ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ 2016 ᠤᠨ ᠤ ᠵᠠᠰᠠᠭ ᠤᠨ ᠣᠷᠳᠣᠨ ᠤ ᠲᠥᠷᠢᠮ ᠲᠣᠭᠲᠠᠭᠠᠯ ᠬᠠᠤᠯᠢ ᠲᠣᠭᠲᠠᠭᠠᠬᠤ ᠵᠦᠢᠯᠡᠰ ᠢ ᠨᠡᠶᠢᠭᠡᠮ ᠠᠴᠠ ᠴᠤᠭᠯᠠᠭᠤᠯᠬᠤ ᠲᠤᠬᠠᠶ ᠰᠠᠨᠠᠭᠤᠯᠭ᠎ᠠ ᠶᠢᠨ ᠠᠯᠪᠠᠨ ᠵᠠᠷ
ᠨᠡᠶᠢᠲᠡᠯᠡᠭᠰᠡᠨ ᠴᠠᠭ᠄
2016/1/12
     ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠤᠨ ᠢᠯᠡ ᠲᠣᠳᠣ ᠶᠢᠨ ᠬᠡᠮᠵᠢᠶ᠎ᠡ ᠪᠠ ᠤᠯᠠᠨ ᠨᠡᠶᠢᠲᠡ ᠶᠢᠨ ᠣᠷᠣᠯᠴᠠᠬᠤ ᠬᠡᠮᠵᠢᠶ᠎ᠡ ᠶᠢ ᠨᠡᠮᠡᠭᠳᠡᠭᠦᠯᠵᠦ᠂ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ ᠶᠢᠨ ᠰᠢᠨᠵᠢᠯᠡᠬᠦ ᠤᠬᠠᠭᠠᠨᠴᠢ ᠴᠢᠨᠠᠷ᠂ ᠠᠷᠠᠳᠴᠢᠯᠠᠭᠰᠠᠨ ᠴᠢᠨᠠᠷ ᠢ ᠴᠢᠩᠭᠠᠳᠬᠠᠵᠤ᠂  ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠢ ᠠᠷᠠᠳ ᠤᠨ ᠠᠮᠢᠳᠤᠷᠠᠯ ᠲᠠᠢ ᠨᠡᠩ ᠣᠶᠢᠷᠠᠲᠤᠭᠤᠯᠤᠨ᠂ ᠠᠷᠠᠳ ᠤᠨ ᠰᠡᠳᠬᠢᠯ ᠳᠤ ᠨᠡᠶᠢᠴᠡᠭᠦᠯᠬᠦ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ 2016 ᠣᠨ ᠤ ᠵᠠᠰᠠᠭ ᠤᠨ ᠣᠷᠳᠣᠨ ᠤ ᠲᠥᠷᠢᠮ ᠲᠣᠭᠲᠠᠭᠠᠯ ᠬᠠᠤᠯᠢ ᠲᠣᠭᠲᠠᠭᠠᠬᠤ ᠵᠦᠢᠯᠡᠰ ᠤᠨ ᠲᠤᠬᠠᠶ ᠰᠠᠨᠠᠭᠤᠯᠭ᠎ᠠ ᠶᠢ ᠢᠯᠠ ᠪᠠᠷ ᠴᠤᠭᠯᠠᠭᠤᠯᠬᠤ ᠪᠠᠷ ᠲᠤᠭᠲᠠᠪᠠ᠃ ᠣᠳᠣ ᠠᠴᠠ ᠡᠬᠢᠯᠡᠨ᠂ ᠶᠠᠮᠠᠷᠪᠠ ᠬᠤᠪᠢ ᠬᠥᠮᠦᠨ ᠪᠤᠶᠤ ᠨᠢᠭᠡᠴᠡ ᠵᠠᠬᠢᠳᠠᠯ᠂ ᠹᠠᠺᠰ ᠪᠠ ᠡᠯᠧᠺᠲᠷᠣᠨ ᠰᠢᠦᠳᠠᠨ ᠤ ᠵᠦᠢᠯ ᠵᠡᠷᠭᠡ ᠬᠡᠯᠪᠡᠷᠢ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠬᠡᠵᠦ᠂ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢ ᠠᠬᠢᠭᠤᠯᠬᠤ︔ ᠬᠥᠮᠦᠨ ᠠᠮᠠ ᠡᠬᠢ ᠪᠠᠶᠠᠯᠢᠭ ᠣᠷᠴᠢᠨ ᠲᠤᠭᠤᠷᠢᠨ ᠤ ᠵᠣᠬᠢᠴᠠᠩᠭᠤᠶ ᠬᠥᠭᠵᠢᠯᠲᠡ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ︔ ᠨᠡᠶᠢᠭᠡᠮ ᠤᠨ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠨᠡᠶᠢᠭᠡᠮ ᠤᠨ ᠦᠢᠯᠡᠰ ᠢ ᠬᠦᠭᠵᠢᠭᠦᠯᠬᠦ︔ ᠠᠷᠠᠳ ᠤᠯᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠶᠡᠭᠡ ᠴᠡᠴᠡᠭᠯᠡᠯ᠂ ᠶᠡᠭᠡ ᠬᠥᠭᠵᠢᠯᠲᠡ ᠶᠢ ᠠᠬᠢᠭᠤᠯᠬᠤ︔ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠪᠠ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ︔ ᠬᠤᠲᠠ ᠬᠥᠳᠡᠭᠡ ᠶᠢᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠬᠤ ᠵᠡᠷᠭᠡ ᠬᠦᠷᠢᠶᠡᠨ ᠳᠤ ᠵᠠᠰᠠᠭ ᠤᠨ ᠣᠷᠳᠣᠨ ᠤ ᠲᠦᠷᠢᠮ ᠲᠣᠭᠲᠠᠭᠠᠯ ᠬᠠᠤᠯᠢ ᠲᠣᠭᠲᠠᠭᠠᠬᠤ ᠵᠦᠢᠯᠡᠰ ᠤᠨ ᠲᠤᠬᠠᠶ ᠰᠠᠨᠠᠭᠤᠯᠭ᠎ᠠ ᠶᠢ ᠪᠢᠴᠢᠭ ᠢᠶᠠᠷ ᠳᠤᠷᠠᠳᠤᠨ ᠭᠠᠷᠭᠠᠵᠤ ᠪᠣᠯᠤᠨ᠎ᠠ᠃      ᠬᠤᠪᠢ ᠬᠥᠮᠦᠨ ᠪᠤᠶᠤ ᠨᠢᠭᠡᠴᠡ ᠰᠠᠨᠠᠭᠤᠯᠭ᠎ᠠ ᠳᠤᠷᠠᠳᠤᠨ ᠭᠠᠷᠭᠠᠪᠠᠯ᠂ ᠬᠠᠤᠯᠢ ᠲᠣᠭᠲᠠᠭᠠᠬᠤ ᠵᠦᠢᠯᠡᠰ ᠤᠨ ᠨᠡᠷᠡᠶᠢᠳᠦᠯ᠂ ᠬᠠᠤᠯᠢ ᠲᠣᠭᠲᠠᠭᠠᠬᠤ ᠴᠢᠬᠤᠯᠠ ᠴᠢᠨᠠᠷ᠂ ᠰᠢᠢᠳᠪᠦᠷᠢᠯᠡᠬᠦ ᠭᠡᠵᠦ ᠪᠠᠶᠢᠭ᠎ᠠ ᠭᠤᠣᠯ ᠠᠰᠠᠭᠤᠳᠠᠯ᠂ ᠲᠤᠭᠲᠠᠭᠠᠬᠤ ᠭᠤᠣᠯ ᠲᠥᠷᠢᠮ ᠵᠢᠴᠢ ᠬᠤᠯᠪᠣᠭᠳᠠᠯ ᠪᠦᠬᠦᠢ ᠪᠠᠶᠢᠳᠠᠯ ᠤᠨ ᠲᠣᠳᠣᠷᠬᠠᠶᠢᠯᠠᠯᠲᠠ ᠶᠢ ᠲᠣᠳᠣᠷᠬᠠᠶ ᠪᠢᠴᠢᠬᠦ ᠶᠢᠨ ᠬᠠᠮᠲᠤ᠂ ᠣᠪᠣᠭ ᠨᠡᠷ᠎ᠡ ᠪᠤᠶᠤ ᠨᠡᠷᠡᠶᠢᠳᠦᠯ ᠵᠢᠴᠢ ᠬᠠᠷᠢᠯᠴᠠᠬᠤ ᠠᠷᠭ᠎ᠠ ᠮᠠᠶ᠋ᠢᠭ ᠢᠶᠠᠨ ᠲᠤᠳᠤᠷᠬᠠᠶᠢᠯᠠᠬᠤ ᠬᠡᠷᠡᠭᠲᠡᠢ᠃ ᠴᠤᠭᠯᠠᠭᠤᠯᠵᠤ ᠤᠯᠤᠭᠰᠠᠨ ᠬᠠᠤᠯᠢ ᠲᠣᠭᠲᠠᠭᠠᠬᠤ ᠵᠦᠢᠯᠡᠰ ᠤᠨ ᠰᠠᠨᠠᠭᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠠᠴᠠ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ᠂ 2016 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ ᠲᠠᠢ ᠤᠶᠠᠯᠳᠤᠭᠤᠯᠤᠨ ᠬᠢᠨᠠᠮᠠᠭᠠᠶ ᠪᠠᠷ ᠡᠮᠬᠢᠯᠡᠨ ᠲᠢᠭᠯᠡᠵᠦ᠂ ᠰᠤᠳᠤᠯᠬᠤ ᠶᠢᠨ ᠬᠠᠮᠲᠤ ᠰᠠᠨᠠᠭᠤᠯᠭ᠎ᠠ ᠶᠢ ᠨᠢ ᠬᠡᠷᠡᠭᠯᠡᠭᠰᠡᠨ ᠪᠠᠶᠢᠳᠠᠯ ᠢᠶᠠᠨ ᠴᠠᠭ ᠲᠤᠬᠠᠶ ᠳᠤᠨᠢ ᠨᠡᠶᠢᠭᠡᠮ ᠨᠡᠶᠢᠲᠡ ᠳᠤ ᠬᠠᠷᠢᠭᠤ ᠲᠤᠰᠬᠠᠨ᠎ᠠ᠃ᠢᠮᠧᠯ ᠤᠨ ᠬᠠᠶ᠋ᠢᠭ᠄ nmfzblfc@126.comᠬᠠᠷᠢᠯᠴᠠᠬᠤ ᠤᠲᠠᠰᠤ ︵ᠹᠠᠺᠰ︶᠄ 0471-4824606᠂ 4824609 ᠵᠠᠬᠢᠳᠠᠯ ᠨᠡᠪᠲᠡᠷᠡᠬᠦ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 1 ᠳ᠋ᠦ᠋ᠭᠡᠷ ᠨᠣᠮᠧᠷᠲᠤ ᠨᠠᠮ ᠵᠠᠰᠠᠭ ᠤᠨ ᠪᠠᠶᠢᠭᠤᠯᠭ᠎ᠠ ᠶᠢᠨ ᠶᠡᠷᠦᠩᠬᠡᠶᠢᠯᠡᠭᠰᠡᠨ ᠠᠯᠪᠠᠨ ᠠᠰᠠᠷ     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ 1050 ᠭᠡᠷ᠂ 1044 ᠭᠡᠷ ᠡᠴᠦᠰ ᠤᠨ ᠴᠠᠭ ᠢ 2016 ᠤᠨ ᠤ 2 ᠳ᠋ᠤᠭᠠᠷ ᠰᠠᠷ᠎ᠠ ᠶᠢᠨ 5᠎ ᠤ ᠡᠳᠦᠷ ᠢᠶᠠᠷ ᠬᠢᠵᠠᠭᠠᠷᠯᠠᠨ᠎ᠠᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ 2016 ᠤᠨ ᠤ1 ᠳ᠋ᠦ᠋ᠭᠡᠷ ᠰᠠᠷ᠎ᠠ ᠶᠢᠨ 4᠎ ᠤ ᠡᠳᠦᠷ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号