ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠦᠭᠵᠢᠭᠦᠯᠬᠦ ᠶᠢ ᠠᠬᠢᠭᠤᠯᠬᠤ ᠶᠢᠨ ᠲᠥᠯᠥᠭᠡ᠂ | ᠲᠦᠩᠯᠢᠶᠣᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ︽ᠲᠦᠩᠯᠢᠶᠣᠤ ᠬᠤᠲᠠ ᠶᠢᠨ ᠰᠢᠶᠠᠨ ᠤ | ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠦᠭᠵᠢᠭᠦᠯᠬᠦ ᠶᠢ ᠭᠦᠨᠵᠡᠭᠡᠶᠢᠷᠡᠭᠦᠯᠦᠨ | ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠵᠣᠬᠢᠶᠠᠨ ᠪᠠᠶᠢᠭᠤᠯᠤᠨ ᠲᠣᠭᠲᠠᠭᠠᠵᠤ᠂ ᠪᠦᠬᠦ ᠬᠤᠲᠠ ᠶᠢᠨ | ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠢ ᠵᠣᠬᠢᠶᠠᠨ | ᠪᠠᠶᠢᠭᠤᠯᠵᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠬᠦ ᠠᠵᠢᠯ ᠢ ᠡᠬᠢᠯᠡᠭᠦᠯᠪᠡ᠃ | ᠲᠥᠷᠥᠯ ᠵᠦᠢᠯ ᠢ ᠢᠳᠡᠪᠬᠢᠲᠡᠢ ᠪᠠᠷ ᠣᠯᠵᠤ᠂ ᠣᠷᠣᠭᠤᠯᠤᠯᠲᠠ ᠪᠠᠨ ᠨᠡᠮᠡᠭᠳᠡᠭᠦᠯᠦᠨ᠂ ᠪᠠᠷᠢᠮᠵᠢᠶ᠎ᠠ ᠳᠤ ᠬᠦᠷᠦᠭᠰᠡᠨ | ᠰᠤᠷᠭᠠᠭᠤᠯᠢ ᠶᠢᠨ ᠬᠠᠲᠠᠭᠤ ᠲᠤᠨᠤᠭ ᠤᠨ ᠲᠡᠩᠴᠡᠭᠦᠷᠢᠲᠡᠶ ᠪᠠᠶᠢᠬᠤ ᠶᠢ ᠬᠦᠴᠦᠲᠡᠢ ᠲᠦᠯᠬᠢᠨ ᠠᠬᠢᠭᠤᠯᠪᠠ᠃ | ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠥᠬᠦᠴᠡᠯ ᠢᠶᠠᠷ ᠠᠨᠠᠢ | ᠰᠤᠷᠭᠠᠭᠤᠯᠢ ᠶᠢ ᠥᠭᠡᠷᠡᠴᠢᠯᠡᠨ ᠵᠠᠰᠠᠬᠤ ᠲᠥᠯᠥᠪᠯᠡᠭᠡ᠂ ᠬᠥᠳᠡᠭᠡ ᠲᠣᠰᠬᠤᠨ ᠤ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠣᠭᠴᠢ ᠶᠢᠨ ᠪᠠᠶᠢᠷᠢ ᠶᠢ ᠥᠭᠡᠷᠡᠴᠢᠯᠡᠨ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ | ᠨᠥᠬᠦᠴᠡᠯ ᠪᠠᠷᠤᠭᠲᠠᠶ ᠰᠤᠷᠭᠠᠭᠤᠯᠢ ᠶᠢ ᠥᠭᠡᠷᠡᠴᠢᠯᠡᠨ ᠵᠠᠰᠠᠬᠤ ᠲᠥᠯᠥᠪᠯᠡᠭᠡ ᠵᠢᠴᠢ ᠬᠤᠭᠤᠯᠠᠨ ᠭᠡᠷ ᠤᠨ ᠪᠥᠳᠥᠭᠡᠨ | ᠪᠠᠶᠢᠭᠤᠯᠤᠯᠲᠠ ᠶᠢᠨ ᠲᠥᠷᠥᠯ ᠵᠦᠢᠯ ᠪᠣᠯᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠪᠠᠶᠢᠷᠢ ᠶᠢ | ᠥᠭᠡᠷᠡᠴᠢᠯᠡᠨ ᠵᠠᠰᠠᠬᠤ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠪᠡ᠃ ᠪᠦᠬᠦ ᠬᠤᠲᠠ ᠶᠢᠨ 157 | ᠵᠢᠭᠠᠨ ᠰᠤᠷᠭᠠᠬᠤ ᠴᠢᠬ ᠨᠢ ᠲᠣᠭᠠᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠢ ᠪᠦᠷᠢᠨ ᠪᠦᠷᠬᠦᠭᠦᠯᠵᠦ᠂ ᠤᠯᠤᠰ | ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠬᠥᠳᠡᠭᠡ ᠲᠣᠰᠬᠤᠨ ᠤ ᠰᠤᠷᠭᠠᠭᠤᠯᠢ ᠶᠢᠨ ᠪᠠᠭᠠᠴᠤᠳ ᠤᠨ ᠣᠷᠳᠣᠨ | ᠤ ᠲᠦᠷᠦᠯ ᠵᠦᠢᠯ 18 ᠶᠢ ᠴᠢᠷᠮᠠᠶᠢᠨ ᠣᠯᠵᠤ᠂ ᠪᠡᠯᠡ ᠲᠣᠬᠢᠷᠠᠭᠤᠯᠬᠤ ᠲᠥᠷᠥᠯ ᠵᠦᠢᠯ ᠢ ᠢᠳᠡᠪᠬᠢᠲᠡᠢ ᠣᠯᠵᠤ ︽ | ᠭᠤᠷᠪᠠ ᠶᠢ ᠨᠡᠪᠲᠡᠷᠡᠭᠦᠯᠬᠦ ᠬᠤᠶᠠᠷ ᠲᠠᠪᠴᠠᠩ︾ ᠤᠨ ᠪᠦᠳᠤᠭᠡᠨ ᠪᠠᠶᠢᠭᠤᠯᠤᠯᠲᠠ ᠶᠢ ᠡᠬᠢᠯᠡᠭᠦᠯᠪᠡ᠃ ᠪᠦᠬᠦ | ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠦᠭᠵᠢᠭᠦᠯᠬᠦ ᠮᠡᠳᠡᠭᠡ ᠵᠠᠩᠭᠢᠵᠢᠯᠲᠠ ᠶᠢᠨ | ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ ᠲᠠᠪᠴᠠᠩ ᠢ ᠪᠠᠶᠢᠭᠤᠯᠵᠤ᠂ ᠪᠠᠶᠢᠴᠠᠭᠠᠭᠳᠠᠬᠤ ᠬᠤᠰᠢᠭᠤ ᠰᠢᠶᠠᠨ ᠳᠤ 4 | ᠤᠳᠠᠭ᠎ᠠ ᠬᠤᠭᠤᠴᠠᠭᠠᠨ ᠡᠮᠦᠨᠡᠬᠢ ᠵᠢᠯᠣᠭᠤᠳᠤᠯᠭ᠎ᠠ ᠬᠢᠭᠰᠡᠨ ᠪᠠ ᠬᠤᠳᠠ ᠶᠢᠨ ᠳᠡᠰ ᠤᠨ ᠳᠠᠬᠢᠨ ᠬᠢᠨᠠᠯᠲᠠ ᠬᠢᠪᠡ᠃ | ᠵᠠᠷᠤᠳ ᠬᠤᠰᠢᠭᠤ ᠨᠢ ᠤᠯᠤᠰ ᠤᠨ ᠦᠨᠡᠯᠡᠯᠲᠡ ᠪᠠ ᠦᠨᠡᠮᠰᠢᠯ ᠢ ᠣᠯᠪᠠ᠃ ᠬᠤᠭᠤᠴᠠᠭᠠᠨ ᠳᠤᠮᠳᠠ ᠪᠦᠬᠦ | ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠦᠭᠵᠢᠭᠦᠯᠬᠦ ᠶᠢ ᠳᠥᠯᠭᠢᠨ ᠠᠬᠢᠭᠤᠯᠬᠤ | ᠬᠤᠷᠠᠯ ᠢ ᠬᠤᠷᠠᠯᠳᠤᠭᠤᠯᠵᠤ᠂ ᠬᠤᠶᠢᠰᠢᠳᠠ ᠶᠢᠨ ᠭᠤᠷᠪᠠᠨ ᠵᠢᠯ ᠤᠨ ᠲᠥᠯᠥᠪᠵᠢᠭᠦᠯᠭᠡ ᠶᠢᠨ ᠡᠭᠦᠷᠭᠡ ᠪᠦᠬᠦᠢ | ᠬᠤᠰᠢᠭᠤ ᠰᠢᠶᠠᠨ ᠢ ᠪᠠᠷᠢᠮᠵᠢᠶ᠎ᠠ ᠳᠤ ᠬᠦᠷᠦᠭᠦᠯᠬᠦ ᠠᠵᠢᠯ ᠢ ᠡᠷᠲᠡᠬᠡᠨ ᠪᠠᠶᠢᠷᠢᠯᠠᠭᠤᠯᠵᠤ᠂ ᠬᠦᠴᠦᠲᠡᠶ ᠳᠥᠯᠭᠢᠨ | ᠠᠬᠢᠭᠤᠯᠪᠠ᠃ |