︽12·5︾ ᠶᠢᠨ ᠬᠤᠭᠤᠴᠠᠭᠠᠨ ᠳᠤ᠂ ᠤᠯᠠᠭᠠᠨᠴᠠᠪ ᠬᠤᠲᠠ ᠬᠤᠳᠠ ᠶᠢᠨ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 2010 ᠣᠨ ᠳᠤ 272 ᠲᠥᠭᠦᠷᠢᠭ ᠪᠠᠶᠢᠭᠰᠠᠨ ᠠᠴᠠ ᠨᠢ 465 | ᠲᠥᠭᠦᠷᠢᠭ ᠪᠤᠯᠭᠠᠨ ᠨᠡᠮᠡᠭᠡᠳ᠂ ᠵᠢᠯ ᠪᠦᠷᠢ ᠳᠤᠮᠳᠠᠴᠢ ᠪᠠᠷ 11.4% ᠪᠠᠷ ᠨᠡᠮᠡᠭᠳᠡᠭᠦᠯᠪᠡ︔ ᠬᠥᠳᠡᠭᠡ | ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 2010 ᠣᠨ ᠳᠤ 1330 | ᠲᠥᠭᠦᠷᠢᠭ ᠪᠠᠶᠢᠭᠰᠠᠨ ᠠᠴᠠ ᠨᠢ 3325 ᠲᠥᠭᠦᠷᠢᠭ ᠪᠤᠯᠭᠠᠨ ᠨᠡᠮᠡᠭᠡᠳ᠂ ᠵᠢᠯ ᠪᠦᠷᠢ ᠳᠤᠮᠳᠠᠴᠢ ᠪᠠᠷ 21% ᠪᠠᠷ | ᠨᠡᠮᠡᠭᠳᠡᠭᠦᠯᠪᠡ᠃ ᠠᠰᠠᠷᠠᠨ ᠲᠡᠵᠢᠬᠡᠬᠦ ᠲᠠᠪᠤᠨ ᠪᠠᠲᠤᠯᠠᠭᠠᠲᠤ 2.6 ᠲᠦᠮᠡᠨ ᠬᠥᠮᠦᠨ ᠪᠠᠶᠢᠵᠤ᠂ ᠲᠥᠪᠯᠡᠷᠡᠭᠦᠯᠬᠦ ᠪᠠ | ᠲᠠᠷᠬᠠᠢ ᠠᠰᠠᠷᠠᠨ ᠲᠡᠵᠢᠭᠡᠬᠦ ᠪᠠᠷᠢᠮᠵᠢᠶ᠎ᠠ ᠶᠢ ᠲᠣᠰᠪᠣᠷᠢ 2010 ᠣᠨ ᠳᠤ 2753 ᠲᠥᠭᠦᠷᠢᠭ ᠪᠤᠯᠤᠨ 1964 | ᠲᠥᠭᠦᠷᠢᠭ ᠪᠠᠶᠢᠭᠰᠠᠨ ᠠᠴᠠ ᠨᠢ 8000 ᠲᠥᠭᠦᠷᠢᠭ ᠪᠤᠯᠤᠨ 3850 ᠲᠥᠭᠦᠷᠢᠭ ᠲᠤ ᠪᠤᠯᠭᠠᠨ ᠨᠡᠮᠡᠵᠤ᠂ ᠵᠢᠯ | ᠪᠦᠷᠢ ᠳᠤᠮᠳᠠᠴᠢ ᠪᠠᠷ 25% ᠪᠤᠯᠤᠨ 14.6% ᠪᠠᠷ ᠨᠡᠮᠡᠭᠳᠡᠭᠦᠯᠪᠡ᠃ ᠨᠠᠰᠤᠲᠠᠨ ᠢ ᠠᠰᠠᠷᠠᠬᠤ ᠬᠦᠷᠢᠶᠡᠯᠡᠩ ᠢ | 36 ᠪᠠᠶᠢᠭᠤᠯᠵᠤ᠂ 5266 ᠣᠷᠣ ᠲᠤᠬᠢᠷᠠᠭᠤᠯᠪᠠ᠃ ᠡᠮ ᠡᠮᠨᠡᠯᠭᠡ ᠶᠢᠨ ᠠᠪᠤᠷᠠᠨ ᠲᠤᠰᠠᠯᠠᠬᠤ ᠨᠢᠭᠡ ᠯᠡ ᠦᠷᠲᠡᠭᠡ | ᠪᠠᠷ ᠲᠠᠰᠤᠯᠠᠨ ᠪᠤᠳᠦᠬᠤ ᠶᠢ ᠪᠦᠬᠦ ᠲᠠᠯ᠎ᠠ ᠪᠠᠷ ᠡᠬᠢᠯᠡᠭᠦᠯᠦᠭᠰᠡᠨ ᠪᠠᠶᠢᠨ᠎ᠠ᠃ ᠲᠠᠪᠤᠨ ᠵᠢᠯ ᠳᠤ ᠨᠡᠶᠢᠳᠡ 205.6 | ᠲᠦᠮᠡᠨ ᠬᠥᠮᠦᠨ ᠤᠳᠠᠭ᠎ᠠ ᠶᠢ ᠠᠪᠤᠷᠠᠨ ᠲᠤᠰᠠᠯᠠᠵᠤ᠂ ᠡᠭᠦᠨ ᠳᠤ ᠪᠡᠯᠡ ᠪᠠᠷ ᠲᠤᠰᠠᠯᠠᠨ ᠳᠠᠭᠠᠳᠬᠠᠯ ᠳᠤ | ᠤᠷᠤᠯᠴᠠᠭᠤᠯᠤᠭᠰᠠᠨ ᠪᠠ ᠬᠤᠷᠰᠢᠬᠰᠠᠨ ᠡᠮᠨᠡᠯᠭᠡ ᠳᠤ ᠤᠷᠤᠯᠴᠠᠭᠤᠯᠤᠭᠰᠠᠨ ᠨᠢ 191.4 ᠲᠦᠮᠡᠨ ᠬᠥᠮᠦᠨ | ᠤᠳᠠᠭ᠎ᠠ ᠳᠤ ᠬᠦᠷᠴᠦ᠂ ᠡᠮᠨᠡᠯᠭᠡ ᠳᠤ ᠰᠠᠭᠤᠵᠤ ᠠᠪᠤᠷᠠᠨ ᠲᠤᠰᠠᠯᠠᠭᠤᠯᠤᠭᠰᠠᠨ ᠨᠢ 14.2 ᠲᠦᠮᠡᠨ ᠬᠥᠮᠦᠨ | ᠤᠳᠠᠭ᠎ᠠ ᠳᠤ ᠬᠦᠷᠴᠦ᠂ ᠬᠥᠮᠦᠨ ᠤᠳᠠᠭ᠎ᠠ ᠪᠦᠷᠢ ᠳᠤ ᠳᠤᠮᠳᠠᠴᠢ ᠪᠠᠷ 2380 ᠲᠥᠭᠦᠷᠢᠭ ᠠᠪᠤᠷᠠᠨ ᠲᠤᠰᠠᠯᠠᠪᠠ᠃ | ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠥᠩᠭᠦ ᠶᠢ 9659.5 ᠲᠦᠮᠡᠨ ᠲᠥᠭᠦᠷᠢᠭ ᠴᠤᠭᠯᠠᠭᠤᠯᠵᠤ᠂ ᠬᠤᠳᠡ | ᠬᠥᠳᠡᠭᠡ ᠶᠢᠨ ᠬᠦᠴᠢᠷᠳᠡᠯᠲᠡᠶ ᠭᠡᠷ ᠪᠦᠯᠢ ᠶᠢᠨ 14.8 ᠲᠦᠮᠡᠨ ᠬᠥᠮᠦᠨ ᠤᠳᠠᠭ᠎ᠠ ᠶᠢ ᠠᠪᠤᠷᠠᠨ ᠲᠤᠰᠠᠯᠠᠪᠠ᠃ |