ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠪᠥᠬᠦ | ᠣᠷᠣᠨ ᠤ ᠥᠷᠢᠰᠥᠯᠳᠦᠭᠡᠨ ᠤ ᠬᠠᠤᠯᠢ ᠶᠢ ᠬᠡᠷᠡᠭᠵᠢᠭᠦᠯᠬᠦ ᠠᠵᠢᠯ ᠤᠨ ᠬᠤᠷᠠᠯ ᠢ ᠬᠤᠷᠠᠯᠳᠤᠭᠤᠯᠵᠤ᠂ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠤᠪᠴᠢᠶ᠎ᠠ ᠶᠢᠨ ᠳᠡᠳ᠋ ᠳᠠᠷᠤᠭ᠎ᠠ ᠶᠠᠩ ᠯᠢᠨ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠂ ᠡᠯ᠎ᠡ ᠠᠶᠢᠮᠠᠭ ᠬᠤᠳᠠ ᠶᠢᠨ ᠠᠵᠤ ᠦᠢᠯᠡᠳᠪᠦᠷᠢ ᠬᠤᠳᠠᠯᠳᠤᠭ᠎ᠠ ᠪᠤᠯᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠥᠷᠢᠰᠥᠯᠳᠦᠭᠡᠨ ᠤ ᠬᠠᠤᠯᠢ ᠶᠢ ᠬᠡᠷᠡᠭᠵᠢᠭᠦᠯᠬᠦ | ᠠᠵᠢᠯ ᠢ ᠬᠤᠪᠢᠳᠠᠨ ᠬᠠᠮᠢᠶᠠᠷᠴᠤ ᠪᠦᠬᠦᠢ ᠲᠤᠪᠴᠢᠶ᠎ᠠ ᠶᠢᠨ ᠳᠡᠳ᠋ ᠳᠠᠷᠤᠭ᠎ᠠ᠂ ᠡᠷᠬᠡ ᠲᠡᠭᠰᠢ ᠪᠠᠷ ᠠᠷᠠᠯᠵᠢᠶᠠᠯᠠᠬᠤ | ᠰᠠᠯᠠᠭᠠᠨ ᠳᠠᠷᠤᠭ᠎ᠠ ᠨᠠᠷ ᠬᠤᠷᠠᠯ ᠳᠤ ᠤᠷᠤᠯᠴᠠᠪᠠ᠃ ᠠᠶᠢᠮᠠᠭ ᠬᠤᠳᠠ ᠶᠢᠨ ᠬᠤᠪᠢᠳᠠᠨ ᠬᠠᠮᠢᠶᠠᠷᠴᠤ ᠪᠦᠬᠦᠢ | ᠲᠤᠪᠴᠢᠶ᠎ᠠ ᠶᠢᠨ ᠳᠠᠷᠤᠭ᠎ᠠ ᠨᠠᠷ ᠡᠨᠡ ᠵᠢᠯ ᠤᠨ ᠥᠷᠢᠰᠥᠯᠳᠦᠭᠡᠨ ᠤ ᠬᠠᠤᠯᠢ ᠶᠢ ᠬᠡᠷᠡᠭᠵᠢᠭᠦᠯᠬᠦ ᠠᠵᠢᠯ ᠤᠨ ᠳᠤᠮᠳᠠ | ᠣᠯᠤᠭᠰᠠᠨ ᠠᠮᠵᠢᠯᠲᠠ ᠪᠠᠨ ᠬᠠᠷᠢᠭᠤ ᠮᠡᠳᠡᠭᠦᠯᠵᠦ᠂ ᠲᠤᠯᠭᠠᠷᠠᠵᠤ ᠪᠠᠶᠢᠭ᠎ᠠ ᠠᠰᠠᠭᠤᠳᠠᠯ ᠢ ᠵᠠᠳᠠᠯᠵᠤ᠂ ᠣᠷᠣᠰᠢᠵᠤ | ᠪᠠᠶᠢᠭ᠎ᠠ ᠬᠦᠴᠢᠷᠳᠡᠯ ᠢ ᠳᠤᠷᠠᠳᠴᠤ᠂ 2016 ᠣᠨ ᠳᠤ ᠥᠷᠢᠰᠥᠯᠳᠦᠭᠡᠨ ᠤ ᠬᠠᠤᠯᠢ ᠶᠢ ᠬᠡᠷᠡᠭᠵᠢᠭᠦᠯᠬᠦ ᠠᠵᠢᠯ ᠢ | ᠬᠡᠷᠬᠢᠨ ᠨᠡᠩ ᠰᠠᠶᠢᠲᠤᠷ ᠦᠷᠨᠢᠬᠦᠯᠬᠦ ᠶᠢ ᠶᠠᠷᠢᠯᠴᠠᠵᠠᠭᠠᠭᠰᠠᠨ ᠪᠠᠶᠢᠨ᠎ᠠ᠃ | ᠲᠤᠪᠴᠢᠶ᠎ᠠ ᠶᠢᠨ ᠳᠡᠳ᠋ ᠳᠠᠷᠤᠭ᠎ᠠ ᠶᠠᠩ ᠯᠢᠨ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ︽ᠬᠢᠨᠠᠯᠲᠠ | ᠬᠠᠮᠢᠶᠠᠷᠤᠯᠲᠠ ᠪᠠᠷ ᠢᠲᠡᠭᠡᠮᠵᠢ ᠶᠢ ᠠᠬᠢᠭᠤᠯᠤᠨ᠂ ᠢᠲᠡᠭᠡᠮᠵᠢ ᠪᠠᠷ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ︾ | ᠤᠨᠤᠯᠵᠢᠬᠤᠨ ᠢ ᠪᠤᠢ ᠪᠣᠯᠭᠠᠵᠤ᠂ ᠬᠠᠤᠯᠢ ᠶᠢ ᠬᠡᠷᠡᠭᠵᠢᠭᠦᠯᠬᠦ ᠶᠢ ᠬᠢᠨᠠᠨ ᠬᠠᠮᠢᠶᠠᠷᠬᠤ ᠲᠠᠯ᠎ᠠ ᠪᠠᠷ ᠬᠠᠮᠵᠢᠯᠴᠠᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠶᠢ | ᠬᠡᠷᠡᠭᠵᠢᠭᠦᠯᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠦᠨᠡᠨᠴᠢ | ᠢᠲᠡᠭᠡᠮᠵᠢ ᠪᠠᠷ ᠥᠪᠡᠷ ᠢ ᠪᠠᠨ ᠱᠠᠭᠠᠷᠳᠠᠬᠤ ᠶᠢ ᠠᠬᠢᠭᠤᠯᠵᠤ᠂ ᠡᠮᠬᠢ ᠵᠢᠷᠤᠮ ᠲᠠᠢ ᠪᠠᠷ ᠥᠷᠢᠰᠥᠯᠳᠦᠬᠦ ᠶᠢ ᠦᠨᠡᠨ ᠬᠦ | ᠪᠠᠲᠤᠯᠠᠵᠤ᠂ ᠰᠠᠶᠢᠨ ᠰᠠᠶᠢᠬᠠᠨ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠵᠤ᠂ ᠠᠵᠤ ᠠᠬᠤᠢᠯᠠᠯ ᠤᠳ ᠤᠨ ︽ᠨᠢᠭᠡ | ᠶᠠᠪᠤᠳᠠᠯ ᠳᠤ ᠬᠠᠤᠯᠢ ᠠᠴᠠ ᠵᠦᠷᠢᠴᠡᠪᠡᠯ᠂ ᠶᠠᠪᠤᠳᠠᠯ ᠪᠤᠯᠭᠠᠨ ᠳᠤ ᠬᠢᠵᠠᠭᠠᠷᠯᠠᠭᠳᠠᠬᠤ︾ ᠢᠲᠡᠭᠡᠮᠵᠢ ᠶᠢᠨ | ᠬᠢᠵᠠᠭᠠᠷᠯᠠᠯ ᠤᠨ ᠬᠡᠪ ᠪᠠᠶᠢᠳᠠᠯ ᠢ ᠪᠤᠢ ᠪᠤᠯᠭᠠᠬᠤ ᠭᠡᠷᠡᠭᠲᠠᠢ᠃ ᠡᠯ᠎ᠡ ᠠᠶᠢᠮᠠᠭ ᠬᠤᠳᠠ ᠶᠢᠨ ᠠᠵᠤ ᠦᠢᠯᠡᠳᠪᠦᠷᠢ | ᠬᠤᠳᠠᠯᠳᠤᠭ᠎ᠠ ᠪᠤᠯᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠴᠤ ᠪᠦᠬᠦᠢ ᠰᠠᠯᠠᠭ᠎ᠠ ᠮᠥᠴᠢᠷ ᠤᠳ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠬᠠᠤᠯᠢ ᠶᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠶᠢ ᠴᠢᠷᠮᠠᠶᠢᠨ | ᠳᠡᠭᠡᠭᠰᠢᠯᠡᠭᠦᠯᠬᠦ ᠬᠡᠷᠡᠭᠲᠠᠢ᠃ ᠬᠡᠷᠡᠭ ᠰᠢᠢᠳᠪᠦᠷᠢᠯᠡᠬᠦ ᠶᠢ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ | ᠢᠳᠡᠪᠬᠢᠲᠡᠶ ᠪᠠᠷ ᠬᠠᠶᠢᠨ ᠰᠦᠪᠡᠭᠴᠢᠯᠡᠵᠦ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠶᠢ ᠬᠡᠷᠡᠭᠵᠢᠭᠦᠯᠬᠦ | ᠪᠣᠯᠪᠠᠰᠤᠷᠠᠭᠤᠯᠤᠯ ᠤᠨ ᠠᠵᠢᠯ ᠤᠨ ᠡᠷᠴᠢᠮ ᠢ ᠴᠢᠩᠭᠠᠷᠠᠭᠤᠯᠬᠤ ᠬᠡᠷᠡᠭᠲᠡᠶ᠃ ᠨᠡᠶᠢᠳᠡᠮ ᠢᠶᠠᠷ ᠢᠶᠠᠨ ᠬᠠᠮᠲᠤᠷᠠᠨ | ᠬᠦᠲᠡᠯᠦᠯᠴᠡᠵᠤ᠂ ᠬᠡᠷᠡᠭ ᠤᠨ ᠡᠬᠢ ᠰᠤᠷᠪᠤᠯᠵᠢ ᠶᠢ ᠥᠷᠭᠡᠨ ᠢᠶᠠᠷ ᠨᠡᠭᠡᠭᠡᠬᠦ ᠬᠡᠷᠡᠭᠲᠠᠢ᠃ ᠨᠡᠶᠢᠭᠡᠮ ᠤᠨ ᠳᠡᠭᠡᠳᠦ | ᠬᠡᠮᠵᠢᠶ᠎ᠡ ᠪᠠᠷ ᠠᠩᠬᠠᠷᠴᠤ ᠪᠠᠶᠢᠭ᠎ᠠ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠤᠳᠤᠷᠢᠳᠤᠮᠵᠢ ᠪᠤᠯᠭᠠᠵᠤ᠂ | ᠵᠣᠷᠢᠭᠲᠠᠶ ᠪᠠᠷ ᠲᠡᠮᠡᠴᠡᠵᠤ᠂ ᠪᠡᠷᠬᠡ ᠠᠰᠠᠭᠤᠳᠠᠯ ᠢ ᠵᠣᠷᠢᠭᠲᠠᠶ ᠪᠠᠷ ᠭᠦᠨᠳᠡᠵᠦ᠂ ᠠᠷᠠᠳ ᠤᠨ ᠠᠮᠢᠳᠤᠷᠠᠯ ᠢ | ᠬᠠᠮᠠᠭᠠᠯᠠᠬᠤ ᠪᠠ ᠰᠠᠶᠢᠵᠢᠷᠠᠭᠤᠯᠬᠤ ᠲᠠᠢ ᠤᠶᠠᠯᠳᠤᠭᠤᠯᠤᠨ᠂ ᠠᠷᠠᠳ ᠤᠯᠠᠨ ᠤ ᠲᠤᠰᠬᠠᠯ ᠶᠡᠬᠡᠲᠡᠶ ᠪᠠᠶᠢᠭ᠎ᠠ ᠠᠵᠢᠯ | ᠲᠦᠷᠦᠯ ᠪᠤᠯᠤᠨ ᠬᠦᠷᠢᠶ᠎ᠡ ᠶᠢ ᠰᠤᠩᠭᠤᠵᠤ᠂ ᠬᠠᠤᠯᠢ ᠶᠢ ᠬᠡᠷᠡᠭᠵᠢᠭᠦᠯᠬᠦ ᠠᠵᠢᠯᠯᠠᠭ᠎ᠠ ᠶᠢ ᠲᠥᠯᠥᠪᠯᠡᠭᠡ ᠲᠠᠢ᠂ | ᠬᠠᠷᠠᠯᠲᠠ ᠲᠠᠢ ᠪᠠᠷ ᠥᠷᠨᠢᠭᠦᠯᠬᠦ ᠬᠡᠷᠡᠭᠲᠡᠶ ᠭᠡᠪᠡ᠃ | | |