2015 ᠣᠨ ᠳᠤ ᠰᠢᠯᠢ ᠶᠢᠨ ᠭᠤᠣᠯ ᠠᠶᠢᠮᠠᠭ ᠤᠨ ᠣᠨᠴᠠ ᠵᠠᠷᠢᠮ ᠭᠠᠵᠠᠷ ᠣᠷᠣᠨ ᠬᠡᠳᠦ᠋ᠢᠪᠡᠷ ᠵᠤᠨ ᠤ | ᠤᠯᠠᠷᠢᠯ ᠤᠨ ᠭᠠᠨᠭ᠌ ᠬᠠᠭᠰᠠᠷᠭᠠᠨ ᠤ ᠨᠦᠯᠦᠭᠡ ᠪᠠᠷ ᠲᠡᠵᠢᠭᠡᠯ ᠡᠪᠡᠰᠦᠨ ᠤ ᠤᠷᠭᠤᠴᠠ ᠠᠨᠠᠢ ᠪᠤᠯᠵᠤ᠂ ᠡᠪᠦᠯ ᠤᠨ | ᠤᠯᠠᠷᠢᠯ ᠤᠨ ᠠᠭᠠᠷ ᠤᠨ ᠳᠣᠣᠷ᠎ᠠ ᠳᠤᠯᠠᠭᠠᠨ ᠪᠤᠯᠤᠨ ᠴᠠᠰᠤ ᠵᠤᠳ ᠲᠤᠬᠢᠶᠠᠯᠳᠤᠭᠰᠠᠨ ᠪᠤᠯᠪᠠᠴᠤ᠂ ᠤᠢᠢᠷ᠎ᠠ ᠶᠢᠨ | ᠬᠡᠳᠦᠨ ᠵᠢᠯ ᠤᠨ ᠤᠯᠤᠰ ᠠᠴᠠ ᠮᠠᠯ ᠠᠵᠤ ᠠᠬᠤᠶ ᠶᠢ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢᠨ ᠡᠷᠴᠢᠮ | ᠴᠢᠩᠭᠠᠷᠠᠬᠤ ᠶᠢ ᠳᠠᠭᠠᠯᠳᠤᠨ ᠡᠯ᠎ᠡ ᠭᠠᠵᠠᠷ ᠤᠨ ᠬᠢᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠪᠠᠨ | ᠨᠡᠮᠡᠭᠳᠡᠭᠦᠯᠪᠡ᠂ ᠳᠡᠭᠡᠷ᠎ᠡ ᠨᠢ ᠡᠪᠦᠯᠵᠢᠬᠦ ᠮᠠᠯ ᠤᠨ ᠲᠡᠵᠢᠭᠡᠯ ᠡᠪᠡᠰᠦ ᠪᠣᠷᠳᠣᠭᠠᠨ ᠤ ᠨᠥᠭᠡᠴᠡ ᠬᠦᠢᠴᠡᠳ ᠪᠠᠶᠢᠭ᠎ᠠ | ᠪᠤᠯᠬᠤᠷ᠂ ᠡᠨᠡ ᠵᠢᠯ ᠤᠨ ᠲᠥᠯ ᠲᠤᠰᠬᠤ ᠪᠤᠶᠢᠵᠢᠭᠤᠯᠬᠤ ᠠᠵᠢᠯ ᠮᠦᠨ ᠬᠦ ᠤᠷᠤᠭᠰᠢᠲᠠᠶ ᠶᠠᠪᠤᠭᠳᠠᠵᠤ ᠪᠠᠶᠢᠨ᠎ᠠ᠃ | 1 ᠳ᠋ᠤᠭᠡᠷ ᠰᠠᠷ᠎ᠠ ᠶᠢᠨ 7 ᠤ ᠡᠳᠦᠷ ᠤᠨ ᠲᠤᠭ᠎ᠠ ᠪᠦᠷᠢᠳᠬᠡᠯ ᠢ ᠦᠨᠳᠦᠰᠦᠯᠡᠪᠡᠯ᠂ ᠰᠢᠯᠢ ᠶᠢᠨ ᠭᠤᠣᠯ ᠠᠶᠢᠮᠠᠭ | ᠨᠡᠶᠢᠲᠡ 105260 ᠲᠦᠯ ᠲᠤᠰᠴᠤ᠂ ᠡᠭᠦᠨ ᠳᠤ ᠦᠬᠡᠷ ᠠᠴᠠ 6484 ᠲᠦᠮᠡᠨ ᠲᠦᠯ ᠲᠤᠰᠴᠤ᠂ ᠪᠤᠭ | ᠮᠠᠯ ᠠᠴᠠ 98776 ᠲᠦᠯ ᠲᠤᠰᠪᠠ᠃ ᠲᠦᠯ ᠮᠠᠯ ᠤᠨ ᠦᠰᠦᠯᠲᠡ 104949 ᠲᠤᠯᠤᠭᠠᠢ ᠪᠡᠶᠢᠵᠤ᠂ ᠡᠭᠦᠨ ᠳᠤ | ᠦᠬᠡᠷ 6474 ᠲᠤᠯᠤᠭᠠᠢ᠂ ᠪᠤᠭ ᠮᠠᠯ 98475 ᠲᠤᠯᠤᠭᠠᠢ ᠪᠤᠢ᠃ ᠪᠤᠳᠠ ᠪᠤᠭ ᠮᠠᠯ ᠤᠨ ᠤᠨᠳᠤᠷᠤᠯᠲᠠ ᠶᠢᠨ | ᠨᠤᠷᠮ᠎ᠠ ᠨᠢ 99.7% ᠳᠤ ᠬᠦᠷᠦᠭᠰᠡᠨ ᠪᠠᠶᠢᠨ᠎ᠠ᠃ |