᠠᠨ ᠤ ᠬᠤᠷᠰᠢᠯᠴᠠᠭ᠎ᠠ ᠰᠣᠯᠢᠯᠴᠠᠭ᠎ᠠ ᠶᠢᠨ ᠴᠤᠭᠯᠠᠭᠠᠨ 8 ᠤ ᠡᠳᠦᠷ ᠠᠴᠠ 13 ᠤ ᠡᠳᠦᠷ ᠬᠦᠷᠲᠡᠯ᠎ᠡ | ᠬᠥᠬᠡᠬᠤᠲᠠ᠂ ᠪᠣᠭᠤᠲᠤ᠂ ᠣᠷᠳᠣᠰ ᠭᠤᠷᠪᠠᠨ ᠶᠡᠭᠡ ᠬᠤᠲᠠ ᠳᠤ ᠵᠡᠷᠭᠡ ᠪᠠᠷ ᠶᠠᠪᠤᠭᠳᠠᠬᠤ ᠪᠠᠷ ᠪᠠᠶᠢᠵᠣ᠂ | ᠤᠯᠤᠰ ᠤᠨ ᠲᠣᠲᠣᠭᠠᠲᠤ ᠭᠠᠳᠠᠭᠠᠳᠤ ᠶᠢᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠢ | ᠭᠤᠣᠯᠳᠠᠯᠭ᠎ᠠ ᠲᠠᠢ ᠪᠠᠷ ᠣᠷᠣᠭᠤᠯᠵᠤ ᠢᠷᠡᠬᠦ ᠪᠠᠷ ᠪᠣᠯᠣᠨ᠎ᠠ᠃ | ᠲᠠᠨᠢᠯᠴᠠᠭᠤᠯᠤᠭᠰᠠᠨ ᠢᠶᠠᠷ᠂ ᠲᠤᠰ ᠤᠳᠠᠭᠠᠨ ᠤ ᠴᠤᠭᠯᠠᠭᠠᠨ ᠳᠤ ᠳᠡᠯᠭᠡᠨ ᠦᠵᠡᠭᠦᠯᠬᠦ ᠶᠢ ᠵᠥᠪᠳᠡᠨ | ᠬᠡᠯᠡᠯᠴᠡᠬᠦ᠂ ᠳᠡᠭᠡᠳᠦ ᠳᠡᠰ ᠤᠨ ᠣᠶᠣᠨ ᠮᠡᠳᠡᠯᠭᠡ ᠦᠨᠳᠦᠰᠦᠨ ᠱᠠᠲᠤᠨ ᠳᠤ ᠦᠢᠯᠡᠴᠢᠯᠡᠭᠦᠯᠬᠦ᠂ ᠣᠨᠴᠠᠯᠢᠭᠲᠤ | ᠲᠠᠪᠴᠠᠩ ᠤᠨ ᠶᠠᠷᠢᠯᠴᠠᠨ ᠰᠣᠳᠣᠯᠬᠤ᠂ ᠠᠳᠠᠯ ᠦᠢᠯᠡᠰ ᠴᠣᠭᠴᠠᠯᠠᠬᠤ ᠠᠵᠢᠯ ᠣᠯᠭᠤᠬᠤ ᠪᠠ ᠲᠣᠭᠤᠷᠢᠨ | ᠪᠠᠶᠢᠴᠠᠭᠠᠬᠤ ᠵᠡᠷᠭᠡ ᠠᠭᠤᠯᠭ᠎ᠠ ᠤᠳ ᠢ ᠭᠤᠣᠯ ᠪᠠᠭᠲᠠᠭᠠᠵᠤ᠂ ︽ᠲᠠᠯ᠎ᠠ ᠨᠤᠲᠤᠭ ᠤᠨ ᠭᠠᠷᠮᠠᠭᠠᠢ ᠴᠢᠳᠠᠪᠤᠷᠢᠲᠠᠨ︾ ᠢ | ᠲᠣᠬᠤᠨᠢᠭᠤᠯᠤᠨ ᠬᠥᠬᠢᠭᠦᠯᠬᠦ᠂ ᠠᠳᠠᠯ ᠦᠢᠯᠡᠰ ᠴᠣᠭᠴᠠᠯᠠᠬᠤ ᠠᠵᠢᠯ ᠣᠯᠭᠤᠯᠲᠠ ᠶᠢᠨ ᠤᠷᠤᠯᠳᠤᠭᠠᠨ᠂ ᠠᠵᠤ | ᠦᠢᠯᠡᠰ ᠬᠢᠭᠡᠳ ᠴᠢᠳᠠᠪᠤᠷᠢᠲᠠᠨ ᠤ ᠬᠤᠷᠰᠢᠯᠴᠠᠭ᠎ᠠ ᠶᠢᠨ ᠲᠥᠷᠥᠯ ᠵᠦᠢᠯ ᠢ ᠵᠠᠯᠭᠠᠯᠳᠤᠭᠤᠯᠬᠤ᠂ ᠴᠢᠳᠠᠪᠤᠷᠢᠲᠠᠨ | ᠬᠢᠭᠡᠳ ᠬᠥᠭᠵᠢᠭᠦᠯᠦᠯᠲᠡ ᠶᠢᠨ ᠭᠤᠣᠯ ᠰᠡᠳᠦᠪᠲᠦ ᠰᠠᠭᠤᠳᠠᠯ ᠤᠨ ᠬᠤᠷᠠᠯ ᠵᠡᠷᠭᠡ 39 ᠵᠦᠢᠯ ᠤᠨ ᠠᠵᠢᠯᠯᠠᠭ᠎ᠠ | ᠪᠠᠶᠢᠵᠤ᠂ ᠵᠣᠷᠢᠯᠭ᠎ᠠ ᠨᠢ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠪᠠ ᠠᠵᠤ ᠦᠢᠯᠡᠰ ᠤᠨ | ᠲᠥᠷᠥᠯ ᠵᠦᠢᠯ ᠢ ᠵᠠᠯᠭᠠᠯᠳᠤᠭᠤᠯᠬᠤ ᠳᠠᠪᠴᠠᠩ ᠢ ᠪᠠᠶᠢᠭᠤᠯᠬᠤ ᠳᠤ ᠪᠤᠢ᠃ ᠲᠤᠰ ᠤᠳᠠᠭᠠᠨ ᠤ ᠰᠣᠯᠢᠯᠴᠠᠭᠠᠨ ᠤ | ᠴᠤᠭᠯᠠᠭᠠᠨ ᠳᠤ ᠤᠯᠤᠰ ᠤᠨ ᠲᠣᠲᠣᠭᠠᠲᠤ ᠭᠠᠳᠠᠭᠠᠲᠤ ᠶᠢᠨ ᠠᠳᠠᠯ ᠦᠢᠯᠡᠰ ᠴᠣᠭᠴᠠᠯᠠᠬᠤ ᠪᠡᠯᠡ ᠣᠷᠤᠭᠤᠯᠬᠤ | ᠺᠤᠮᠫᠠᠨᠢ᠂ ᠡᠷᠳᠡᠮ ᠰᠢᠨᠵᠢᠯᠡᠭᠡᠨ ᠤ ᠪᠠᠶᠢᠭᠤᠯᠤᠮᠵᠢ᠂ ᠠᠯᠳᠠᠷᠲᠠᠢ ᠳᠡᠭᠡᠳᠦ ᠵᠡᠷᠭᠡ ᠶᠢᠨ ᠰᠤᠷᠭᠠᠭᠤᠯᠢ᠂ ᠴᠢᠳᠠᠪᠤᠷᠢᠲᠠᠨ | ᠡᠷᠢᠬᠦ ᠪᠠᠶᠢᠭᠤᠯᠤᠮᠵᠢ ᠶᠢᠨ ᠬᠠᠷᠢᠭᠤᠴᠠᠯᠭᠠᠲᠠᠨ ᠵᠢᠴᠢ ᠥᠪᠥᠷ ᠮᠣᠩᠭᠤᠯ ᠤᠨ ᠨᠤᠲᠤᠭᠲᠤ ᠳᠡᠭᠡᠳᠦ ᠳᠡᠰ ᠤᠨ | ᠴᠢᠳᠠᠪᠤᠷᠢᠲᠠᠨ ᠢ ᠤᠷᠢᠵᠤ ᠴᠤᠭᠯᠠᠭᠠᠨ ᠳᠤ ᠣᠷᠣᠯᠴᠠᠭᠤᠯᠵᠤ᠂ ᠨᠢᠭᠡᠨ ᠪᠦᠯᠦᠭ ᠳᠡᠭᠡᠳᠦ ᠳᠡᠰ ᠤᠨ ᠴᠢᠳᠠᠪᠤᠷᠢᠲᠠᠨ | ᠪᠣᠯᠣᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠲᠥᠷᠥᠯ ᠵᠦᠢᠯ ᠢ ᠭᠤᠣᠯᠳᠠᠯᠭ᠎ᠠ ᠲᠠᠢ ᠣᠷᠣᠭᠤᠯᠵᠤ᠂ | ᠥᠪᠥᠷ ᠮᠣᠩᠭᠤᠯ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠬᠥᠭᠵᠢᠯᠲᠡ ᠶᠢᠨ | ᠮᠡᠷᠭᠡᠵᠢᠯ ᠤᠨ ᠪᠣᠭᠤᠮᠢ ᠶᠢ ᠲᠠᠶᠢᠯᠬᠤ ᠪᠣᠯᠣᠨ᠎ᠠ᠃ ᠣᠶᠢᠷ᠎ᠠ ᠶᠢᠨ ᠵᠢᠯ ᠤᠨ ᠲᠤᠷᠰᠢ ᠥᠪᠥᠷ ᠮᠣᠩᠭᠤᠯ ᠤᠨ ᠠᠵᠤ | ᠠᠬᠤᠢ ᠶᠢᠨ ᠬᠥᠭᠵᠢᠯᠲᠡ ᠨᠡᠯᠢᠶᠡᠳ ᠬᠤᠷᠳᠤᠨ ᠪᠠᠶᠢᠬᠤ ᠪᠣᠯᠪᠠᠴᠤ ᠴᠢᠳᠠᠪᠤᠷᠢᠲᠠᠨ ᠰᠦᠷᠡᠬᠡᠢ ᠲᠣᠲᠠᠭᠲᠠᠵᠤ᠂ | ᠢᠯᠠᠩᠭᠤᠶ᠎ᠠ ᠳᠡᠭᠡᠳᠦ ᠳᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠰᠢᠯᠢᠳᠡᠭ ᠠᠵᠤ | ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠪᠣᠯᠣᠨ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ ᠢᠶᠠᠷ ᠳᠤᠲᠠᠭᠳᠠᠵᠤ | ᠪᠣᠢ᠃ ᠥᠪᠥᠷ ᠮᠣᠩᠭᠤᠯ 2010 ᠣᠨ ᠠᠴᠠ ᠡᠬᠢᠯᠡᠨ ︽ᠲᠠᠯ᠎ᠠ ᠨᠤᠲᠤᠭ ᠤᠨ ᠭᠠᠷᠮᠠᠭᠠᠢ ᠴᠢᠳᠠᠪᠤᠷᠢᠲᠠᠨ︾ ᠤ | ᠢᠨᠵᠧᠨᠧᠷᠢᠩ ᠢ ᠬᠡᠷᠡᠭᠵᠢᠭᠦᠯᠵᠦ᠂ ᠤᠯᠤᠰ ᠤᠨ ᠲᠣᠲᠣᠭᠠᠲᠤ ᠭᠠᠳᠠᠭᠠᠲᠤ ᠶᠢᠨ ᠳᠡᠭᠡᠳᠦ ᠳᠡᠰ ᠤᠨ ᠴᠢᠳᠠᠪᠤᠷᠢᠲᠠᠨ ᠢ | ᠶᠡᠬᠡᠪᠡᠷ ᠣᠷᠣᠭᠤᠯᠵᠤ ᠪᠤᠢ᠃ |