1 ᠳ᠋ᠤᠭᠡᠷ ᠰᠠᠷ᠎ᠠ ᠶᠢᠨ 18 ᠤ ᠡᠳᠦᠷ᠂ ᠪᠦᠬᠦ ᠤᠷᠤᠨ ᠤ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ | ᠵᠢᠴᠢ ᠮᠤᠩᠭᠤᠯ ᠬᠢᠳᠠᠳ ᠡᠮ ᠡᠮᠨᠡᠯᠭᠡ ᠶᠢᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠵᠦ᠂ ︽12.5︾ | ᠶᠢᠨ ᠬᠤᠭᠤᠴᠠᠭᠠᠨ ᠳᠠᠬᠢ ᠪᠦᠬᠦ ᠤᠷᠤᠨ ᠤ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠠᠵᠢᠯ ᠢ ᠳ᠋ᠦᠩᠨᠡᠵᠦ᠂ | ︽13.5︾ ᠶᠢᠨ ᠬᠤᠭᠤᠴᠠᠭᠠᠨ ᠤ ᠡᠬᠢᠯᠡᠯᠳᠡ ᠶᠢᠨ ᠵᠢᠯ ᠤᠨ ᠡᠯ᠎ᠡ ᠲᠦᠷᠦᠯ ᠤᠨ ᠠᠵᠢᠯ ᠢᠶᠠᠨ ᠪᠠᠶᠢᠷᠢᠯᠠᠭᠤᠯᠵᠠᠢ᠃ | ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠯᠢᠤ ᠰᠢᠨ ᠯᠧ ᠬᠤᠷᠠᠯ ᠳᠤ ᠤᠷᠤᠯᠴᠠᠵᠦ ᠶᠠᠷᠢᠶ᠎ᠠ ᠲᠠᠯᠪᠢᠵᠠᠢ᠃ | ᠯᠢᠤ ᠰᠢᠨ ᠯᠧ ᠵᠢᠭᠠᠵᠦ ᠭᠠᠷᠭᠠᠭᠰᠠᠨ ᠨᠢ᠂ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ | ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠦᠷᠡᠵᠢᠯ ᠤᠨ ᠲᠦᠷᠦ ᠶᠢᠨ ᠪᠤᠳᠤᠯᠭ᠎ᠠ ᠶᠢ ᠵᠤᠬᠢᠴᠠᠭᠤᠯᠤᠨ | ᠲᠡᠭᠦᠯᠳᠡᠷᠵᠢᠬᠦᠯᠬᠦ ᠪᠤᠯ ᠠᠵᠦ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ ᠪᠦᠬᠦ ᠲᠠᠯ᠎ᠠ ᠲᠠᠢ ᠬᠤᠯᠪᠤᠭᠳᠠᠵᠦ᠂ | ᠡᠯ᠎ᠠ ᠭᠠᠵᠠᠷ ᠤᠷᠤᠨ ᠡᠯ᠎ᠡ ᠰᠠᠯᠠᠭ᠎ᠠ ᠮᠦᠴᠢᠷ ᠡᠷᠭᠡᠪᠰᠢ ᠪᠦᠬᠦ ᠬᠦᠴᠦᠨ ᠢᠶᠠᠷ ᠦᠭᠡᠷᠡᠴᠢᠯᠡᠯᠳᠡ ᠶᠢ ᠠᠬᠢᠭᠤᠯᠤᠨ | ᠪᠤᠭᠤᠮᠲᠠ ᠰᠢᠪᠳᠤᠯᠵᠦ᠂ ᠠᠷᠠᠳ ᠲᠦᠮᠡᠨ ᠳᠤ ᠦᠭᠡᠷᠡᠴᠢᠯᠡᠯᠳᠡ ᠶᠢᠨ ᠦᠷ᠎ᠠ ᠠᠰᠢᠭ ᠢ ᠡᠳ᠋ᠯᠡᠬᠦᠯᠬᠦ ᠭᠡᠷᠡᠭᠳᠠᠢ᠃ | ᠬᠤᠶᠠᠷ ᠬᠡᠦᠬᠡᠳ ᠠᠪᠴᠦ ᠪᠤᠯᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠭᠡᠷᠡᠭᠵᠢᠬᠦᠯᠵᠦ᠂ ᠲᠦᠯᠦᠪᠯᠡᠭᠡᠳᠦ | ᠦᠷᠡᠵᠢᠯ ᠤᠨ ᠦᠢᠯᠡᠴᠢᠯᠡᠭᠡᠨ ᠤ ᠬᠠᠮᠢᠶᠠᠷᠤᠯᠳᠠ ᠶᠢᠨ ᠲᠦᠪᠰᠢᠨ ᠢ ᠴᠢᠷᠮᠠᠶᠢᠨ ᠳᠡᠭᠡᠭᠰᠢᠯᠡᠬᠦᠯᠬᠦ ᠭᠡᠷᠡᠭᠳᠠᠢ ᠬᠡᠵᠠᠢ᠃ | ᠯᠢᠤ ᠰᠢᠨ ᠯᠧ ᠴᠢᠬᠤᠯᠠᠴᠢᠯᠠᠭᠰᠠᠨ ᠨᠢ᠂ ︽13.5︾ ᠶᠢᠨ ᠬᠤᠭᠤᠴᠠᠭᠠᠨ ᠤ ᠠᠵᠢᠯ ᠢ ᠨᠢᠭᠡᠳᠦᠯᠳᠠᠢ | ᠲᠦᠯᠦᠪᠵᠢᠬᠦᠯᠵᠦ᠂ ︽︿13.5﹀ ᠶᠢᠨ ᠬᠤᠭᠤᠴᠠᠭᠠᠨ ᠤ ᠡᠷᠡᠬᠦᠯ ᠬᠠᠮᠠᠭᠠᠯᠠᠯ ᠪᠠ ᠡᠷᠡᠬᠦᠯ ᠴᠢᠬᠢᠷᠠᠭ ᠤᠨ | ᠲᠦᠯᠦᠪᠵᠢᠬᠦᠯᠭᠡ︾᠂ ︽︿13.5﹀ ᠶᠢᠨ ᠬᠤᠭᠤᠴᠠᠭᠠᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ | ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠲᠦᠯᠦᠪᠵᠢᠬᠦᠯᠭᠡ ᠶᠢ ᠬᠦᠨᠵᠡᠭᠡᠶᠢᠷᠡᠬᠦᠯᠬᠦ︾ ᠪᠠ ︽ᠡᠷᠡᠬᠦᠯ ᠡᠩᠭᠡ ᠦᠪᠦᠷ | ᠮᠤᠩᠭᠤᠯ ᠤᠨ ᠪᠦᠲᠦᠭᠡᠨ ᠪᠠᠶᠢᠭᠤᠯᠤᠯᠳᠠ ᠶᠢᠨ 2030 ᠣᠨ ᠤ ᠬᠦᠳᠦᠯᠪᠦᠷᠢ ᠶᠢᠨ ᠲᠤᠪᠴᠢ︾ ᠶᠢ ᠰᠢᠨᠵᠢᠯᠡᠬᠦ | ᠤᠬᠠᠭᠠᠨᠴᠢ ᠪᠠᠷ ᠪᠤᠳᠤᠯᠬᠢᠯᠠᠬᠤ ᠪᠡ ᠨᠠᠶᠢᠷᠠᠭᠤᠯᠤᠨ ᠵᠤᠬᠢᠶᠠᠬᠤ ᠭᠡᠷᠡᠭᠳᠠᠢ᠃ ᠰᠢᠨ᠎ᠡ ᠤᠢᠢᠯᠠᠭᠠᠭᠳᠠᠬᠤᠨ ᠢᠶᠠᠷ | ᠦᠭᠡᠷᠡᠴᠢᠯᠡᠯᠳᠡ ᠬᠦᠭᠵᠢᠯᠳᠡ ᠶᠢᠨ ᠦᠢᠯᠡᠳᠦᠯᠭᠡ᠂ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠡᠬᠢ | ᠪᠠᠶᠠᠯᠢᠭ ᠤᠨ ᠪᠠᠶᠢᠷᠢᠰᠢᠭᠤᠯᠤᠯᠳᠠ ᠶᠢ ᠰᠢᠯᠢᠳᠡᠭᠵᠢᠬᠦᠯᠦᠨ ᠵᠤᠬᠢᠴᠠᠭᠤᠯᠵᠤ ᠬᠦᠳᠦᠯᠦᠨ ᠳᠠᠭᠠᠭᠤᠯᠬᠤ ᠶᠢ | ᠴᠢᠬᠤᠯᠠᠴᠢᠯᠠᠨ᠂ ᠡᠷᠡᠬᠦᠯ ᠡᠩᠭᠡ ᠦᠪᠦᠷ ᠮᠤᠩᠭᠤᠯ ᠤᠨ ᠪᠦᠲᠦᠭᠡᠨ ᠪᠠᠶᠢᠭᠤᠯᠤᠯᠳᠠ ᠶᠢ ᠠᠬᠢᠭᠤᠯᠵᠦ᠂ ᠡᠷᠡᠬᠦᠯ | ᠬᠠᠮᠠᠭᠠᠯᠠᠯ ᠲᠦᠯᠦᠪᠯᠡᠭᠡᠳᠦ ᠦᠷᠡᠵᠢᠯ ᠤᠨ ᠦᠢᠯᠡᠰ ᠤᠨ ᠳᠠᠪᠠᠯᠳᠠ ᠶᠢᠨ ᠴᠢᠨᠠᠷᠳᠠᠢ ᠬᠦᠭᠵᠢᠯᠳᠡ ᠳᠤ ᠪᠠᠳᠤ ᠰᠠᠭᠤᠷᠢ | ᠲᠠᠯᠪᠢᠬᠤ ᠭᠡᠷᠡᠭᠳᠠᠢ ᠬᠡᠵᠠᠢ᠃ | ᠬᠤᠷᠠᠯ ᠠᠴᠠ ᠪᠠᠰᠠ 2015 ᠣᠨ ᠤ ᠡᠯ᠎ᠠ ᠠᠶᠢᠮᠠᠭ ᠬᠤᠳᠠ ᠪᠣᠯᠣᠨ ᠡᠯ᠎ᠠ ᠬᠠᠮᠢᠶ᠎ᠠ ᠪᠦᠬᠦᠢ ᠰᠠᠯᠠᠭ᠎ᠠ | ᠮᠦᠴᠢᠷ ᠤᠨ ᠲᠦᠯᠦᠪᠯᠡᠭᠡᠳᠦ ᠦᠷᠡᠵᠢᠯ ᠤᠨ ᠠᠵᠢᠯ ᠤᠨ ᠬᠠᠷᠠᠯᠳᠠᠲᠤ ᠬᠠᠮᠢᠶᠠᠷᠤᠯᠳᠠ ᠶᠢᠨ ᠬᠠᠷᠢᠭᠤᠴᠠᠯᠭ᠎ᠠ ᠪᠠᠨ | ᠪᠡᠶᠡᠯᠡᠬᠦᠯᠦᠭᠰᠡᠨ ᠪᠠᠶᠢᠳᠠᠯ ᠢ ᠪᠠᠲᠤᠯᠠᠬᠤ ᠶᠢᠨ ᠵᠡᠷᠭᠡᠪᠡᠷ 2016 ᠣᠨ ᠤ ᠬᠠᠷᠠᠯᠳᠠᠲᠤ ᠬᠠᠮᠢᠶᠠᠷᠤᠯᠳᠠ ᠶᠢᠨ | ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠠᠢ᠃ |