ᠲᠥᠪ ᠤᠨ ᠪᠠᠶᠢᠭᠤᠯᠭ᠎ᠠ ᠵᠢᠴᠢ ᠲᠡᠭᠦᠨ ᠤ ᠰᠢᠭᠤᠳ ᠬᠠᠷᠢᠶ᠎ᠠ ᠪᠠᠶᠢᠭᠤᠯᠤᠮᠵᠢ ᠶᠢᠨ 2016 ᠣᠨ ᠤ | ᠠᠯᠪᠠᠲᠠᠨ ᠡᠯᠰᠡᠬᠦ ᠰᠢᠯᠭᠠᠯᠲᠠ ᠶᠢᠨ ᠨᠡᠶᠢᠲᠡ ᠶᠢᠨ ᠰᠢᠯᠭᠠᠯᠲᠠ ᠶᠢᠨ ᠲᠦᠷᠦᠯ ᠤᠨ ᠪᠢᠷ ᠤᠨ ᠰᠢᠯᠭᠠᠯᠲᠠ ᠶᠢᠨ ᠬᠢᠷᠢ | ᠪᠦᠲᠦᠮᠵᠢ ᠶᠢ ᠥᠴᠥᠭᠡᠳᠦᠷ ᠨᠡᠶᠢᠲᠡᠯᠡᠪᠡ᠃ ᠥᠪᠥᠷ ᠮᠣᠩᠭᠤᠯ ᠤᠨ 32250 ᠰᠢᠯᠭᠠᠭᠤᠯᠤᠭᠰᠠᠳ ᠲᠥᠪ ᠤᠨ | ᠪᠠᠶᠢᠭᠤᠯᠭ᠎ᠠ ᠵᠢᠴᠢ ᠲᠡᠭᠦᠨ ᠤ ᠰᠢᠭᠤᠳ ᠬᠠᠷᠢᠶ᠎ᠠ ᠪᠠᠶᠢᠭᠤᠯᠤᠮᠵᠢ ᠶᠢᠨ 2016 ᠣᠨ ᠤ ᠠᠯᠪᠠᠲᠠᠨ ᠡᠯᠰᠡᠬᠦ | ᠰᠢᠯᠭᠠᠯᠲᠠ ᠶᠢᠨ ᠲᠤᠰᠬᠠᠶ ᠰᠦᠯᠵᠢᠶᠡᠨ ᠦᠷᠲᠡᠭᠡ ︵http᠄//bm.scs.gov.cn/2016︶᠂ ᠬᠥᠮᠦᠨ ᠤ | ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠰᠦᠯᠵᠢᠶᠡᠨ ᠦᠷᠲᠡᠭᠡ ︵http: | //www.mohrss.gov.cn︶ ᠪᠤᠶᠤ ᠤᠯᠤᠰ ᠤᠨ ᠠᠯᠪᠠᠲᠠᠨ ᠤ ᠲᠤᠪᠴᠢᠶ᠎ᠠ ᠶᠢᠨ ᠰᠦᠯᠵᠢᠶᠡᠨ ᠦᠷᠲᠡᠭᠡ | ︵http://www.scs.gov.cn) ᠠᠴᠠ ᠰᠢᠯᠭᠠᠯᠲᠠ ᠶᠢᠨ ᠬᠢᠷᠢ ᠪᠦᠲᠦᠮᠵᠢ ᠪᠠᠨ ᠪᠠᠶᠢᠴᠠᠭᠠᠵᠤ ᠪᠣᠯᠤᠨ᠎ᠠ᠃ | ᠲᠠᠨᠢᠯᠴᠠᠭᠤᠯᠤᠭᠰᠠᠨ ᠢᠶᠠᠷ᠂ ᠡᠨᠡ ᠵᠢᠯ ᠤᠨ ᠬᠢᠷᠢ ᠲᠡᠩᠴᠡᠭᠦ ᠬᠤᠪᠢ ᠶᠢᠨ ᠱᠤᠭᠤᠮ ᠢ ᠵᠠᠭᠠᠭᠯᠠᠨ | ᠲᠣᠭᠲᠠᠭᠠᠬᠤ ᠳᠤ᠂ ᠲᠥᠪ᠂ ᠮᠤᠵᠢ ︵ᠤᠷᠤᠨ᠂ ᠬᠤᠳᠠ︶᠂ ᠬᠤᠲᠠ ︵ᠲᠤᠰᠬᠠᠢ ᠣᠷᠣᠨ︶ ᠪᠤᠯᠤᠨ ᠰᠢᠶᠠᠨ ︵ | ᠲᠣᠭᠤᠷᠢᠭ︶ ᠤ ᠲᠤᠰᠢᠶᠠᠯ ᠤᠨ ᠪᠠᠶᠢᠷᠢ ᠳᠤ ᠳᠠᠪᠬᠤᠷᠭᠠᠲᠤ ᠱᠤᠭᠤᠮ ᠲᠣᠭᠲᠠᠭᠠᠬᠤ ᠠᠷᠭ᠎ᠠ ᠶᠢ ᠠᠪᠤᠭᠰᠠᠨ ᠤ | ᠬᠠᠮᠲᠤ᠂ ᠪᠠᠷᠠᠭᠤᠨ ᠪᠡᠶ᠎ᠡ ᠶᠢᠨ ᠭᠠᠵᠠᠷ ᠣᠷᠣᠨ ᠪᠤᠯᠤᠨ ᠪᠡᠷᠬᠡ ᠬᠠᠲᠠᠭᠤᠵᠢᠯᠲᠠᠶ ᠬᠢᠯᠢ ᠬᠢᠵᠠᠭᠠᠷ ᠣᠷᠣᠨ ᠤ | ᠦᠨᠳᠦᠰᠦᠨ ᠱᠠᠲᠤᠨ ᠤ ᠲᠤᠰᠢᠶᠠᠯ ᠳᠤ ᠵᠣᠬᠢᠬᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠬᠦᠯᠬᠦ | ᠪᠤᠯᠤᠨ᠎ᠠ᠃ | ᠲᠥᠪ ᠤᠨ ᠪᠠᠶᠢᠭᠤᠯᠭ᠎ᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠥᠷᠥᠯ ᠤᠨ ᠲᠤᠰᠢᠶᠠᠯ ᠤᠨ ᠪᠠᠶᠢᠷᠢ ᠳᠤ | ᠨᠡᠷ᠎ᠡ ᠮᠡᠳᠡᠭᠦᠯᠦᠭᠰᠡᠳ ᠤᠨ ᠬᠢᠷᠢ ᠳᠤ ᠲᠡᠩᠴᠡᠭᠰᠡᠨ ᠶᠡᠷᠦᠩᠬᠡᠶ ᠬᠤᠪᠢ ᠨᠢ 110 ᠬᠤᠪᠢ ᠠᠴᠠ ᠳᠡᠭᠡᠭᠰᠢ ᠪᠠᠶᠢᠬᠤ | ᠬᠡᠷᠡᠭᠲᠠᠢ ᠪᠥᠭᠡᠳ ᠵᠠᠰᠠᠭ ᠵᠠᠬᠢᠷᠭᠠᠨ ᠤ ᠠᠵᠢᠯ ᠤᠨ ᠴᠢᠳᠠᠪᠤᠷᠢ ᠶᠢᠨ ᠰᠢᠯᠭᠠᠯᠲᠠ ᠶᠢᠨ ᠬᠤᠪᠢ ᠨᠢ 60 ᠬᠤᠪᠢ ᠠᠴᠠ | ᠳᠡᠭᠡᠭᠰᠢ ᠪᠠᠶᠢᠬᠤ ᠬᠡᠷᠡᠭᠲᠠᠢ︔ ᠮᠤᠵᠢ ᠶᠢᠨ ᠱᠠᠲᠤᠨ ᠤ ᠰᠢᠭᠤᠳ ᠬᠠᠷᠢᠶ᠎ᠠ ᠪᠠᠶᠢᠭᠤᠯᠤᠮᠵᠢ ᠶᠢᠨ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠲᠥᠷᠥᠯ ᠤᠨ ᠲᠤᠰᠢᠶᠠᠯ ᠤᠨ ᠪᠠᠶᠢᠷᠢ ᠳᠤ ᠨᠡᠷ᠎ᠡ ᠮᠡᠳᠡᠭᠦᠯᠦᠭᠰᠡᠳ ᠤᠨ ᠶᠡᠷᠦᠩᠬᠡᠶ ᠬᠤᠪᠢ ᠨᠢ | 105 ᠠᠴᠠ ᠳᠡᠭᠡᠭᠰᠢ ᠪᠠᠶᠢᠬᠤ ᠬᠡᠷᠡᠭᠲᠠᠢ ᠪᠥᠭᠡᠳ ᠵᠠᠰᠠᠭ ᠵᠠᠬᠢᠷᠭᠠᠨ ᠤ ᠠᠵᠢᠯ ᠤᠨ ᠴᠢᠳᠠᠪᠤᠷᠢ ᠶᠢᠨ ᠰᠢᠯᠭᠠᠯᠲᠠ ᠶᠢᠨ | ᠬᠤᠪᠢ ᠨᠢ 60 ᠬᠤᠪᠢ ᠠᠴᠠ ᠳᠡᠭᠡᠭᠰᠢ ᠪᠠᠶᠢᠬᠤ ᠬᠡᠷᠡᠭᠲᠠᠢ᠃ ᠬᠤᠳᠠ ︵ᠲᠤᠰᠬᠠᠢ ᠤᠷᠤᠨ︶ ᠶᠢᠨ ᠱᠠᠲᠤᠨ ᠤ | ᠰᠢᠭᠤᠳ ᠬᠠᠷᠢᠶ᠎ᠠ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠥᠷᠥᠯ ᠪᠤᠯᠤᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠲᠥᠷᠥᠯ ᠤᠨ ᠲᠤᠰᠢᠶᠠᠯ ᠤᠨ ᠪᠠᠶᠢᠷᠢ ᠳᠤ ᠨᠡᠷ᠎ᠡ ᠮᠡᠳᠡᠭᠦᠯᠦᠭᠰᠡᠳ ᠤᠨ ᠶᠡᠷᠦᠩᠬᠡᠶ ᠬᠤᠪᠢ ᠨᠢ | 100 ᠬᠤᠪᠢ ᠠᠴᠠ ᠳᠡᠭᠡᠭᠰᠢ ᠪᠠᠶᠢᠬᠤ ᠬᠡᠷᠡᠭᠲᠠᠢ ᠪᠥᠭᠡᠳ ᠵᠠᠰᠠᠭ ᠵᠠᠬᠢᠷᠭᠠᠨ ᠤ ᠠᠵᠢᠯ ᠤᠨ ᠴᠢᠳᠠᠪᠤᠷᠢ ᠶᠢᠨ | ᠰᠢᠯᠭᠠᠯᠲᠠ ᠶᠢᠨ ᠬᠤᠪᠢ ᠨᠢ 55 ᠬᠤᠪᠢ ᠠᠴᠠ ᠳᠡᠭᠡᠭᠰᠢ ᠪᠠᠶᠢᠬᠤ ᠬᠡᠷᠡᠭᠲᠠᠢ᠃ ᠰᠢᠶᠠᠨ ︵ᠲᠣᠭᠤᠷᠢᠭ︶ ᠤ ᠱᠠᠲᠤ | ᠵᠢᠴᠢ ᠲᠡᠭᠦᠨ ᠠᠴᠠ ᠳᠣᠷᠣᠭᠰᠢᠬᠢ ᠰᠢᠭᠤᠳ ᠬᠠᠷᠢᠶ᠎ᠠ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ | ᠲᠥᠷᠥᠯ ᠪᠤᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠥᠷᠥᠯ ᠤᠨ ᠲᠤᠰᠢᠶᠠᠯ ᠤᠨ ᠪᠠᠶᠢᠷᠢ ᠳᠤ ᠨᠡᠷ᠎ᠡ | ᠮᠡᠳᠡᠭᠦᠯᠦᠭᠰᠡᠳ ᠤᠨ ᠶᠡᠷᠦᠩᠬᠡᠶ ᠬᠤᠪᠢ ᠨᠢ 95 ᠬᠤᠪᠢ ᠠᠴᠠ ᠳᠡᠭᠡᠭᠰᠢ ᠪᠠᠶᠢᠬᠤ ᠬᠡᠷᠡᠭᠲᠠᠢ ᠪᠥᠭᠡᠳ ᠵᠠᠰᠠᠭ | ᠵᠠᠬᠢᠷᠭᠠᠨ ᠤ ᠠᠵᠢᠯ ᠤᠨ ᠴᠢᠳᠠᠪᠤᠷᠢ ᠶᠢᠨ ᠰᠢᠯᠭᠠᠯᠲᠠ ᠶᠢᠨ ᠬᠤᠪᠢ ᠨᠢ 50 ᠬᠤᠪᠢ ᠠᠴᠠ ᠳᠡᠭᠡᠭᠰᠢ ᠪᠠᠶᠢᠬᠤ | ᠬᠡᠷᠡᠭᠲᠠᠢ᠃ | ᠪᠤᠰᠤᠳ ᠲᠤᠰᠢᠶᠠᠯ ᠤᠨ ᠪᠠᠶᠢᠷᠢ ᠶᠢᠨ ᠬᠢᠷᠢ ᠲᠡᠩᠴᠡᠭᠦ ᠬᠤᠪᠢ ᠶᠢᠨ ᠱᠤᠭᠤᠮ ᠢ ᠬᠠᠮᠢᠶ᠎ᠠ ᠪᠦᠬᠦᠢ ᠰᠦᠯᠵᠢᠶᠡᠨ | ᠦᠷᠲᠡᠭᠡ ᠠᠴᠠ ᠨᠠᠷᠢᠪᠴᠢᠯᠠᠨ ᠦᠵᠡᠵᠤ ᠪᠣᠯᠤᠨ᠎ᠠ᠃ | ᠲᠥᠪ ᠤᠨ ᠠᠯᠪᠠᠲᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠯ᠎ᠡ ᠲᠤᠰᠢᠶᠠᠯ ᠤᠨ ᠪᠠᠶᠢᠷᠢ ᠳᠤ | ᠲᠤᠭᠲᠠᠭᠠᠭᠰᠠᠨ ᠨᠢᠭᠤᠷᠲᠠᠨ ᠰᠢᠯᠭᠠᠬᠤ ᠬᠠᠷᠢᠴᠠᠯ ᠢ ᠦᠨᠳᠦᠰᠦᠯᠡᠨ᠂ ᠡᠯ᠎ᠡ ᠲᠤᠰᠢᠶᠠᠯ ᠤᠨ ᠪᠠᠶᠢᠷᠢ ᠶᠢᠨ ᠨᠢᠭᠤᠷᠲᠠᠨ | ᠰᠢᠯᠭᠠᠯᠲᠠ ᠳᠤ ᠤᠷᠤᠯᠴᠠᠬᠤ ᠬᠥᠮᠦᠰ ᠤᠨ ᠨᠡᠷᠡᠰ ᠢ ᠲᠣᠭᠲᠠᠭᠠᠨ᠎ᠠ᠃ ᠨᠢᠭᠤᠷᠲᠠᠨ ᠰᠢᠯᠭᠠᠬᠤ ᠠᠵᠢᠯ ᠢ ᠡᠯ᠎ᠡ ᠡᠯᠰᠡᠨ | ᠠᠪᠬᠤ ᠪᠠᠶᠢᠭᠤᠯᠭ᠎ᠠ ᠨᠢ ᠪᠣᠳᠠᠲᠠᠶ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠬᠦᠯᠵᠤ᠂ ᠡᠨᠡ ᠵᠢᠯ ᠤᠨ 3 ᠳ᠋ᠤᠭᠠᠷ | ᠰᠠᠷ᠎ᠠ ᠶᠢᠨ ᠡᠴᠦᠰ ᠠᠴᠠ ᠡᠮᠦᠨ᠎ᠡ ᠳᠠᠭᠤᠰᠬᠠᠨ᠎ᠠ᠃ ᠨᠢᠭᠤᠷᠳᠠᠨ ᠰᠢᠯᠭᠠᠬᠤ ᠠᠴᠠ ᠡᠮᠦᠨ᠎ᠡ᠂ ᠡᠯᠰᠡᠨ ᠠᠪᠬᠤ | ᠪᠠᠶᠢᠭᠤᠯᠭ᠎ᠠ ᠨᠢ ᠲᠥᠪ ᠤᠨ ᠪᠠᠶᠢᠭᠤᠯᠭ᠎ᠠ ᠵᠢᠴᠢ ᠲᠡᠭᠦᠨ ᠤ ᠰᠢᠭᠤᠳ ᠬᠠᠷᠢᠶ᠎ᠠ ᠪᠠᠶᠢᠭᠤᠯᠤᠮᠵᠢ ᠶᠢᠨ 2016 ᠣᠨ ᠤ | ᠠᠯᠪᠠᠲᠠᠨ ᠡᠯᠰᠡᠬᠦ ᠲᠤᠰᠬᠠᠶ ᠰᠦᠯᠵᠢᠶᠡᠨ ᠦᠷᠲᠡᠭᠡ ᠳᠡᠭᠡᠷ᠎ᠡ ᠨᠢᠭᠤᠷᠲᠠᠨ ᠰᠢᠯᠭᠠᠬᠤ ᠠᠯᠪᠠᠨ ᠵᠠᠷ ᠨᠡᠶᠢᠲᠡᠯᠡᠨ᠎ᠡ᠃ | ᠪᠦᠷᠢᠳᠬᠡᠯ ᠢ ᠦᠨᠳᠦᠰᠦᠯᠡᠪᠡᠯ᠂ 2016 ᠣᠨ ᠤ ᠤᠯᠤᠰ ᠤᠨ ᠠᠯᠪᠠᠲᠠᠨ ᠤ ᠰᠢᠯᠭᠠᠯᠲᠠ ᠶᠢᠨ ᠥᠪᠥᠷ | ᠮᠣᠩᠭᠤᠯ ᠤᠨ ᠰᠢᠯᠭᠠᠯᠲᠠ ᠶᠢᠨ ᠲᠣᠭᠤᠷᠢᠭ ᠤᠨ ᠰᠢᠯᠭᠠᠯᠲᠠ ᠳᠤ ᠤᠷᠤᠯᠴᠠᠭᠰᠠᠨ ᠬᠦᠮᠦᠨ ᠤ ᠲᠤᠭ᠎ᠠ ᠨᠢ | 32250 ᠳᠤ ᠬᠦᠷᠴᠦ᠂ 2015 ᠣᠨ ᠤ ᠬᠢ ᠠᠴᠠ 3348 ᠬᠦᠮᠦᠨ ᠨᠡᠮᠡᠭᠳᠡᠵᠤ᠂ ᠮᠠᠨ ᠤ ᠣᠷᠣᠨ ᠤ ᠨᠡᠷ᠎ᠡ | ᠮᠡᠳᠡᠭᠦᠯᠦᠭᠰᠡᠨ ᠬᠥᠮᠦᠨ ᠤ ᠲᠤᠭ᠎ᠠ ᠪᠠᠷ ᠬᠠᠮᠤᠭ ᠤᠨ ᠠᠷᠪᠢᠨ ᠨᠢᠭᠡ ᠵᠢᠯ ᠪᠤᠯᠤᠭᠰᠠᠨ ᠪᠠᠶᠢᠨ᠎ᠠ᠃ |