ᠪᠤᠭᠤᠲᠤ ᠡᠨᠡ ᠵᠢᠯ ᠠᠴᠠ ᠤᠰᠤᠨ ᠤ ᠪᠤᠵᠠᠷᠲᠤᠯ ᠢ ᠶᠡᠷᠦᠩᠬᠡᠶᠢᠯᠡᠨ ᠵᠠᠰᠠᠬᠤ ︽ᠨᠠᠢᠮᠠᠨ ᠲᠣᠮᠣ ᠢᠨᠵᠧᠨᠧᠷᠢᠩ ︾᠎ ᠢ ᠡᠬᠢᠯᠡᠭᠦᠯᠬᠦ ᠪᠠᠷ ᠪᠤᠢ
ᠨᠡᠶᠢᠲᠡᠯᠡᠭᠰᠡᠨ ᠴᠠᠭ᠄
2016/1/11
     2016 ᠣᠨ ᠳᠤ᠂ ᠪᠤᠭᠤᠲᠤ ᠬᠤᠲᠠ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠬᠤ ᠰᠠᠭᠤᠷᠢᠨ ᠳᠡᠭᠡᠷ᠎ᠡ᠂ ᠤᠰᠤᠨ ᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯ ᠤᠨ ︽ᠨᠠᠢᠮᠠᠨ ᠲᠣᠮᠤ ᠢᠨᠵᠧᠨᠧᠷᠢᠩ︾ ᠪᠣᠯᠣᠨ ᠦᠯᠢᠬᠡᠷ ᠳᠠᠭᠤᠷᠢᠶᠠᠯ ᠢ ᠡᠭᠦᠳᠬᠦ ᠪᠠᠬᠢᠯᠡᠯᠲᠡ ᠶᠢ ᠰᠢᠪᠲᠤᠯᠬᠤ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠬᠦ ᠪᠠᠷ ᠪᠤᠢ᠃       ᠪᠤᠭᠤᠲᠤ ᠬᠤᠳᠠ ᠤᠰᠤ ᠪᠣᠯᠣᠨ ᠬᠥᠷᠥᠰᠥ ᠰᠢᠷᠣᠶ ᠶᠢᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ︽ᠡᠬᠢ ᠰᠤᠷᠪᠤᠯᠵᠢ ᠶᠢ ᠴᠡᠪᠡᠷᠰᠢᠭᠦᠯᠬᠦ᠂ ᠤᠰᠤ ᠶᠢ ᠠᠮᠢᠵᠢᠷᠠᠭᠤᠯᠬᠤ᠂ ᠳᠠᠷᠤᠭᠠᠰᠤ ᠶᠢ ᠬᠦᠩᠭᠡᠷᠡᠭᠦᠯᠬᠦ᠂ ᠤᠷᠤᠰᠬᠠᠯ ᠢ ᠭᠠᠮᠨᠠᠬᠤ᠂ ᠴᠢᠩᠭ᠎ᠠ ᠬᠠᠮᠢᠶᠠᠷᠬᠤ︾ ᠲᠠᠪᠤᠨ ᠵᠦᠢᠯ ᠤᠨ ᠠᠷᠭ᠎ᠠ ᠬᠡᠮᠵᠢᠶ᠎ᠡ ᠶᠣᠰᠤᠭᠠᠷ᠂ ᠤᠰᠤᠨ ᠤ ᠪᠣᠬᠢᠷᠲᠤᠯ ᠢ ᠶᠡᠷᠦᠩᠬᠡᠶᠢᠯᠡᠨ ᠵᠠᠰᠠᠬᠤ ︽ᠨᠠᠢᠮᠠᠨ ᠲᠣᠮᠤ ᠢᠨᠵᠧᠨᠧᠷᠢᠩ︾᠎ ᠢ ᠡᠬᠢᠯᠡᠭᠦᠯᠦᠨ᠎ᠡ᠃ ᠪᠦᠬᠦ ᠬᠤᠲᠠ ᠶᠢᠨ ᠬᠤᠪᠣᠷ ᠰᠢᠷᠣᠶ ᠶᠢᠨ ᠠᠵᠤ ᠠᠬᠤᠶᠢᠯᠠᠯ ᠎ ᠤᠨ ᠬᠠᠶᠠᠭᠳᠠᠮᠠᠯ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ᠂ ᠴᠠᠬᠢᠯᠭᠠᠨ ᠬᠦᠴᠦᠨ ᠤ ᠠᠵᠤ ᠠᠬᠤᠶᠢᠯᠠᠯ  ᠤᠨ ᠬᠠᠶᠠᠭᠳᠠᠮᠠᠯ ᠤᠰᠤ ᠶᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠬᠤᠳᠠ ᠶᠢᠨ ᠪᠤᠵᠠᠷ ᠦᠮᠡᠬᠡᠶ ᠤᠰᠤᠨ ᠴᠣᠭᠴᠠ ᠶᠢ ᠠᠷᠢᠯᠭᠠᠬᠤ ᠪᠣᠯᠤᠨ᠎ᠠ᠃ ᠭᠤᠣᠯ ᠤᠨ ᠪᠤᠵᠠᠷ ᠤᠰᠤ ᠶᠢ ᠴᠤᠭᠯᠠᠭᠤᠯᠬᠤ ᠪᠠ ᠠᠮᠢ ᠠᠬᠤᠶ ᠶᠢ ᠵᠠᠰᠠᠨ ᠰᠡᠷᠭᠦᠭᠡᠬᠦ ᠢᠨᠵᠧᠨᠧᠷᠢᠩ ᠢ ᠦᠷᠨᠢᠭᠦᠯᠦᠨ᠎ᠡ᠃ ᠤᠯᠤᠰ ᠠᠴᠠ ᠤᠳᠠᠯ ᠦᠭᠡᠶ ᠨᠡᠶᠢᠲᠡᠯᠡᠬᠦ ᠭᠡᠵᠦ ᠪᠠᠶᠢᠭ᠎ᠠ ︽ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠥᠯᠥᠪᠯᠡᠭᠡ︾᠎ ᠶᠢ ᠦᠨᠳᠦᠰᠦᠯᠡᠨ᠂ ᠪᠤᠭᠤᠲᠤ ᠬᠤᠳᠠ ᠶᠢᠨ ᠬᠥᠷᠥᠰᠥ ᠰᠢᠷᠣᠶ ᠶᠢᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢᠨ ᠬᠡᠷᠡᠭᠵᠢᠭᠦᠯᠬᠦ ᠲᠥᠰᠦᠯ ᠢ ᠲᠥᠷᠭᠡᠨ ᠲᠣᠭᠲᠠᠭᠠᠨ᠎ᠠ᠃      ᠪᠤᠭᠤᠲᠤ ᠬᠤᠲᠠ ︽2015 ᠣᠨ -2017 ᠣᠨ ᠤ ᠣᠷᠴᠢᠨ ᠲᠣᠭᠤᠷᠢᠨ ᠢ ᠬᠠᠮᠠᠭᠠᠯᠠᠭᠰᠠᠨ ᠤᠯᠤᠰ ᠤᠨ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ︾᠎ ᠤᠨ ᠶᠣᠰᠣᠭᠠᠷ᠂ 18 ᠵᠦᠢᠯ ᠤᠨ ᠦᠨᠳᠦᠰᠦᠨ ᠳᠡᠭᠡᠨ ᠪᠠᠷᠢᠮᠵᠢᠶ᠎ᠠ ᠳᠤ ᠬᠦᠷᠦᠭᠰᠡᠨ ᠭᠦᠢᠴᠡᠳᠬᠡᠬᠦ ᠲᠤᠭ᠎ᠠ ᠶᠢᠨ ᠲᠤᠲᠠᠭᠤ ᠶᠢ ᠨᠢ ᠪᠠᠶᠢᠴᠠᠭᠠᠵᠤ ᠨᠥᠬᠦᠪᠦᠷᠢᠯᠡᠨ᠎ᠡ︔ 8 ᠵᠦᠢᠯ ᠤᠨ ᠪᠠᠷᠢᠮᠵᠢᠶ᠎ᠠ ᠳᠤ ᠬᠦᠷᠬᠦ ᠳᠤ ᠬᠦᠴᠢᠷᠳᠡᠯ ᠲᠠᠢ ᠭᠦᠢᠴᠡᠳᠬᠡᠬᠦ ᠲᠤᠭ᠎ᠠ ᠶᠢ  ᠪᠣᠳᠠᠲᠠᠶ ᠴᠠᠭ ᠪᠣᠯᠣᠨ ᠪᠠᠷᠢᠯᠭ᠎ᠠ ᠶᠢᠨ ᠠᠷᠭ᠎ᠠ ᠬᠡᠮᠵᠢᠶ᠎ᠡ ᠶᠢ ᠨᠢ ᠲᠣᠲᠣᠷᠬᠠᠶᠢᠯᠠᠵᠤ᠂ 2016 ᠣᠨ ᠳᠤ ᠪᠠᠷᠢᠮᠵᠢᠶ᠎ᠠ ᠳᠤ ᠬᠦᠷᠦᠭᠦᠯᠬᠦ ᠶᠢ ᠨᠢ ᠦᠨᠡᠨ ᠬᠦ ᠪᠠᠲᠤᠯᠠᠨ᠎ᠠ᠃  ᠵᠢᠯ ᠤᠨ ᠳᠣᠲᠣᠷ᠎ᠠ 2᠎ ᠠᠴᠠ 3 ᠤᠯᠤᠰ ᠤᠨ ᠳᠡᠰ ᠤᠨ ᠠᠮᠢ ᠠᠬᠤᠶ ᠶᠢᠨ ᠲᠣᠰᠬᠤᠨ᠂ 3 ᠎ ᠠᠴᠠ 5᡺ ᠥᠪᠡᠷᠲᠡᠭᠡᠨ ᠵᠠᠰᠠᠬᠤ ᠣᠷᠣᠨ ᠤ ᠳᠡᠰ ᠤᠨ ᠠᠮᠢ ᠠᠬᠤᠶ ᠶᠢᠨ ᠲᠣᠰᠬᠤᠨ ᠪᠣᠯᠣᠨ ᠨᠢᠭᠡ ᠪᠦᠯᠦᠭ ᠬᠤᠲᠠ ᠶᠢᠨ ᠳᠡᠰ ᠤᠨ ᠠᠮᠢ ᠠᠬᠤᠶ ᠶᠢᠨ ᠲᠣᠰᠬᠤᠨ ᠢ ᠡᠭᠦᠳᠦᠨ ᠪᠠᠶᠢᠭᠤᠯᠤᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号