ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 63 ᠳ᠋ᠤᠭᠠᠷ ᠤᠳᠠᠭ᠎ᠠ ᠶᠢᠨ ᠪᠠᠶᠢᠩᠭᠤ ᠶᠢᠨ  ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/1/15
      1 ᠳ᠋ᠦ᠋ᠭᠡᠷ ᠰᠠᠷ᠎ᠠ ᠶᠢᠨ 13 ᠤ ᠡᠲᠤᠷ᠂ ᠦᠪᠠᠷᠲᠠᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠠᠳ᠋ ᠱᠦᠵᠢ᠂ ᠦᠪᠠᠷᠲᠠᠬᠡᠨ ᠵᠠᠰᠠᠬᠤ ᠤᠷᠤᠨ ᠤ ᠲᠠᠷᠢᠬᠦᠯᠡᠭᠴᠢ ᠪᠠᠭᠠᠲᠤᠷ ᠦᠪᠠᠷᠲᠠᠬᠡᠨ ᠵᠠᠰᠠᠬᠤ ᠤᠷᠤᠨ ᠤ ᠵᠠᠰᠠᠭ ᠤᠨ ᠤᠷᠲᠤᠨ ᠤ ᠪᠠᠶᠢᠡᠭᠭᠤ ᠶᠢᠨ ᠬᠤᠷᠠᠯ ᠢ ᠡᠷᠬᠢᠯᠡᠨ ᠬᠤᠷᠠᠯᠲᠤᠭᠤᠯᠵᠤ᠂ ︽ᠵᠠᠰᠠᠭ ᠤᠨ ᠤᠷᠲᠤᠨ ᠤ ᠠᠵᠢᠯ ᠤᠨ ᠢᠯᠡᠳᠬᠡᠯ ︵ᠶᠠᠷᠢᠯᠴᠠᠬᠤ ᠨᠤᠤᠷᠠᠭ︶︾᠂ ︽ᠦᠪᠠᠷᠲᠠᠬᠡᠨ ᠵᠠᠰᠠᠬᠤ ᠤᠷᠤᠨ ᠤ 2015 ᠤᠨ ᠤ ᠤᠯᠤᠰ ᠠᠷᠠᠳ ᠤᠨ ᠠᠵᠤ ᠠᠬᠤᠢ ᠪᠣᠯᠣᠨ ᠨᠠᠶᠢᠬᠡᠮ ᠤᠨ ᠬᠦᠭᠵᠢᠯᠲᠠ ᠶᠢᠨ ᠲᠦᠯᠦᠪᠵᠢᠬᠦᠯᠬᠡ ᠶᠢ ᠬᠡᠷᠡᠭᠵᠢᠬᠦᠯᠦᠭᠰᠡᠨ ᠪᠠᠶᠢᠲᠠᠯ ᠵᠢᠴᠢ 2016 ᠣᠨ ᠤ ᠤᠯᠤᠰ ᠠᠷᠠᠳ ᠤᠨ ᠠᠵᠤ ᠠᠬᠤᠢ ᠪᠠ ᠨᠠᠶᠢᠬᠡᠮ ᠤᠨ ᠬᠦᠭᠵᠢᠯᠲᠠ ᠶᠢᠨ ᠲᠦᠯᠦᠪᠵᠢᠬᠦᠯᠬᠡ ᠶᠢᠨ ᠲᠦᠰᠦᠯ ᠤᠨ ᠮᠠᠲᠠᠬᠦᠯᠤᠯᠲᠠ︾᠂ ︽ᠦᠪᠠᠷᠲᠠᠬᠡᠨ ᠵᠠᠰᠠᠬᠤ ᠤᠷᠤᠨ ᠤ 2015 ᠤᠨ ᠤ ᠡᠳ᠋ ᠤᠨ ᠵᠠᠰᠠᠬ ᠤᠨ ᠲᠦᠰᠦᠪ ᠢ ᠬᠡᠷᠡᠭᠵᠢᠬᠦᠯᠦᠭᠰᠡᠨ ᠪᠠᠶᠢᠲᠠᠯ ᠪᠠ 2016 ᠣᠨ ᠤ ᠡᠳ᠋ ᠤᠨ ᠵᠠᠰᠠᠭ ᠤᠨ ᠲᠦᠰᠦᠪ ᠤᠨ ᠲᠦᠰᠤᠯ ᠤᠨ ᠮᠠᠲᠠᠬᠦᠯᠤᠯᠲᠠ︾᠂ ︽ᠦᠪᠠᠷᠲᠠᠬᠡᠨ ᠵᠠᠰᠠᠬᠤ ᠤᠷᠤᠨ ᠤ ︿13.5﹀ ᠤᠨ ᠲᠦᠯᠦᠪᠵᠢᠬᠦᠯᠬᠡ ᠶᠢᠨ ᠬᠦᠲᠤᠯᠪᠤᠷᠢ ︵ᠲᠦᠰᠤᠯ︶︾᠂ ︽ᠦᠪᠤᠷ ᠮᠤᠩᠭᠤᠯ ᠤᠨ ᠤᠷᠴᠢᠨ ᠲᠤᠭᠤᠷᠢᠨ ᠢ ᠬᠠᠮᠠᠭᠠᠯᠠᠬᠤ ᠰᠠᠭᠤᠷᠢ ᠮᠦᠡᠭᠬᠦ ᠭᠠᠷᠭᠠᠬᠤ ᠲᠦᠰᠦᠯ︾ ᠪᠠ ︽ᠦᠪᠤᠷ ᠮᠤᠩᠭᠤᠯ ᠤᠨ ᠦᠪᠠᠷᠲᠠᠬᠡᠨ ᠵᠠᠰᠠᠬᠤ ᠤᠷᠤᠨ ᠤ ᠤᠰᠤᠨ ᠤ ᠪᠤᠬᠢᠷᠲᠤᠯ ᠢ ᠰᠡᠷᠬᠡᠶᠢᠯᠠᠨ ᠵᠠᠰᠠᠬᠤ ᠠᠵᠢᠯ ᠤᠨ ᠲᠦᠰᠦᠯ︾ ᠵᠡᠷᠬᠡ ᠵᠦᠢᠯᠡᠰ ᠢ ᠰᠤᠲᠤᠯᠵᠠᠢ᠃      ᠦᠪᠠᠷᠲᠠᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠦᠪᠠᠷᠲᠠᠬᠡᠨ ᠵᠠᠰᠠᠬᠤ ᠤᠷᠤᠨ ᠤ ᠲᠠᠳ᠋ ᠲᠠᠷᠢᠬᠦᠯᠡᠭᠴᠢ ᠹᠦ᠋ ᠲᠠᠢ ᠽᠸᠡᠭ᠂ ᠦᠪᠠᠷᠲᠠᠬᠡᠨ ᠵᠠᠰᠠᠬᠤ ᠤᠷᠤᠨ ᠤ ᠲᠠᠳ᠋ ᠲᠠᠷᠢᠬᠦᠯᠡᠭᠴᠢ ᠯᠢᠤ ᠰᠢᠨ ᠯᠧ᠂ ᠸᠠᠩ ᠢᠤᠢ ᠮᠢᠩ᠂ ᠸᠠᠩ ᠪᠦᠸᠧ᠂ ᠮᠠ ᠮᠢᠩ᠂ ᠪᠠᠢ ᠰᠢᠶᠠᠩ ᠴᠢᠶ᠋ᠸᠦ᠋ᠨ᠂ ᠴᠠᠩ ᠵᠢᠶᠦ᠋ᠨ ᠵᠸᠡᠭ᠂ ᠶᠦᠨ ᠭᠤᠸᠠᠩ ᠵᠦᠡᠭ᠂ ᠦᠪᠠᠷᠲᠠᠬᠡᠨ ᠵᠠᠰᠠᠬᠤ ᠤᠷᠤᠨ ᠤ ᠵᠠᠰᠠᠭ ᠤᠨ ᠤᠷᠲᠤᠨ ᠤ ᠨᠠᠷᠢᠨ ᠪᠢᠴᠢᠭ ᠤᠨ ᠲᠠᠷᠤᠭ᠎ᠠ ᠳ᠋ᠸᠡᠭ ᠶᠤᠸᠠᠢ ᠯᠸᠤ ᠬᠤᠷᠠᠯ ᠳᠤ ᠤᠷᠤᠯᠴᠠᠪᠠ᠃ ᠦᠪᠠᠷᠲᠠᠬᠡᠨ ᠵᠠᠰᠠᠬᠤ ᠤᠷᠤᠨ ᠤ ᠬᠤᠯᠪᠤᠭᠲᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠭ᠎ᠠ ᠶᠢᠨ ᠬᠠᠷᠢᠭᠤᠴᠠᠯᠭᠠᠲᠠᠨ ᠨᠦᠬᠦᠳ ᠬᠤᠷᠠᠯ ᠳᠤ ᠰᠤᠯᠠ ᠤᠷᠤᠯᠴᠠᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ︽ᠵᠠᠰᠠᠭ ᠤᠨ ᠤᠷᠲᠤᠨ ᠤ ᠠᠵᠢᠯ ᠤᠨ ᠢᠯᠡᠳᠬᠡᠯ ︵ᠶᠠᠷᠢᠯᠴᠠᠬᠤ ᠨᠤᠤᠷᠠᠭ︶︾ ᠳᠤ ︽ᠠᠷᠪᠠᠨ ᠬᠤᠶᠠᠲᠤᠭᠠᠷ ᠲᠠᠪᠤᠨ ᠵᠢᠯ︾ ᠤᠨ ᠬᠤᠭᠤᠴᠠᠭ᠎ᠠ ᠪᠠ 2015 ᠤᠨ ᠤ ᠪᠦᠬᠦ ᠤᠷᠤᠨ ᠤ ᠠᠵᠤ ᠠᠬᠤᠢ ᠨᠠᠶᠢᠬᠡᠮ ᠤᠨ ᠬᠦᠭᠵᠢᠯᠲᠠ ᠶᠢᠨ ᠪᠠᠶᠢᠲᠠᠯ ᠢ ᠪᠦᠬᠦ ᠲᠠᠯ᠎ᠠ ᠪᠠᠷ ᠪᠤᠰᠤᠳᠴᠢ ᠪᠠᠷ ᠳ᠋ᠦᠡᠭᠨᠡᠨ᠂ ᠠᠮᠵᠢᠯᠳᠠ ᠪᠦᠲᠦᠮᠵᠢ ᠪᠠᠨ ᠨᠤᠲᠠᠯᠠᠬᠤ ᠶᠢᠨ ᠬᠠᠮᠲᠤ ᠤᠷᠤᠰᠢᠵᠤ ᠪᠠᠶᠢᠭ᠎ᠠ ᠠᠰᠠᠭᠤᠲᠠᠯ ᠢᠢᠡᠨ ᠦᠨᠠᠨ ᠪᠤᠲᠠᠲᠠᠢ ᠪᠠᠷ ᠵᠠᠲᠠᠯᠵᠤ᠂ ︽ᠠᠷᠪᠠᠨ ᠭᠤᠷᠪᠠᠲᠤᠭᠠᠷ ᠲᠠᠪᠤᠨ ᠵᠢᠯ︾ ᠪᠠ 2016 ᠣᠨ ᠤ ᠵᠠᠰᠠᠭ ᠤᠨ ᠤᠷᠲᠤᠨ ᠤ ᠠᠵᠢᠯ ᠤᠨ ᠶᠠᠷᠦᠩᠬᠡᠢ ᠰᠡᠳᠬᠢᠴᠠ᠂ ᠠᠵᠤ ᠠᠬᠤᠢ ᠨᠠᠶᠢᠬᠡᠮ ᠤᠨ ᠬᠦᠭᠵᠢᠯᠲᠠ ᠶᠢᠨ ᠭᠤᠤᠯ ᠵᠢᠱᠢᠭᠰᠡᠨ ᠬᠠᠷᠠᠯᠲᠠ ᠪᠠ ᠠᠵᠢᠯ ᠤᠨ ᠭᠤᠤᠯᠲᠠᠯᠭ᠎ᠠ ᠶᠢ ᠲᠤᠷᠠᠳᠴᠠᠢ ᠭᠡᠵᠡᠢ᠃ ᠬᠤᠷᠠᠯ ᠠᠴᠠ ᠱᠠᠭᠠᠷᠲᠠᠭᠰᠠᠨ ᠨᠢ᠂ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠦᠪᠠᠷᠲᠠᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠶᠢᠰᠤᠲᠤᠬᠡᠷ ᠬᠤᠭᠤᠴᠠᠭᠠᠨ ᠤ ᠠᠷᠪᠠᠨ ᠲᠦᠷᠪᠠᠲᠤᠬᠡᠷ ᠣᠳᠠᠭ᠎ᠠ ᠶᠢᠨ ᠪᠦᠬᠦ ᠭᠡᠰᠢᠭᠦᠳ ᠤᠨ ᠬᠤᠷᠠᠯ ᠪᠠ ᠪᠦᠬᠦ ᠤᠷᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠲᠤᠭᠲᠠᠭᠤᠨ ᠪᠠᠶᠢᠯᠭᠠᠬᠤ ᠮᠦᠷᠳᠡᠭᠡᠨ ᠣᠷᠣᠭᠰᠢᠯᠠᠨ ᠳᠠᠪᠰᠢᠬᠤ ᠠᠵᠢᠯ ᠤᠨ ᠶᠠᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠠ ᠶᠢ ᠡᠬᠦᠳᠬᠦ᠂ ᠵᠤᠬᠢᠴᠠᠩᠭᠤᠢ᠂ ᠪᠤᠬᠢᠷᠲᠤᠯ ᠦᠬᠡᠢ᠂ ᠨᠠᠬᠡᠬᠡᠯᠲᠠᠳᠦ᠂ ᠬᠠᠮᠲᠤᠪᠠᠷ ᠡᠳ᠋ᠯᠡᠬᠦ ᠬᠦᠭᠵᠢᠯᠲᠠ ᠶᠢᠨ ᠤᠢᠢᠯᠠᠭᠠᠭᠳᠠᠬᠤᠨ ᠢ ᠪᠠᠲᠤ ᠪᠣᠢ ᠪᠣᠯᠭᠠᠵᠣ᠂ ︽ᠳᠦᠷᠪᠡᠨ ᠪᠦᠬᠦ ᠳᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠰᠢᠭᠤᠯᠣᠯᠳᠠ ᠶᠣᠰᠣᠭᠠᠷ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ ᠠᠬᠢᠴᠠ ᠶᠢ ᠲᠦᠷᠭᠡᠳᠭᠡᠨ ᠠᠬᠢᠭᠤᠯᠬᠤ ᠬᠡᠷᠡᠭᠳᠡᠢ᠃ ᠠᠵᠣ ᠠᠬᠤᠢ ᠶᠢᠨ ᠨᠡᠮᠡᠭᠳᠡᠯ ᠢ ᠠᠬᠢᠭᠤᠯᠬᠤ ᠪᠡᠯᠡ ᠣᠷᠣᠭᠤᠯᠣᠯᠳᠠ ᠶᠢᠨ ᠦᠢᠯᠡᠳᠦᠯ ᠢ ᠴᠢᠨᠠᠭᠰᠢᠳᠠ ᠪᠠᠳᠠᠷᠠᠭᠤᠯᠵᠣ᠂ ︽ᠮᠠᠯ ᠠᠵᠣ ᠠᠬᠤᠢ ᠳᠠᠷᠢᠶᠠᠯᠠᠩ᠂ ᠮᠠᠯᠵᠢᠬᠤ ᠳᠠᠷᠢᠶᠠᠯᠠᠬᠤ ᠣᠷᠣᠨ᠂ ᠮᠠᠯᠴᠢᠨ ᠳᠠᠷᠢᠶᠠᠴᠢᠨ︾ ᠤ ᠠᠵᠢᠯ ᠢ ᠴᠢᠩᠭᠠᠳᠬᠠᠵᠣ᠂ ᠪᠦᠳᠦᠴᠡ ᠶᠢᠨ ᠴᠢᠨᠠᠷᠳᠠᠢ ᠳᠣᠬᠢᠷᠠᠭᠤᠯᠣᠯᠳᠠ ᠶᠢ ᠲᠦᠷᠭᠡᠳᠭᠡᠨ ᠠᠬᠢᠭᠤᠯᠵᠣ᠂ ᠠᠵᠣ ᠠᠬᠤᠢᠢᠯᠠᠯ ᠤᠨ ᠳᠠᠷᠣᠭᠠᠰᠣ ᠶᠢ ᠬᠦᠴᠦ ᠣᠷᠣᠭᠤᠯᠣᠨ ᠬᠦᠩᠬᠡᠷᠡᠬᠦᠯᠵᠤ᠂ ᠬᠤᠳᠠ ᠬᠦᠳᠡᠭᠡ ᠣᠷᠣᠨ ᠳᠤᠭᠤᠷᠢᠭ ᠤᠨ ᠵᠣᠬᠢᠴᠠᠩᠭᠤᠢ ᠪᠠᠷ ᠬᠦᠭᠵᠢᠬᠦ ᠶᠢ ᠠᠬᠢᠭᠤᠯᠵᠣ᠂ ᠡᠨᠧᠷᠬᠢ ᠠᠷᠪᠢᠯᠠᠵᠣ ᠪᠣᠬᠢᠷᠳᠣᠯ ᠢ ᠪᠠᠭᠠᠰᠬᠠᠬᠤ ᠪᠣᠯᠣᠨ ᠣᠷᠴᠢᠨ ᠳᠣᠭᠤᠷᠢᠨ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠣ᠂ ᠠᠷᠠᠳ ᠤᠨ ᠠᠮᠢᠳᠣᠷᠠᠯ ᠢ ᠦᠨᠡᠨᠬᠦ ᠪᠠᠳᠣᠯᠠᠨ ᠰᠠᠶᠢᠵᠢᠷᠠᠭᠤᠯᠵᠣ᠂ ᠨᠡᠶᠢᠭᠡᠮ ᠤᠨ ᠡᠯ᠎ᠡ ᠵᠦᠢᠯ ᠤᠨ ᠦᠢᠯᠡᠰ ᠢ ᠶᠡᠬᠡᠪᠡᠷ ᠬᠦᠭᠵᠢᠭᠦᠯᠵᠦ᠂ ᠦᠭᠡᠷᠡᠴᠢᠯᠡᠯᠳᠡ ᠨᠡᠭᠡᠭᠡᠯᠳᠡ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠠᠵᠣ ᠠᠬᠤᠢ ᠶᠢᠨ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠦᠨᠡᠨᠬᠦ ᠴᠢᠩᠭᠠᠷᠠᠭᠤᠯᠬᠤ ᠬᠡᠷᠡᠭᠳᠡᠢ᠃ ᠣᠷᠣᠯᠭ᠎ᠠ ᠪᠠᠨ ᠦᠨᠳᠦᠰᠯᠡᠨ ᠵᠠᠷᠣᠯᠭ᠎ᠠ ᠪᠠᠨ ᠳᠣᠭᠳᠠᠭᠠᠬᠤ᠂ ᠨᠢᠭᠡᠳᠦᠯᠳᠡᠢ ᠲᠦᠯᠦᠪᠵᠢᠭᠦᠯᠦᠨ ᠨᠡᠶᠢᠳᠡ ᠳᠤᠨᠢ ᠬᠠᠷᠠᠭᠠᠯᠵᠠᠬᠤ᠂ ᠭᠤᠣᠯᠳᠠᠯᠭ᠎ᠠ ᠪᠠᠨ ᠳᠣᠪᠤᠶᠢᠯᠭᠠᠬᠤ᠂ ᠪᠠᠳᠣᠯᠠᠬᠤ ᠶᠢ ᠨᠢ ᠪᠠᠳᠣᠯᠠᠵᠣ ᠳᠠᠷᠣᠬᠤ ᠶᠢ ᠨᠢ ᠳᠠᠷᠣᠬᠤ ᠵᠠᠷᠴᠢᠮ ᠢ ᠪᠠᠷᠢᠮᠳᠠᠯᠠᠵᠣ᠂ ᠡᠨᠡ ᠵᠢᠯ ᠤᠨ ᠡᠳ᠋ ᠤᠨ ᠵᠠᠰᠠᠭ ᠤᠨ ᠲᠦᠰᠦᠪ ᠢ ᠨᠢᠭᠡᠳᠦᠯᠳᠡᠢ ᠲᠦᠯᠦᠪᠵᠢᠭᠦᠯᠦᠨ ᠰᠠᠶᠢᠳᠣᠷ ᠳᠣᠬᠢᠷᠠᠭᠤᠯᠵᠣ᠂ ᠭᠤᠣᠯᠳᠠᠯᠭ᠎ᠠ ᠲᠠᠢ ᠵᠠᠷᠣᠯᠭ᠎ᠠ ᠶᠢ ᠪᠠᠳᠣᠯᠠᠵᠣ᠂ ᠡᠩ ᠤᠨ ᠵᠠᠷᠣᠯᠭ᠎ᠠ ᠶᠢ ᠳᠠᠷᠣᠵᠣ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠣᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠲᠦᠰᠦᠪ ᠤᠨ ᠬᠠᠮᠢᠶᠠᠷᠣᠯᠳᠠ ᠶᠢᠨ ᠳᠦᠷᠢᠮ ᠢ ᠳᠡᠭᠦᠯᠳᠡᠷᠵᠢᠭᠦᠯᠵᠦ᠂ ᠠᠵᠣ ᠠᠬᠤᠢ ᠨᠡᠶᠢᠭᠡᠮ ᠤᠨ ᠬᠦᠭᠵᠢᠯᠳᠡ ᠳᠤ ᠡᠳ᠋ ᠤᠨ ᠬᠦᠴᠦᠨ ᠤ ᠪᠠᠳᠣᠯᠠᠭ᠎ᠠ ᠬᠠᠩᠭᠠᠬᠤ ᠬᠡᠷᠡᠭᠳᠡᠢ ᠭᠡᠵᠡᠢ᠃      ᠬᠤᠷᠠᠯ ᠠᠴᠠ ᠵᠢᠭᠠᠵᠣ ᠭᠠᠷᠭᠠᠭᠰᠠᠨ ᠨᠢ᠂ ︽13.5︾ ᠶᠢᠨ ᠬᠤᠭᠤᠴᠠᠭ᠎ᠠ ᠪᠣᠯ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠰᠢᠢᠳᠪᠦᠷᠢᠳᠤ ᠱᠠᠳᠣ ᠪᠣᠯᠣᠨ᠎ᠠ᠃ ᠴᠢᠨᠠᠷ ᠰᠠᠶᠢᠳᠠᠢ ︽ᠲᠦᠯᠦᠪᠵᠢᠭᠦᠯᠭᠡ ᠶᠢᠨ ᠬᠦᠳᠦᠯᠪᠦᠷᠢ ︾ ᠳᠣᠭᠳᠠᠭᠠᠬᠤ ᠨᠢ ᠬᠤᠶᠢᠰᠢᠳᠠ ᠶᠢᠨ ᠳᠠᠪᠣᠨ ᠵᠢᠯ ᠤᠨ ᠦᠪᠡᠷᠳᠡᠭᠡᠨ ᠵᠠᠰᠠᠬᠤ ᠣᠷᠣᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢ ᠰᠠᠶᠢᠳᠣᠷ ᠲᠦᠯᠦᠪᠵᠢᠭᠦᠯᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠭᠡᠵᠡᠢ᠃ ᠬᠤᠷᠠᠯ ᠠᠴᠠ ᠱᠠᠭᠠᠷᠳᠠᠭᠰᠠᠨ ᠨᠢ᠂ ︽ᠲᠦᠯᠦᠪᠵᠢᠭᠦᠯᠭᠡ ᠶᠢᠨ ᠬᠦᠳᠦᠯᠪᠦᠷᠢ︾ ᠶᠢ ᠨᠠᠶᠢᠷᠠᠭᠤᠯᠣᠨ ᠳᠣᠭᠳᠠᠭᠠᠬᠤ ᠳᠠᠭᠠᠨ ᠲᠦᠪ ᠤᠨ ᠪᠠ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠣᠯᠳᠠ ᠶᠢ ᠭᠦᠨᠵᠡᠭᠡᠢ ᠳᠣᠣᠱᠯᠠᠭᠤᠯᠣᠨ ᠨᠠᠶᠢᠳᠠᠪᠣᠷᠢᠵᠢᠭᠤᠯᠵᠣ᠂ ᠣᠯᠣᠰ ᠤᠨ ︽ᠲᠦᠯᠦᠪᠵᠢᠭᠦᠯᠭᠡ ᠶᠢᠨ ᠬᠦᠳᠦᠯᠪᠦᠷᠢ︾ ᠲᠠᠢ ᠰᠠᠶᠢᠳᠣᠷ ᠵᠣᠯᠭᠠᠭᠤᠯᠵᠤ᠂ ᠠᠷᠠᠳᠴᠢᠯᠡᠯ ᠢ ᠪᠠᠳᠠᠷᠠᠭᠤᠯᠬᠤ᠂ ᠣᠯᠠᠨ ᠤ ᠣᠶᠣᠨ ᠣᠬᠠᠭᠠᠨ ᠢ ᠲᠦᠪᠯᠡᠷᠡᠭᠦᠯᠬᠦ᠂ ᠡᠭᠦᠳᠡ ᠪᠠᠨ ᠨᠡᠭᠡᠭᠡᠵᠦ ᠲᠦᠯᠦᠪᠵᠢᠭᠦᠯᠭᠡ ᠳᠣᠭᠳᠠᠭᠠᠬᠤ ᠱᠠᠭᠠᠷᠳᠠᠯᠭ᠎ᠠ ᠶᠣᠰᠣᠭᠠᠷ᠂ ᠠᠰᠠᠭᠤᠳᠠᠯ ᠤᠨ ᠣᠳᠣᠷᠢᠳᠣᠮᠵᠢ ᠶᠢ ᠪᠠᠷᠢᠮᠳᠠᠯᠠᠨ᠂ ᠬᠦᠭᠵᠢᠯᠳᠡ ᠶᠢᠨ ᠳᠤᠳᠠᠭᠤᠳᠠᠯ ᠳᠠᠭᠠᠨ ᠠᠩᠬᠠᠷᠣᠯ ᠢᠶᠠᠨ ᠲᠦᠪᠯᠡᠷᠡᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠠᠷᠢᠭᠤᠯᠳᠠ ᠦᠭᠴᠦ᠂ ︽ᠲᠦᠯᠦᠪᠵᠢᠭᠦᠯᠭᠡ ᠶᠢᠨ ᠬᠦᠳᠦᠯᠪᠦᠷᠢ︾ ᠶᠢ ᠮᠠᠨ ᠤ ᠣᠷᠣᠨ ᠤ ︽13.5︾ ᠶᠢᠨ ᠬᠤᠭᠤᠴᠠᠭᠠᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢ ᠵᠢᠯᠣᠭᠤᠳᠬᠤ ᠬᠦᠳᠦᠯᠪᠦᠷᠢ ᠶᠢᠨ ᠴᠢᠨᠠᠷᠳᠠᠢ ᠪᠢᠴᠢᠭ ᠮᠠᠲ᠋ᠧᠷᠢᠶᠠᠯ ᠪᠣᠯᠭᠠᠬᠤ ᠪᠠᠷ ᠴᠢᠷᠮᠡᠶᠢᠬᠤ ᠬᠡᠷᠡᠭᠳᠡᠢ ᠭᠡᠵᠡᠢ᠃      ᠬᠤᠷᠠᠯ ᠠᠴᠠ ᠪᠠᠰᠠ ︽ᠦᠪᠦᠷ ᠮᠣᠩᠭᠤᠯ ᠤᠨ ᠣᠷᠴᠢᠨ ᠳᠣᠭᠤᠷᠢᠨ ᠢ ᠬᠠᠮᠠᠭᠠᠯᠠᠬᠤ ᠰᠠᠭᠤᠷᠢ ᠮᠦᠩᠭᠦ ᠭᠠᠷᠭᠠᠬᠤ ᠲᠦᠰᠦᠯ︾ ᠪᠣᠯᠣᠨ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠤ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯ ᠤᠨ ᠲᠦᠰᠦᠯ︾ ᠢ ᠰᠣᠳᠣᠯᠣᠨ ᠵᠠᠷᠴᠢᠮ ᠳᠡᠭᠡᠷ᠎ᠡ ᠪᠠᠨ ᠪᠠᠳᠣᠯᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号