ᠠᠯᠠᠱᠠ ᠠᠶᠢᠮᠠᠭ 2015 ~ 2016 ᠣᠨ ᠤ ᠰᠤᠷᠤᠯᠭ᠎ᠠ ᠶᠢᠨ ᠵᠢᠯ ᠤᠨ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠰᠢᠨ᠎ᠡ ᠰᠤᠷᠤᠭᠴᠢᠳ ᠤᠨ ᠰᠤᠷᠭᠠᠭᠤᠯᠢ ᠳᠤ ᠣᠷᠣᠬᠤ ᠲᠤᠰᠠᠯᠠᠮᠵᠢ ᠶᠢᠨ ᠮᠥᠩᠭᠦ ᠶᠢ ᠨᠢᠭᠡᠨᠲᠡ ᠪᠦᠬᠦᠨ ᠢ ᠣᠷᠣᠨ ᠪᠠᠶᠢᠷᠢ ᠳᠤᠨᠢ ᠲᠠᠷᠬᠠᠭᠠᠪᠠ
ᠨᠡᠶᠢᠲᠡᠯᠡᠭᠰᠡᠨ ᠴᠠᠭ᠄
2016/1/18
     2015 ᠣᠨ ᠳᠤ᠂ ᠠᠯᠱᠠᠨ ᠠᠶᠢᠮᠠᠭ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠰᠢᠨ᠎ᠡ ᠰᠤᠷᠤᠭᠴᠢ ᠶᠢᠨ ᠰᠤᠷᠭᠠᠭᠤᠯᠢ ᠳᠤ ᠣᠷᠣᠬᠤ ᠲᠤᠰᠠᠯᠠᠮᠵᠢ ᠶᠢᠨ ᠠᠵᠢᠯ ᠤᠨ ᠤᠬᠠᠭᠤᠯᠬᠤ ᠣᠨᠣᠯᠵᠢᠬᠤᠨ ᠤ ᠲᠠᠯ᠎ᠠ ᠪᠠᠷ ᠦᠷᠭᠦᠯᠵᠢᠯᠡᠨ ᠰᠢᠨ᠎ᠡ ᠶᠢ ᠡᠭᠦᠳᠴᠦ᠂ ︽ᠲᠤᠰᠬᠠᠶ ᠳᠠᠩᠰᠠ ᠪᠠᠷ ᠬᠠᠮᠢᠶᠠᠷᠬᠤ᠂ ᠳᠠᠩᠰᠠ ᠬᠤᠪᠢᠶᠠᠨ ᠲᠣᠭᠠᠴᠠᠭ᠎ᠠ ᠬᠢᠬᠦ᠂ ᠪᠢᠲᠡᠭᠦᠮᠵᠢᠯᠡᠨ ᠶᠠᠪᠤᠭᠳᠠᠭᠤᠯᠵᠤ︾ ᠵᠠᠷᠴᠢᠮ ᠢ ᠪᠠᠷᠢᠮᠲᠠᠯᠠᠵᠤ᠂ ᠳᠦᠷᠢᠮᠵᠢᠭᠦᠯᠦᠨ ᠠᠵᠢᠯᠯᠠᠵᠤ᠂ ᠴᠢᠩᠭ᠎ᠠ ᠬᠠᠮᠢᠶᠠᠷᠤᠨ᠂ ᠪᠡᠯᠡ ᠮᠥᠩᠭᠦ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠪᠠ᠃ ᠠᠶᠢᠮᠠᠭ᠂ ᠬᠤᠰᠢᠭᠤ ᠶᠢᠨ ᠰᠤᠷᠤᠭᠴᠢᠳ ᠢ ᠮᠥᠩᠭᠦ ᠪᠠᠷ ᠲᠤᠰᠠᠯᠠᠬᠤ ᠬᠠᠮᠢᠶᠠᠷᠤᠯᠲᠠ ᠶᠢᠨ ᠲᠥᠪ᠂ ᠠᠷᠠᠳ ᠤᠨ ᠶᠠᠪᠤᠳᠠᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠵᠠᠰᠠᠭ ᠵᠠᠬᠢᠷᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠨ ᠬᠠᠷᠭᠤᠭᠤᠯᠤᠯᠲᠠ ᠪᠠᠷ ᠳᠠᠮᠵᠢᠭᠤᠯᠤᠨ᠂ ᠬᠠᠮᠤᠭ ᠡᠴᠦᠰ ᠲᠤ 97 ᠰᠤᠷᠤᠭᠴᠢ ᠶᠢ ᠲᠤᠰᠠᠯᠠᠮᠵᠢ ᠬᠦᠷᠲᠡᠭᠴᠢ ᠪᠠᠷ ᠲᠣᠭᠲᠠᠭᠠᠵᠤ ︵ᠡᠭᠦᠨ ᠳᠤ᠄ ᠵᠢᠩᠬᠢᠨᠢ ᠠᠩᠭᠢ ᠶᠢᠨ ᠰᠤᠷᠤᠭᠴᠢ 65 ᠬᠥᠮᠦᠨ᠂ ᠲᠤᠰᠬᠠᠶ ᠮᠡᠷᠭᠡᠵᠢᠯ ᠤᠨ ᠠᠩᠬᠢ ᠶᠢᠨ ᠰᠤᠷᠦᠬᠴᠢ 32 ᠬᠥᠮᠦᠨ︶᠂ ᠨᠡᠶᠢᠲᠡ 356 ᠲᠦᠮᠡᠨ ᠲᠥᠭᠦᠷᠢᠭ ᠢᠶᠠᠷ ᠲᠤᠰᠠᠯᠠᠬᠤ ᠪᠣᠯᠪᠠ᠃ 2016 ᠣᠨ ᠤ 1 ᠳ᠋ᠦ᠋ᠭᠡᠷ ᠰᠠᠷ᠎ᠠ ᠶᠢᠨ 8᠎ ᠤ ᠡᠳᠦᠷ ᠪᠣᠯᠲᠠᠯ᠎ᠠ᠂ ᠳᠡᠭᠡᠷ᠎ᠡ ᠳᠤᠷᠠᠳᠤᠭᠰᠠᠨ ᠲᠤᠰᠠᠯᠠᠮᠵᠢ ᠶᠢᠨ ᠮᠥᠩᠭᠦ ᠶᠢ ᠨᠢᠭᠡᠨᠲᠡ ᠪᠦᠬᠦᠨ ᠢ ᠰᠤᠷᠤᠭᠴᠢᠳ ᠤᠨ ᠭᠠᠷ ᠲᠤ ᠬᠦᠷᠭᠡᠭᠰᠡᠨ ᠢᠶᠠᠷ ᠠᠯᠠᠱᠠ ᠠᠶᠢᠮᠠᠭ ᠤᠨ 2015 ~ 2016 ᠣᠨ ᠤ ᠰᠤᠷᠤᠯᠭ᠎ᠠ ᠶᠢᠨ ᠵᠢᠯ ᠤᠨ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠰᠢᠨ᠎ᠡ ᠣᠶᠣᠲᠠᠨ ᠰᠤᠷᠤᠭᠴᠢᠳ ᠤᠨ ᠰᠤᠷᠭᠠᠭᠤᠯᠢ ᠳᠤ ᠣᠷᠣᠬᠤ ᠳᠤ ᠮᠥᠩᠭᠦ ᠪᠠᠷ ᠲᠤᠰᠠᠯᠠᠬᠤ ᠠᠵᠢᠯ ᠠᠮᠵᠢᠯᠲᠠ ᠲᠠᠢ ᠪᠠᠷ ᠪᠡᠶᠡᠯᠡᠭᠳᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号