ᠬᠢᠩᠭᠠᠨ ᠠᠶᠢᠮᠠᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠲᠠᠰᠤᠷᠠᠯᠳᠠ ᠦᠭᠡᠢ | ᠬᠥᠭᠵᠢᠬᠦ ᠶᠢ ᠨᠡᠩ ᠰᠠᠶᠢᠲᠤᠷ ᠲᠥᠯᠬᠢᠨ ᠠᠬᠢᠭᠤᠯᠬᠤ ᠶᠢᠨ ᠲᠥᠯᠥᠭᠡ᠂ ᠠᠶᠢᠮᠠᠭ ᠤᠨ ᠨᠠᠮ ᠤᠨ ᠬᠤᠷᠢᠶᠠᠨ ᠤ | ᠨᠢᠭᠡᠳᠦᠮᠡᠯ ᠹᠷᠣᠨᠲ ᠤᠨ ᠬᠡᠯᠲᠡᠰ ᠪᠠ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ 2016 ᠤᠨ ᠤ1 | ᠳ᠋ᠦ᠋ᠭᠡᠷ ᠰᠠᠷ᠎ᠠ ᠶᠢᠨ13 ᠤ ᠡᠳᠦᠷ ︽ᠬᠢᠩᠭᠠᠨ ᠠᠶᠢᠮᠠᠭ ᠤᠨ ︿13.5﹀ ᠶᠢᠨ ᠬᠤᠭᠤᠴᠠᠭᠠᠨ ᠳᠠᠬᠢ | ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠲᠤᠬᠠᠶ ᠰᠤᠳᠤᠯᠤᠨ ᠶᠠᠷᠢᠯᠴᠠᠬᠤ ᠬᠤᠷᠠᠯ︾ | ᠬᠠᠮᠲᠤᠷᠠᠨ ᠡᠷᠬᠢᠯᠡᠪᠡ᠃ ᠠᠶᠢᠮᠠᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠠᠶᠢᠮᠠᠭ ᠤᠨ ᠵᠠᠬᠢᠷᠭ᠎ᠠ᠂ ᠤᠯᠤᠰ ᠲᠦᠷᠦ ᠶᠢᠨ ᠵᠥᠪᠯᠡᠯᠭᠡᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ | ᠪᠦᠬᠦᠢ ᠬᠡᠯᠲᠡᠰ ᠵᠦᠪᠯᠡᠯ ᠤᠨ ᠤᠳᠤᠷᠢᠳᠤᠯᠭ᠎ᠠ᠂ ᠦᠨᠳᠦᠰᠦᠲᠡᠨ ᠤ ᠠᠵᠤ ᠦᠢᠯᠡᠰ ᠤᠨ ᠬᠠᠮᠢᠶ᠎ᠠ ᠪᠦᠬᠦᠢ ᠬᠥᠮᠦᠰ᠂ | ᠦᠨᠳᠦᠰᠦᠲᠡᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠡᠷᠭᠡ 40 ᠭᠠᠷᠤᠶ ᠬᠥᠮᠦᠨ ᠬᠤᠷᠠᠯ ᠳᠤ ᠣᠷᠣᠯᠴᠠᠵᠠᠶ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ︽13.5︾ ᠶᠢᠨ ᠬᠤᠭᠤᠴᠠᠭᠠᠨ ᠳᠤ᠄ ᠨᠢᠭᠡ ᠳᠤ᠂ ᠦᠵᠡᠯ | ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠨ᠂ ᠰᠡᠳᠬᠢᠴᠡ ᠪᠠᠨ ᠪᠠᠶᠠᠯᠢᠭᠵᠢᠭᠤᠯᠵᠤ᠂ ᠬᠠᠷᠠᠭ᠎ᠠ ᠪᠠᠨ | ᠦᠷᠭᠡᠳᠬᠡᠨ᠂ ᠬᠢᠩᠭᠠᠨ ᠠᠶᠢᠮᠠᠭ ᠠᠴᠠ ᠭᠠᠷᠴᠤ ᠬᠢᠩᠭᠠᠨ ᠢ ᠦᠵᠡᠵᠦ᠂ ᠬᠢᠩᠭᠠᠨ ᠠᠶᠢᠮᠠᠭ ᠤᠨ ᠦᠨᠳᠦᠰᠦᠲᠡᠨ ᠤ | ᠰᠤᠶᠤᠯ ᠤᠨ ᠤᠷᠤᠨ ᠪᠠᠶᠢᠷᠢᠰᠢᠯ ᠢ ᠨᠡᠩ ᠳᠡᠭᠡᠳᠦ ᠲᠡᠰ ᠳᠠᠪᠬᠤᠷᠭ᠎ᠠ ᠲᠠᠢ ᠪᠠᠷ ᠰᠠᠶᠢᠲᠤᠷ ᠬᠢᠬᠦ ᠬᠡᠷᠡᠭᠲᠡᠢ ᠃ | ᠬᠤᠶᠠᠷ ᠲᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠭᠠᠷᠳᠠᠨ ᠬᠢᠬᠦ ᠴᠢᠬ ᠪᠣᠯᠭᠠᠨ᠂ | ᠬᠤᠯᠪᠣᠭᠳᠠᠯ ᠪᠦᠬᠦᠢ ᠦᠨᠳᠦᠰᠦᠲᠡᠨ ᠤ ᠰᠣᠶᠣᠯ ᠤᠨ ᠬᠥᠭᠵᠢᠯᠲᠡ ᠶᠢᠨ ᠲᠤᠮᠤ ᠶᠡᠭᠡ ᠲᠦᠷᠦᠯ ᠵᠦᠢᠯ ᠢ ᠠᠶᠢᠮᠠᠭ ᠤᠨ | ︽13 · 5︾ ᠶᠢᠨ ᠲᠥᠯᠥᠪᠵᠢᠭᠦᠯᠭᠡ ᠳᠤ ᠤᠷᠤᠭᠤᠯᠬᠤ ᠪᠠᠷ ᠴᠢᠷᠮᠠᠶᠢᠵᠤ᠂ ᠲᠦᠷᠦᠯ ᠵᠦᠢᠯ ᠢ ᠬᠡᠷᠡᠭᠵᠢᠭᠦᠯᠬᠦ ᠶᠢ | ᠴᠢᠬᠤᠯᠠ ᠭᠠᠷᠳᠠᠴᠠ ᠪᠠ ᠲᠦᠰᠢᠭ ᠲᠤᠯᠭᠠᠭᠤᠷᠢ ᠪᠣᠯᠭᠠᠵᠤ᠂ ᠦᠨᠳᠦᠰᠦᠲᠡᠨ ᠤ ᠰᠤᠶᠤᠯ ᠢ ᠠᠵᠤ ᠦᠢᠯᠡᠰᠵᠢᠭᠦᠯᠦᠨ | ᠬᠦᠭᠵᠢᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃ ᠭᠤᠷᠪᠠ ᠳᠤ᠂ ᠲᠠᠯ᠎ᠠ ᠨᠤᠲᠤᠭ ᠤᠨ ᠰᠣᠶᠣᠯ ᠳᠤ ᠰᠠᠭᠤᠷᠢᠯᠠᠵᠤ᠂ | ᠬᠤᠷᠴᠢᠨ ᠰᠣᠶᠣᠯ᠂ ᠮᠣᠩᠭᠤᠯ ᠰᠣᠶᠣᠯ᠂ ᠬᠤᠪᠢᠰᠬᠠᠯ ᠤᠨ ᠰᠣᠶᠣᠯ᠂ ᠯᠢᠶᠣᠤ ᠤᠯᠤᠰ ᠠᠯᠲᠠᠨ ᠤᠯᠤᠰ ᠤᠨ | ᠰᠣᠶᠣᠯ ᠵᠡᠷᠭᠡ ᠡᠯ᠎ᠡ ᠵᠦᠢᠯ ᠤᠨ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠢ ᠴᠢᠷᠮᠠᠶᠢᠨ ᠠᠭᠤᠳᠠᠯᠵᠤ᠂ | ᠰᠣᠶᠣᠯ ᠤᠨ ᠳᠠᠪᠠᠭᠤᠯᠢᠭ ᠢ ᠠᠵᠤ ᠠᠬᠤᠶ ᠶᠢᠨ ᠳᠠᠪᠠᠭᠤᠯᠢᠭ ᠪᠤᠯᠭᠠᠬᠤ ᠬᠡᠷᠡᠭᠲᠡᠢ᠃ ᠲᠥᠷᠪᠡ ᠳᠤ ︽13 · 5︾ | ᠶᠢᠨ ᠤᠶᠢᠷ᠎ᠠ ᠶᠢᠨ ᠬᠤᠭᠤᠴᠠᠭᠠᠨ ᠤ ᠲᠥᠯᠥᠪᠵᠢᠭᠦᠯᠭᠡ ᠶᠢ ᠰᠠᠶᠢᠲᠤᠷ ᠬᠢᠬᠦ ᠶᠢᠨ ᠬᠠᠮᠲᠤ ᠨᠡᠩ ᠠᠯᠤᠰ ᠭᠡᠳᠤ ᠶᠢᠨ | ᠬᠢ ᠶᠢ ᠪᠤᠳᠤᠯᠬᠢᠯᠠᠵᠤ᠂ ᠵᠣᠷᠢᠭᠲᠠᠶ ᠰᠡᠳᠬᠢᠵᠦ ᠵᠣᠷᠢᠭᠲᠠᠶ ᠬᠢᠵᠦ᠂ ᠥᠪᠡᠷ ᠤᠨ ᠭᠡᠰᠡᠨ ᠰᠣᠶᠣᠯ ᠤᠨ ᠪᠣᠳᠠᠲᠤ | ᠬᠦᠴᠦᠨ ᠢ ᠪᠣᠶᠢᠵᠢᠭᠤᠯᠵᠤ᠂ ᠬᠠᠮᠤᠭ ᠡᠴᠦᠰ ᠲᠤ ᠥᠪᠡᠷᠮᠢᠴᠡ ᠣᠨᠴᠠᠯᠢᠭ ᠪᠦᠬᠦᠢ ᠰᠣᠶᠣᠯ ᠤᠨ ᠰᠢᠰᠲ᠋ᠧᠮᠵᠢ ᠪᠠ | ᠰᠣᠶᠣᠯ ᠤᠨ ᠬᠡᠪ ᠪᠠᠶᠢᠳᠠᠯ ᠢ ᠪᠤᠢ ᠪᠤᠯᠭᠠᠬᠤ ᠬᠡᠷᠡᠭᠲᠡᠢ᠃ ᠲᠠᠪᠤ ᠳᠤ᠂ ᠦᠨᠳᠦᠰᠦᠲᠡᠨ ᠤ ᠰᠣᠶᠣᠯ ᠤᠨ ᠠᠵᠤ | ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠳᠤ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠠᠷᠭ᠎ᠠ | ᠪᠤᠳᠤᠯᠭ᠎ᠠ ᠭᠠᠷᠭᠠᠵᠤ᠂ ᠬᠠᠷᠢᠯᠴᠠᠨ ᠪᠠᠭᠲᠠᠭᠠᠵᠤ᠂ ᠨᠡᠶᠢᠯᠡᠯ ᠬᠦᠴᠦᠨ ᠢ ᠪᠤᠢ ᠪᠤᠯᠭᠠᠬᠤ ᠴᠢᠬᠤᠯᠠᠲᠠᠢ ᠶᠤᠮ᠂ | ᠢᠩᠭᠢᠪᠡᠯ ᠰᠠᠶ᠋ᠢ ᠬᠢᠩᠭᠠᠨ ᠠᠶᠢᠮᠠᠭ ᠤᠨ ᠦᠨᠳᠦᠰᠦᠲᠡᠨ ᠤ ᠰᠤᠶᠤᠯ ᠤᠨ ᠴᠡᠴᠡᠭᠯᠡᠨ ᠬᠦᠭᠵᠢᠬᠦ ᠬᠦᠴᠦᠷᠬᠡᠭ | ᠪᠠᠶᠢᠳᠠᠯ ᠢ ᠪᠦᠲᠦᠭᠡᠵᠦ ᠴᠢᠳᠠᠨ᠎ᠠ ᠭᠡᠵᠡᠢ᠃ | ᠬᠤᠷᠠᠯ ᠳᠤ ᠤᠷᠤᠯᠴᠠᠭᠰᠠᠳ ᠬᠢᠩᠭᠠᠨ ᠠᠶᠢᠮᠠᠭ ︽13.5︾ ᠶᠢᠨ ᠬᠤᠭᠤᠴᠠᠭᠠᠨ ᠳᠤ ᠦᠨᠳᠦᠰᠦᠲᠡᠨ ᠤ | ᠰᠣᠶᠣᠯ ᠤᠨ ᠠᠵᠤ ᠦᠢᠯᠡᠰ ᠢ ᠬᠡᠷᠬᠢᠨ ᠰᠠᠶᠢᠲᠤᠷ ᠬᠢᠬᠦ ᠲᠤᠭᠤᠷᠢᠨ ᠳᠤ᠂ ᠥᠪᠡᠷ ᠤᠨ ᠠᠵᠢᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠵᠤ ᠲᠤᠰ ᠲᠤᠰ ᠭᠤᠶᠢᠳᠠ ᠰᠠᠶᠢᠬᠠᠨ ᠶᠠᠷᠢᠶ᠎ᠠ ᠲᠠᠯᠪᠢᠵᠦ᠂ ᠮᠠᠰᠢ ᠰᠠᠶᠢᠨ ᠰᠠᠨᠠᠯ | ᠰᠠᠨᠠᠭᠤᠯᠭ᠎ᠠ ᠳᠤᠷᠠᠳᠤᠨ ᠭᠠᠷᠭᠠᠵᠤ᠂ ᠬᠢᠩᠭᠠᠨ ᠠᠶᠢᠮᠠᠭ ᠤᠨ ︽13 · 5︾ ᠶᠢᠨ ᠲᠥᠯᠥᠪᠵᠢᠭᠦᠯᠭᠡ ᠳᠤ ᠦᠨ᠎ᠡ | ᠴᠡᠨ᠎ᠡ ᠲᠠᠢ ᠯᠠᠪᠯᠠᠬᠤ ᠰᠠᠨᠠᠯ ᠳᠤᠷᠠᠳᠪᠠ᠃ |