2015 ᠣᠨ ᠳᠤ ᠬᠥᠬᠡᠬᠤᠲᠠ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠠᠶᠢᠵᠢᠷᠠᠭᠤᠯᠬᠤ ᠵᠡᠷᠭᠡ ᠡᠯ᠎ᠡ ᠲᠦᠷᠦᠯ ᠤᠨ ᠣᠷᠣᠨ ᠰᠠᠭᠤᠴᠠ ᠶᠢᠨ ᠪᠠᠲᠤᠯᠠᠭ᠎ᠠ ᠳᠤ17 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ
ᠨᠡᠶᠢᠲᠡᠯᠡᠭᠰᠡᠨ ᠴᠠᠭ᠄
2016/1/13
     ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠪᠣᠯ ᠳᠣᠣᠷ᠎ᠠ ᠣᠷᠣᠯᠭ᠎ᠠ ᠲᠠᠢ ᠬᠥᠮᠦᠰ ᠤᠨ ᠣᠷᠣᠨ ᠰᠠᠭᠤᠴᠠ ᠶᠢᠨ ᠬᠡᠷᠡᠭᠴᠡᠭᠡ ᠶᠢ ᠵᠠᠰᠠᠭ ᠤᠨ ᠣᠷᠳᠣᠨ ᠠᠴᠠ  ᠬᠠᠩᠭᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ 2015 ᠣᠨ ᠳᠤ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠢᠳᠡᠪᠬᠢᠲᠡᠶ ᠪᠠᠷ ᠪᠡᠯᠡ ᠮᠥᠩᠭᠦ ᠴᠤᠭᠯᠠᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠠᠮᠢᠳᠤᠷᠠᠯ ᠎ ᠤᠨ ᠨᠥᠬᠦᠴᠡᠯ ᠢ ᠦᠨᠡᠨ ᠬᠦ ᠰᠠᠶᠢᠵᠢᠷᠠᠭᠤᠯᠵᠤ᠂ ᠲᠥᠪ ᠤᠨ ᠲᠤᠰᠬᠠᠶ ᠵᠦᠢᠯ ᠤᠨ ᠲᠤᠰᠠᠯᠠᠮᠵᠢ ᠶᠢᠨ ᠪᠡᠯᠡ ᠮᠥᠩᠭᠦ ᠎ ᠶᠢ 5.54 ᠳ᠋ᠦᠩᠰᠢᠭᠤᠷ ᠲᠥᠭᠦᠷᠢᠭ ᠴᠢᠷᠮᠠᠶᠢᠨ ᠣᠯᠵᠠᠢ᠂ ᠡᠨᠡ ᠨᠢ 2014 ᠣᠨ ᠤ 2.93 ᠳᠠᠬᠢᠨ ᠪᠣᠯᠣᠨ᠎ᠠ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠲᠤᠰᠠᠯᠠᠮᠵᠢ᠂ ᠲᠤᠰ ᠱᠠᠲᠤᠨ ᠤ ᠲᠥᠰᠦᠪ ᠤᠨ ᠲᠣᠬᠢᠷᠠᠭᠤᠯᠤᠯᠲᠠ ᠶᠢ ᠣᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ 2015 ᠣᠨ ᠤ 12 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠮᠠᠨ ᠤ ᠬᠤᠲᠠ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠠᠶᠢᠵᠢᠷᠠᠭᠤᠯᠬᠤ᠂ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠠᠯᠪᠠᠨ ᠠᠴᠠ ᠪᠠᠶᠢᠭᠤᠯᠤᠭᠰᠠᠨ ᠲᠦᠷᠢᠶᠡᠰᠦᠯᠡᠯ ᠤᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠵᠡᠷᠭᠡ ᠡᠯ᠎ᠡ ᠲᠦᠷᠦᠯ ᠤᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠵᠠᠷᠤᠯᠭ᠎ᠠ ᠳᠤ ᠨᠡᠶᠢᠲᠡ 17 ᠳ᠋ᠦᠩᠰᠢᠭᠤᠷ ᠲᠥᠭᠦᠷᠢᠭ ᠣᠷᠣᠭᠤᠯᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 7 ᠳ᠋ᠦᠩᠰᠢᠭᠤᠷ ᠲᠥᠭᠦᠷᠢᠭ ᠨᠡᠮᠡᠭᠳᠡᠵᠦ᠂ 70.31%᠎ ᠪᠠᠷ ᠨᠡᠮᠡᠭᠳᠡᠪᠡ᠃ ᠮᠠᠨ ᠤ ᠬᠤᠳᠠ ᠶᠢᠨ ᠬᠠᠭᠤᠴᠢᠨ ᠲᠣᠭᠤᠷᠢᠭ ᠎ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠠᠬᠢᠭᠤᠯᠬᠤ ᠶᠢᠨ ᠲᠥᠯᠥᠭᠡ᠂ ᠪᠠᠰᠠ 4.3 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号