ᠣᠶᠢᠷ᠎ᠠ ᠳᠤ᠂ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ | 2016 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠤᠭᠴᠢᠳ ᠤᠨ ᠬᠡᠰᠡᠭ ᠮᠡᠳᠡᠭᠡ ᠵᠠᠩᠭᠢ ᠶᠢ | ᠨᠡᠶᠢᠲᠡᠯᠡᠵᠦ᠂ ᠨᠡᠶᠢᠭᠡᠮ ᠠᠴᠠ ᠰᠢᠯᠭᠠᠭᠤᠯᠤᠭᠴᠢ ᠨᠢᠭᠡᠪᠦᠷᠢ ᠶᠢᠨ ᠨᠡᠷ᠎ᠡ ᠮᠡᠳᠡᠭᠦᠯᠦᠭᠰᠡᠨ ᠬᠢᠷᠢ ᠬᠡᠮ ᠳᠤ ᠬᠢᠨᠠᠯᠲᠠ | ᠲᠠᠯᠪᠢᠬᠤ ᠶᠢ ᠬᠦᠯᠢᠶᠡᠪᠡ᠂ ᠢᠯᠡᠴᠢᠯᠡᠨ ᠮᠡᠳᠡᠭᠦᠯᠦᠭᠰᠡᠳ ᠰᠦᠯᠵᠢᠶ᠎ᠡ᠂ ᠳ᠋ᠢᠶᠠᠩᠬᠤᠸᠠ ᠵᠡᠷᠭᠡ ᠠᠷᠭ᠎ᠠ ᠬᠡᠯᠪᠡᠷᠢ ᠪᠠᠷ | ᠢᠯᠡᠴᠢᠯᠡᠨ ᠮᠡᠳᠡᠭᠦᠯᠵᠦ ᠪᠣᠯᠣᠨ᠎ᠠ᠃ | ᠬᠡᠷᠪᠡ ᠰᠢᠯᠭᠠᠭᠤᠯᠤᠭᠴᠢ ᠶᠢᠨ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ ᠪᠠᠶᠢᠴᠠᠭᠠᠨ ᠦᠵᠡᠪᠡᠯ᠂ ᠥᠪᠥᠷ | ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠳᠤ ᠭᠠᠷᠴᠤ ︽ᠡᠩ ᠤᠨ ᠶᠡᠭᠡ | ᠳᠡᠭᠡᠳᠦ ᠰᠤᠷᠭᠠᠭᠤᠯᠢ ᠤᠨ ᠰᠢᠯᠭᠠᠯᠲᠠ︾ ᠶᠢᠨ ᠨᠢᠭᠤᠷ ᠤᠨ ︽ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ︾ | ᠪᠤᠯᠤᠩ ᠳᠤ ᠣᠷᠣᠵᠤ᠂ ︽2016 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ | ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ︾ ᠭᠡᠰᠡᠨ | ᠴᠦᠷᠬᠦᠯᠡᠭᠡ ᠵᠠᠯᠭᠠᠯᠲᠠ ᠶᠢ ᠲᠣᠪᠴᠢᠳᠠᠨ᠎ᠠ᠃ ᠤᠯᠠᠨ ᠲᠦᠮᠡᠨ ᠪᠣᠯ ᠰᠢᠯᠭᠠᠭᠤᠯᠤᠭᠴᠢ ᠶᠢᠨ ᠤᠪᠤᠭ ᠨᠡᠷ᠎ᠡ ᠶᠢ | ᠪᠢᠴᠢᠬᠦ ᠪᠤᠶᠤ ᠪᠠᠶᠢᠴᠠᠭᠠᠨ ᠯᠠᠪᠯᠠᠬᠤ ᠨᠥᠬᠦᠴᠡᠯ ᠢ ᠰᠤᠩᠭᠤᠬᠤ ᠪᠠᠷ ᠳᠠᠮᠵᠢᠪᠠᠯ᠂ ᠳᠠᠷᠤᠶ ᠵᠣᠬᠢᠴᠠᠩᠭᠤᠶ | ᠰᠢᠯᠭᠠᠭᠤᠯᠤᠭᠴᠢ ᠶᠢᠨ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ ᠰᠢᠯᠵᠢᠭᠦᠯᠦᠨ ᠭᠠᠷᠭᠠᠵᠤ ᠪᠣᠯᠤᠨ᠎ᠠ᠃ | ᠮᠠᠨ ᠤ ᠣᠷᠣᠨ ᠤ ᠰᠢᠯᠭᠠᠭᠤᠯᠤᠭᠴᠢᠳ ᠰᠦᠯᠵᠢᠶᠡᠨ ᠳᠡᠭᠡᠷ᠎ᠡ ᠰᠤᠷᠤᠯᠴᠠᠬᠤ ᠰᠤᠷᠭᠠᠭᠤᠯᠢ᠂ ᠠᠩᠬᠢ ᠵᠡᠷᠭᠡ | ᠮᠡᠳᠡᠭᠡ ᠵᠠᠩᠭᠢ ᠶᠢ ᠰᠤᠩᠭᠤᠬᠤ ᠪᠠᠷ ᠳᠠᠮᠵᠢᠭᠤᠯᠤᠨ᠂ ᠵᠢᠭᠰᠠᠭᠠᠭᠰᠠᠨ ᠲᠡᠳᠡᠭᠡᠷ ᠰᠢᠯᠭᠠᠭᠤᠯᠤᠭᠴᠢᠳ ᠲᠠᠢ ᠨᠢᠭᠡ | ᠠᠩᠭᠢ ᠶᠢᠨ ᠬᠠᠮᠲᠤ ᠰᠤᠷᠤᠯᠭᠠᠲᠠᠨ ᠮᠦᠨ ᠡᠰᠡᠬᠦ ᠶᠢ ᠪᠠᠶᠢᠴᠠᠭᠠᠨ ᠦᠵᠡᠵᠦ ᠪᠣᠯᠣᠨ᠎ᠠ᠃ ᠬᠡᠷᠪᠡ ᠶᠠᠮᠠᠷ ᠨᠢᠭᠡᠨ | ᠬᠥᠮᠥᠨ ᠤ ᠨᠡᠷ᠎ᠡ ᠮᠡᠳᠡᠭᠦᠯᠦᠭᠰᠡᠨ ᠡᠰᠡᠬᠦ ᠶᠢ ᠮᠡᠳᠡᠶ᠎ᠡ ᠭᠡᠵᠦ ᠪᠣᠳᠤᠪᠠᠯ᠂ ᠣᠪᠣᠭ ᠨᠡᠷ᠎ᠡ ᠶᠢ ᠨᠢ ᠪᠢᠴᠢᠭᠯᠡᠵᠦ | ᠣᠷᠣᠭᠤᠯᠬᠤ ᠪᠠᠷ ᠳᠠᠮᠵᠢᠨ᠂ ᠪᠤᠶ ᠪᠦᠬᠦᠢ ᠨᠡᠷ᠎ᠡ ᠮᠡᠳᠡᠭᠦᠯᠦᠭᠰᠡᠨ ᠠᠳᠠᠯᠢ ᠨᠡᠷ᠎ᠡ ᠲᠠᠢ ᠰᠢᠯᠭᠠᠭᠤᠯᠤᠭᠴᠢᠳ ᠢ | ᠪᠠᠶᠢᠴᠠᠭᠠᠨ ᠦᠵᠡᠵᠦ ᠪᠣᠯᠣᠨ᠎ᠠ᠃ | ᠬᠡᠷᠪᠡ ᠰᠢᠯᠭᠠᠭᠤᠯᠤᠭᠴᠢ ᠵᠢᠴᠢ ᠭᠡᠷ ᠤᠨ ᠠᠬᠠᠮᠠᠳ ᠶᠠᠮᠠᠷ ᠨᠢᠭᠡᠨ ᠰᠢᠯᠭᠠᠭᠤᠯᠤᠭᠴᠢ ᠨᠢ ᠨᠡᠷ᠎ᠡ ᠮᠡᠳᠡᠭᠦᠯᠬᠦ | ᠨᠥᠬᠦᠴᠡᠯ ᠳᠤ ᠨᠡᠶᠢᠴᠡᠬᠦ ᠦᠭᠡᠢ ᠭᠡᠵᠦ ᠦᠵᠡᠪᠡᠯ᠂ ᠳᠠᠷᠤᠶ ᠲᠡᠭᠦᠨ ᠤ ᠬᠠᠷᠠᠭᠠᠯᠵᠠᠭᠰᠠᠨ ᠨᠡᠷ᠎ᠡ ᠮᠡᠳᠡᠭᠦᠯᠬᠦ ᠮᠡᠳᠡᠭᠡ | ᠵᠠᠩᠭᠢ ᠶᠢᠨ ᠲᠡᠮᠳᠡᠭᠯᠡᠯ ᠤᠨ ᠡᠮᠦᠨᠡᠬᠢ ᠰᠣᠩᠭᠤᠬᠤ ᠳᠠᠷᠤᠪᠴᠢ ᠶᠢ ᠲᠣᠪᠴᠢᠳᠠᠵᠤ᠂ ᠮᠡᠳᠡᠭᠡ ᠵᠠᠩᠭᠢ ᠶᠢᠨ ᠬᠦᠰᠦᠨᠦᠭ | ᠤᠨ ᠳᠣᠣᠷ᠎ᠠ ᠲᠠᠯ᠎ᠠ ᠳᠤ ᠲᠣᠳᠣᠷᠬᠠᠶᠢᠯᠠᠬᠤ ᠴᠢᠬᠤᠯᠠᠲᠠᠢ ᠦᠰᠦᠭ ᠪᠢᠴᠢᠭ ᠢ ᠪᠢᠴᠢᠭᠯᠡᠵᠦ᠂ ᠲᠤᠰᠢᠶᠠᠭᠰᠠᠨ ᠤ | ᠳᠠᠷᠠᠭ᠎ᠠ ᠲᠤᠰ ᠰᠢᠯᠭᠠᠭᠤᠯᠤᠭᠴᠢ ᠶᠢ ᠢᠯᠡᠴᠢᠯᠡᠨ ᠮᠡᠳᠡᠭᠦᠯᠬᠦ ᠪᠡᠶᠡᠯᠡᠭᠳᠡᠨ᠎ᠡ᠃ ᠥᠪᠡᠷᠲᠡᠭᠡᠨ ᠵᠠᠰᠠᠬᠤ ᠣᠷᠣᠨ ᠤ | ᠰᠢᠯᠭᠠᠯᠲᠠ ᠶᠢᠨ ᠲᠥᠪ ᠠᠴᠠ ᠦᠨᠡᠨ ᠪᠣᠯᠬᠤ ᠶᠢ ᠪᠠᠶᠢᠴᠠᠭᠠᠨ ᠲᠣᠲᠣᠯᠠᠭᠰᠠᠨ ᠬᠡᠷᠡᠭ ᠤᠨ ᠠᠩᠬᠠᠨ ᠤ ᠢᠯᠡᠴᠢᠯᠡᠨ | ᠮᠡᠳᠡᠭᠦᠯᠦᠭᠴᠢ ᠶᠢ 1000 ᠲᠥᠭᠦᠷᠢᠭ ᠤᠨ ᠪᠡᠯᠡᠨ ᠵᠣᠭᠤᠰ ᠢᠶᠠᠷ ᠱᠠᠩᠨᠠᠨ᠎ᠠ᠃ ᠰᠦᠯᠵᠢᠶᠡᠨ ᠳᠡᠭᠡᠷ᠎ᠡ ᠢᠯᠡᠴᠢᠯᠡᠨ | ᠮᠡᠳᠡᠭᠦᠯᠬᠦ ᠳᠤ᠂ ᠲᠤᠲᠤᠷᠬᠠᠶᠢᠯᠠᠯᠲᠠ ᠶᠢᠨ ᠦᠰᠦᠭ ᠪᠢᠴᠢᠭ ᠲᠡᠭᠡᠨ ᠬᠠᠷᠢᠯᠴᠠᠬᠤ ᠠᠷᠭ᠎ᠠ ᠮᠠᠶ᠋ᠢᠭ ᠢᠶᠠᠨ ᠦᠯᠡᠳᠡᠭᠡᠵᠦ | ᠪᠣᠯᠣᠨ᠎ᠠ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ | ᠰᠢᠯᠭᠠᠯᠲᠠ ᠶᠢᠨ ᠲᠥᠪ ᠤᠨ ᠢᠯᠡᠴᠢᠯᠡᠨ ᠮᠡᠳᠡᠭᠦᠯᠬᠦ ᠳ᠋ᠢᠶᠠᠩᠬᠤᠸᠠ 0471-3261805 ᠶᠢ ᠤᠲᠠᠰᠤᠳᠠᠵᠤ᠂ | ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠬᠢᠷᠢ ᠬᠡᠮ ᠦᠭᠡᠢ ᠰᠢᠯᠭᠠᠭᠤᠯᠤᠭᠴᠢ ᠶᠢ | ᠢᠯᠡᠴᠢᠯᠡᠨ ᠮᠡᠳᠡᠭᠦᠯᠵᠦ ᠴᠤ ᠪᠣᠯᠣᠨ᠎ᠠ᠃ ᠰᠢᠯᠭᠠᠯᠲᠠ ᠠᠴᠠ ᠡᠮᠦᠨ᠎ᠡ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ | ᠦᠭᠡᠢ ᠶᠢ ᠪᠠᠶᠢᠴᠠᠭᠠᠨ ᠲᠤᠲᠤᠯᠠᠭᠰᠠᠨ ᠰᠢᠯᠭᠠᠭᠤᠯᠤᠭᠴᠢ ᠶᠢᠨ ᠨᠡᠷ᠎ᠡ ᠮᠡᠳᠡᠭᠦᠯᠬᠦ ᠬᠢᠷᠢ ᠬᠡᠮ ᠢ ᠨᠢ ᠬᠦᠴᠦᠨ ᠦᠭᠡᠢ | ᠪᠣᠯᠭᠠᠨ᠎ᠠ︔ ᠰᠢᠯᠭᠠᠯᠲᠠ ᠶᠢᠨ ᠲᠠᠷᠠᠭ᠎ᠠ ᠪᠠᠶᠢᠴᠠᠭᠠᠨ ᠲᠣᠲᠤᠯᠠᠭᠰᠠᠨ ᠪᠣᠯ ᠲᠡᠭᠦᠨ ᠤ ᠰᠢᠯᠭᠠᠯᠲᠠ ᠶᠢᠨ ᠬᠢᠷᠢ | ᠪᠦᠲᠦᠮᠵᠢ᠂ ᠡᠯᠰᠡᠭᠳᠡᠬᠦ ᠬᠢᠷᠢ ᠬᠡᠮ ᠪᠤᠶᠤ ᠰᠤᠷᠭᠠᠭᠤᠯᠢ ᠳᠤ ᠣᠷᠣᠬᠤ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ᠃ | |