︽ᠳᠤᠮᠳᠠᠳᠤ ᠤᠯᠤᠰ ᠤᠨ ᠠᠮᠢᠳᠤ ᠪᠣᠳᠠᠰ ᠤᠨ ᠤᠯᠡᠠ ᠶᠠᠩᠵᠤᠲᠤ ᠴᠢᠨᠠᠷ ᠢ ᠤᠷᠢᠳᠠᠪᠠᠷ ᠬᠠᠮᠠᠭᠠᠯᠠᠬᠤ ᠣᠷᠣᠨ ᠪᠦᠰᠡ ᠶᠢᠨ ᠬᠡᠪᠴᠢᠶ᠎ᠡ︾᠎ ᠶᠢ ᠨᠡᠶᠢᠲᠡᠯᠡᠵᠦ᠂ ᠠᠯᠠᠱᠠᠨ ᠠᠶᠢᠮᠠᠭ ᠲᠡᠭᠦᠨ ᠤ ᠳᠤᠲᠤᠷ᠎ᠠ ᠵᠢᠭᠰᠠᠭᠠᠭᠳᠠᠪᠠ
ᠨᠡᠶᠢᠲᠡᠯᠡᠭᠰᠡᠨ ᠴᠠᠭ᠄
2016/1/14
     ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠤᠷᠢᠳᠠᠪᠠᠷ ᠬᠠᠮᠠᠭᠠᠯᠠᠬᠤ ᠣᠷᠣᠨ ᠪᠦᠰᠡ ᠶᠢᠨ ᠬᠠᠮᠠᠭᠠᠯᠠᠯᠲᠠ ᠪᠤᠯᠤᠨ ᠬᠢᠨᠠᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠤᠯᠠᠳᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠮᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠤᠷᠢᠳᠠᠪᠡᠷ ᠬᠠᠮᠠᠭᠠᠯᠠᠬᠤ ᠣᠷᠣᠨ ᠪᠦᠰᠡ ᠶᠢᠨ ᠵᠠᠭᠠᠭ ᠱᠤᠭᠤᠮ ᠢ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠤᠯᠤᠰ ᠤᠨ ᠠᠮᠢᠳᠤ ᠪᠣᠳᠠᠰ ᠤᠨ ᠤᠯᠡᠠ ᠶᠠᠩᠵᠤᠲᠤ ᠴᠢᠨᠠᠷ ᠢ ᠤᠷᠢᠳᠠᠪᠡᠷ ᠬᠠᠮᠠᠭᠠᠯᠠᠬᠤ ᠣᠷᠣᠨ ᠪᠦᠰᠡ ᠶᠢᠨ ᠬᠦᠷᠢᠶ᠎ᠡ ᠬᠡᠪᠴᠢᠶ᠎ᠡ ᠶᠢ ᠣᠷᠴᠢᠮᠬᠠᠨ ᠳᠤ ᠨᠡᠶᠢᠲᠡᠯᠡᠪᠡ᠃      ᠤᠷᠢᠳᠠᠪᠡᠷ ᠬᠠᠮᠠᠭᠠᠯᠠᠬᠤ ᠣᠷᠣᠨ ᠪᠦᠰᠡ ᠪᠣᠯ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠡᠯ᠎ᠡ ᠲᠦᠷᠦᠯ ᠤᠨ ᠠᠵᠢᠯ ᠢ ᠦᠷᠨᠢᠬᠦᠯᠬᠦ ᠭᠤᠣᠯᠳᠠᠯᠭ᠎ᠠ ᠲᠠᠢ ᠣᠷᠣᠨ ᠪᠦᠰᠡ ᠪᠤᠯᠤᠨ᠎ᠠ᠃ ︽ᠪᠠᠶᠢᠯᠳᠤᠬᠤ ᠪᠣᠳᠣᠯᠭ᠎ᠠ ᠪᠤᠯᠤᠨ ᠠᠵᠢᠯᠯᠠᠭᠠᠨ ᠤ ᠲᠥᠯᠥᠪᠯᠡᠭᠡ︾᠎ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠵᠤ᠂ ᠤᠷᠢᠳᠠᠪᠡᠷ ᠬᠠᠮᠠᠭᠠᠯᠠᠬᠤ ᠣᠷᠣᠨ ᠪᠦᠰᠡ ᠶᠢᠨ ᠬᠠᠮᠠᠭᠠᠯᠠᠯᠲᠠ ᠪᠤᠯᠤᠨ ᠬᠢᠨᠠᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠤᠯᠠᠳᠠ᠂ ᠤᠯᠤᠰ ᠠᠴᠠ ᠠᠮᠢᠳᠤ ᠪᠣᠳᠠᠰ ᠤᠨ ᠤᠯᠡᠠ ᠶᠠᠩᠵᠤᠲᠤ ᠴᠢᠨᠠᠷ ᠢ ᠤᠷᠢᠳᠠᠪᠡᠷ ᠬᠠᠮᠠᠭᠠᠯᠠᠬᠤ 35 ᠣᠷᠣᠨ ᠪᠦᠰᠡ ᠶᠢ ᠲᠤᠭᠲᠠᠭᠠᠪᠠ᠂ ᠡᠭᠦᠨ ᠳᠤ ᠳᠤᠮᠳᠠᠳᠤ ᠤᠯᠤᠰ ᠤᠨ ᠳᠣᠲᠣᠭᠠᠳᠤ ᠬᠠᠭᠤᠷᠠᠶ ᠵᠢᠴᠢ ᠳᠠᠯᠠᠢ ᠶᠢᠨ ᠣᠷᠣᠨ ᠤ ᠠᠮᠢᠳᠤ ᠪᠣᠳᠠᠰ ᠤᠨ ᠤᠯᠡᠠ ᠶᠠᠩᠵᠤᠲᠤ ᠴᠢᠨᠠᠷ ᠢ ᠤᠷᠢᠳᠠᠪᠡᠷ ᠬᠠᠮᠠᠭᠠᠯᠠᠬᠤ 32 ᠣᠷᠣᠨ ᠪᠦᠰᠡ ᠪᠤᠯᠤᠨ ᠰᠢᠷ᠎ᠠ ᠲᠠᠩᠭᠢᠰ ᠪᠦᠸᠧᠬᠠᠢ ᠲᠠᠩᠬᠢᠰ ᠤᠨ ᠠᠮᠢᠳᠤ ᠪᠣᠳᠠᠰ ᠤᠨ ᠤᠯᠡᠠ ᠶᠠᠩᠵᠤᠲᠤ ᠴᠢᠨᠠᠷ ᠢ ᠤᠷᠢᠳᠠᠪᠡᠷ ᠬᠠᠮᠠᠭᠠᠯᠠᠬᠤ ᠣᠷᠣᠨ ᠪᠦᠰᠡ ᠂ ᠳᠣᠷᠣᠨᠠᠲᠤ ᠲᠠᠩᠭᠢᠰ ᠵᠢᠴᠢ ᠲᠠᠶᠢᠸᠠᠨ ᠤ ᠳᠠᠯᠠᠶ ᠶᠢᠨ ᠬᠤᠭᠤᠯᠠᠶ ᠶᠢᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠤᠷᠢᠳᠠᠪᠡᠷ ᠬᠠᠮᠠᠭᠠᠯᠠᠬᠤ ᠣᠷᠣᠨ ᠪᠦᠰᠡ᠂ ᠡᠮᠦᠨᠡᠲᠦ ᠲᠠᠩᠭᠢᠰ ᠤᠨ ᠠᠮᠢᠳᠤ ᠪᠣᠳᠠᠰ ᠤᠨ ᠤᠯᠡᠠ ᠶᠠᠩᠵᠤᠲᠤ ᠴᠢᠨᠠᠷ ᠢ ᠤᠷᠢᠳᠠᠪᠡᠷ ᠬᠠᠮᠠᠭᠠᠯᠠᠬᠤ ᠣᠷᠣᠨ ᠪᠦᠰᠡ ᠪᠠᠭᠲᠠᠨ᠎ᠠ᠃ ᠠᠯᠠᠱᠠᠨ ᠠᠶᠢᠮᠠᠭ ᠢ ᠪᠠᠷᠠᠭᠤᠨ ᠤᠷᠳᠤᠰ — ᠾᠧ ᠯᠠᠨ ᠱᠠᠨ ᠠᠭᠤᠯᠠ — ᠮᠤᠨᠢ ᠠᠭᠤᠯᠠ ᠶᠢᠨ ᠠᠮᠢᠳᠤ ᠪᠣᠳᠠᠰ ᠤᠨ ᠤᠯᠡᠠ ᠶᠠᠩᠵᠤᠲᠤ ᠴᠢᠨᠠᠷ ᠢ ᠤᠷᠢᠳᠠᠪᠡᠷ ᠬᠠᠮᠠᠭᠠᠯᠠᠬᠤ ᠤᠷᠤᠨ ᠪᠦᠰᠡ ᠳᠤ ᠤᠷᠤᠭᠤᠯᠪᠠ᠃ ᠪᠣᠳᠠᠲᠠᠶ ᠵᠠᠭᠠᠭᠯᠠᠨ ᠲᠣᠭᠲᠠᠭᠠᠭᠰᠠᠨ ᠣᠷᠣᠨ ᠪᠦᠰᠡ ᠳᠤ ᠠᠯᠠᠱᠠᠨ ᠵᠡᠭᠦᠨ ᠬᠤᠰᠢᠭᠤ ᠶᠢᠨ ᠴᠤᠭᠲᠤ ᠬᠦᠷᠢᠶ᠎ᠡ ᠰᠤᠮᠤ᠂ ᠵᠡᠭᠦᠨ ᠪᠠᠯ ᠪᠠᠯᠭᠠᠰᠤ᠂ ᠪᠠᠷᠠᠭᠤᠨ ᠪᠠᠯ ᠪᠠᠯᠭᠠᠰᠤ ᠪᠠᠭᠲᠠᠨ᠎ᠠ᠂ ᠥᠪᠥᠷ ᠮᠣᠩᠭᠤᠯ ᠤᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯᠤᠨ ᠠᠯᠠᠱᠠᠨ ᠤ ᠵᠡᠬᠦᠨᠳᠡᠬᠢ ᠥᠪᠡᠷᠲᠡᠭᠡᠨ ᠵᠠᠰᠠᠬᠤ ᠣᠷᠣᠨ ᠤ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠠᠭᠠᠯᠠᠯᠲᠠ ᠶᠢᠨ ᠭᠤᠣᠯᠳᠠᠯᠭ᠎ᠠ ᠪᠤᠯ ᠴᠥᠯᠡᠷᠭᠡᠭ ᠠᠮᠢ ᠠᠬᠤᠶ ᠶᠢᠨ ᠰᠢᠰᠲ᠋ᠧᠮ ᠵᠢᠴᠢ ᠨᠣᠴᠣᠭᠠᠨ᠎ᠠ᠂ ᠮᠥᠩᠬᠡ ᠬᠠᠷᠭᠠᠨ᠎ᠠ᠂ ᠲᠠᠯ᠎ᠠ ᠰᠠᠷᠠ ᠴᠡᠴᠡᠭ᠂ ᠬᠥᠪᠥᠩ ᠤᠨ ᠴᠢᠴᠢᠬᠦ ᠮᠡᠲᠦ ᠶᠢᠨ ᠴᠢᠬᠤᠯᠠ ᠲᠦᠷᠦᠯ ᠵᠦᠢᠯ ᠵᠢᠴᠢ ᠠᠮᠢᠳᠤᠷᠠᠬᠤ ᠤᠷᠴᠢᠨ ᠪᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号