ᠬᠥᠬᠡᠬᠤᠲᠠ ᠴᠥᠭᠡᠨ ᠲᠣᠭᠠᠲᠤ ᠦᠨᠳᠦᠰᠦᠲᠡᠨ ᠤ ᠬᠥᠭᠵᠢᠭᠦᠯᠦᠯᠲᠡ ᠶᠢᠨ ᠪᠡᠯᠡ ᠮᠥᠩᠭᠦ ᠶᠢ ᠨᠡᠶᠢᠯᠡᠭᠦᠯᠵᠦ ᠴᠥᠭᠡᠨ ᠲᠣᠭᠠᠲᠤ ᠦᠨᠳᠦᠰᠦᠲᠡᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠪᠡ
ᠨᠡᠶᠢᠲᠡᠯᠡᠭᠰᠡᠨ ᠴᠠᠭ᠄
2016/1/14
      2015 ᠣᠨ ᠳᠤ᠂ ᠬᠥᠬᠡᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠤᠰ ᠱᠠᠲᠤᠨ ᠤ ᠴᠥᠭᠡᠨ ᠲᠣᠭᠠᠲᠤ ᠦᠨᠳᠦᠰᠦᠲᠡᠨ ᠤ ᠬᠦᠭᠵᠢᠭᠦᠯᠦᠯᠲᠡ ᠶᠢᠨ ᠪᠡᠯᠠ ᠮᠥᠩᠭᠦ ᠶᠢᠨ ᠬᠡᠷᠡᠭᠯᠡᠯᠲᠡ ᠶᠢ ᠤᠯᠠᠮ ᠰᠢᠯᠢᠳᠡᠭᠵᠢᠭᠦᠯᠵᠦ᠂ ᠬᠥᠮᠦᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ ᠬᠦᠴᠦᠨ ᠢ ᠲᠥᠪᠯᠡᠷᠡᠭᠦᠯᠦᠨ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠬᠦᠷᠢᠶ᠎ᠡ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠭᠤᠷᠠᠶ ᠭᠤᠭᠴᠤᠭ᠎ᠠ ᠲᠡᠰᠢ ᠬᠡᠯᠪᠡᠶᠢᠯᠭᠡᠪᠡ᠃ ᠪᠦᠬᠦ ᠵᠢᠯ ᠳᠤ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠬᠦᠭᠵᠢᠭᠦᠯᠦᠯᠲᠡ ᠶᠢᠨ ᠪᠡᠯᠡ ᠮᠦᠩᠭᠦ 685 ᠲᠦᠮᠡᠨ ᠲᠥᠭᠦᠷᠢᠭ᠂ 34 ᠬᠡᠷᠡᠭᠵᠢᠭᠦᠯᠬᠦ ᠲᠦᠷᠦᠯ ᠵᠦᠢᠯ ᠢ ᠣᠯᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠠᠵᠢᠯ ᠤᠨ ᠵᠠᠷᠤᠳᠠᠯ ᠠᠴᠠ 224 ᠲᠦᠮᠡᠨ ᠲᠥᠭᠦᠷᠢᠭ᠂ 5 ᠬᠡᠷᠡᠭᠵᠢᠭᠦᠯᠬᠦ ᠲᠦᠷᠦᠯ ᠵᠦᠢᠯ ᠢ ᠣᠯᠵᠤ᠂ ᠬᠤᠲᠠ ᠶᠢᠨ ᠲᠤᠰ ᠱᠠᠲᠤᠨ ᠤ ᠴᠥᠭᠡᠨ ᠲᠣᠭᠠᠲᠤ ᠦᠨᠳᠦᠰᠦᠲᠡᠨ ᠤ ᠬᠦᠭᠵᠢᠭᠦᠯᠦᠯᠲᠡ ᠶᠢᠨ ᠪᠡᠯᠡ ᠮᠥᠩᠭᠦ 579 ᠲᠦᠮᠡᠨ ᠲᠥᠭᠦᠷᠢᠭ᠂ 23 ᠬᠡᠷᠡᠭᠵᠢᠭᠦᠯᠬᠦ ᠲᠦᠷᠦᠯ ᠵᠦᠢᠯ ᠢ ᠳᠣᠷᠤᠭᠰᠢ ᠪᠠᠭᠤᠯᠭᠠᠪᠠ᠃ ᠦᠨᠳᠦᠰᠦᠲᠡᠨ ᠤ ᠠᠷᠠᠯᠵᠢᠶᠠᠨ ᠤ ᠠᠷᠠᠳ ᠤᠨ ᠬᠡᠷᠡᠭᠯᠡᠭᠡᠨ ᠤ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠲᠡᠳᠬᠦᠨ ᠳᠡᠮᠵᠢᠬᠦ ᠪᠠ ᠬᠥᠲᠥᠯᠥᠨ ᠵᠢᠯᠣᠭᠤᠳᠴᠤ᠂ ︽12᠂ 5︾᠎ ᠶᠢᠨ ᠬᠤᠭᠤᠴᠠᠭᠠᠨ ᠳᠤ ᠦᠨᠳᠦᠰᠦᠲᠡᠨ ᠤ ᠠᠷᠠᠯᠵᠢᠶᠠᠨ ᠤ ᠠᠷᠠᠳ ᠤᠨ ᠬᠡᠷᠡᠭᠯᠡᠭᠡᠨ ᠤ ᠠᠵᠤ ᠠᠬᠤᠶᠢᠯᠠᠯ ᠤᠨ ᠵᠢᠭᠡᠯᠡᠯᠭᠡ ᠶᠢ 360.95 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ 3.48 ᠳ᠋ᠦᠩᠰᠢᠭᠤᠷ ᠲᠦᠭᠦᠷᠢᠭ ᠤᠨ ᠬᠦᠨᠳᠡᠯᠡᠨ ᠬᠦᠦ ᠮᠥᠩᠭᠦ ᠥᠭᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号