ᠲᠥᠩᠯᠢᠶᠣᠣ ᠬᠤᠲᠠ ᠶᠢᠨ ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠎ ᠨᠢ ᠰᠢᠨ᠎ᠡ ᠲᠠᠷᠢᠶᠠᠯᠠᠬᠤ ᠮᠠᠯᠵᠢᠬᠤ ᠤᠷᠤᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2016/1/20
      2015 ᠣᠨ ᠳᠤ᠂ ᠲᠥᠩᠯᠢᠶᠣᠣ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠨᠠᠢᠮᠠᠨ ᠬᠤᠰᠢᠭᠤ᠂ ᠺᠠᠶᠢᠯᠦ ᠰᠢᠶᠠᠨ ᠵᠡᠷᠭᠡ ᠭᠤᠷᠪᠠᠨ ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠢ ᠭᠤᠣᠯᠳᠠᠯᠭ᠎ᠠ ᠲᠠᠢ ᠲᠦᠯᠬᠢᠨ ᠠᠬᠢᠭᠤᠯᠬᠤ ᠬᠤᠰᠢᠭᠤ ᠰᠢᠶᠠᠨ ᠨᠢ 12 ᠰᠤᠮᠦ ᠪᠠᠯᠭᠠᠰᠤ ᠳᠤ ᠨᠡᠶᠢᠲᠡ ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠪᠣᠯᠬᠤ 19 ᠭᠠᠴᠠᠭ᠎ᠠ ᠲᠤᠰᠬᠤᠨ ᠢ ᠪᠦᠲᠦᠭᠡᠨ ᠪᠠᠶᠢᠭᠤᠯᠵᠤ᠂ ᠨᠡᠶᠢᠲᠡ 9626.94 ᠲᠦᠮᠡᠨ ᠲᠦᠭᠦᠷᠢᠭ ᠤᠨ ᠪᠡᠯᠡ ᠣᠷᠤᠭᠤᠯᠪᠠ᠃ ᠡᠭᠦᠨ ᠳᠤ᠂ ᠡᠳ᠋ ᠤᠨ ᠵᠠᠰᠠᠭ ᠤᠨ ᠱᠠᠩᠨᠠᠨ ᠨᠦᠬᠦᠪᠦᠷᠢᠯᠡᠭᠰᠡᠨ ᠪᠡᠯᠡ ᠮᠦᠩᠭᠦ ᠎ ᠨᠢ 6329 ᠲᠦᠮᠡᠨ ᠲᠦᠭᠦᠷᠢᠭ ᠪᠠᠶᠢᠵᠤ᠂ ᠶᠡᠷᠦᠩᠬᠡᠢ ᠪᠡᠯᠡ ᠣᠷᠤᠭᠤᠯᠤᠯᠲᠠ ᠶᠢᠨ 65.74%᠎ ᠶᠢ ᠡᠵᠡᠯᠡᠨ᠎ᠡ︔ ᠮᠠᠯᠴᠢᠨ ᠲᠠᠷᠢᠶᠠᠴᠢᠨ ᠤ ᠴᠤᠭᠯᠠᠭᠤᠯᠤᠭᠰᠠᠨ ᠪᠡᠯᠡ ᠮᠦᠩᠭᠦ ᠬᠦᠳᠡᠯᠮᠦᠷᠢ ᠬᠦᠴᠦ  ᠂ ᠲᠣᠰᠬᠤᠨ ᠤ ᠬᠠᠮᠲᠤ ᠶᠢᠨ ᠣᠷᠤᠭᠤᠯᠤᠯᠲᠠ᠂ ᠠᠵᠤ ᠠᠬᠤᠶᠢᠯᠠᠯ ᠬᠤᠪᠢ ᠬᠦᠮᠦᠨ ᠤ ᠲᠤᠰᠠᠯᠠᠮᠵᠢ ᠳᠡᠮᠵᠢᠯᠭᠡ ᠵᠡᠷᠭᠡ ᠵᠠᠰᠠᠭ ᠤᠨ ᠤᠷᠳᠤᠨ ᠤ ᠪᠣᠰᠤ ᠪᠡᠯᠡ ᠣᠷᠤᠭᠤᠯᠤᠯᠲᠠ ᠨᠢ 3297.94 ᠲᠦᠮᠡᠨ ᠲᠦᠭᠦᠷᠢᠭ ᠪᠠᠶᠢᠵᠤ᠂ ᠶᠡᠷᠦᠩᠬᠡᠢ ᠪᠡᠯᠡ ᠣᠷᠤᠭᠤᠯᠤᠯᠲᠠ ᠶᠢᠨ 34.26%᠎ ᠶᠢ ᠡᠵᠡᠯᠡᠪᠡ᠃ ᠭᠤᠣᠯᠳᠠᠯᠭ᠎ᠠ ᠲᠠᠢ ᠲᠦᠯᠬᠢᠨ ᠠᠬᠢᠭᠤᠯᠬᠤ ᠳᠤ ᠦᠯᠦ ᠪᠠᠭᠲᠠᠬᠤ ᠬᠤᠰᠢᠭᠤ ᠰᠢᠶᠠᠨ ᠴᠦ ᠢᠳᠡᠪᠬᠢᠲᠡᠢ ᠪᠠᠷ ᠪᠡᠯᠡ ᠮᠦᠩᠭᠦ ᠲᠣᠬᠢᠷᠠᠭᠤᠯᠤᠨ ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢ ᠦᠷᠨᠢᠭᠦᠯᠪᠡ᠂ ᠵᠢᠱᠢᠶᠡᠯᠡᠪᠡᠯ ᠬᠤᠷᠴᠢᠨ ᠵᠡᠭᠦᠨ ᠭᠠᠷᠤᠨ ᠳᠤᠮᠳᠠ ᠬᠤᠰᠢᠭᠤ ᠨᠢ ᠭᠤᠷᠪᠠᠨ ᠰᠤᠮᠤ ᠪᠠᠯᠭᠠᠰᠤᠨ ᠳᠤ 11 ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠢ ᠪᠦᠲᠦᠭᠡᠨ ᠪᠠᠶᠢᠭᠤᠯᠵᠤ᠂ ᠲᠦᠷᠦᠯ ᠵᠦᠢᠯ ᠳᠤ 834.37 ᠲᠦᠮᠡᠨ ᠲᠦᠭᠦᠷᠢᠭ ᠤᠨ ᠪᠡᠯᠡ ᠣᠷᠤᠭᠤᠯᠪᠠ ︵ᠨᠢᠭᠡ ᠶᠠᠪᠤᠳᠠᠯ ᠢ ᠨᠢᠭᠡ ᠵᠦᠪᠯᠡᠬᠦ ᠲᠦᠷᠦᠯ ᠵᠦᠢᠯ ᠪᠠᠭᠲᠠᠨ᠎ᠠ︶᠃       ᠲᠥᠩᠯᠢᠶᠣᠣ ᠬᠤᠲᠠ ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢᠨ ᠶᠠᠪᠤᠴᠠ ᠳᠤᠮᠳᠠ᠂ ᠭᠠᠴᠠᠭ᠎ᠠ ᠲᠤᠰᠬᠤᠨ ᠤ ᠣᠷᠴᠢᠨ ᠲᠤᠭᠤᠷᠢᠨ ᠢ ᠴᠡᠭᠴᠡᠯᠡᠨ ᠵᠠᠰᠠᠬᠤ ᠳᠤ ᠰᠠᠭᠤᠷᠢᠯᠠᠨ᠂ ᠬᠡᠷᠡᠭᠵᠢᠭᠦᠯᠦᠭᠰᠡᠨ ᠲᠦᠷᠦᠯ ᠵᠦᠢᠯ ᠨᠢ ᠬᠦᠳᠡᠭᠡ ᠲᠤᠰᠬᠤᠨ ᠤ ᠲᠦᠯᠦᠪᠵᠢᠭᠦᠯᠭᠡ ᠪᠠᠷ ᠭᠤᠣᠯ ᠱᠤᠭᠤᠮ ᠪᠣᠯᠭᠠᠨ᠂ ᠭᠠᠴᠠᠭ᠎ᠠ ᠲᠤᠰᠬᠤᠨ ᠢ ᠴᠡᠭᠴᠡᠯᠡᠨ ᠵᠠᠰᠠᠬᠤ ᠪᠠᠷ ᠰᠢᠪᠲᠤᠯᠤᠯᠲᠠ ᠪᠣᠯᠭᠠᠨ᠂ ᠠᠵᠤ ᠦᠢᠯᠡᠰ ᠢ ᠬᠦᠭᠵᠢᠭᠦᠯᠬᠦ ᠪᠠᠷ ᠰᠠᠭᠤᠷᠢ ᠪᠣᠯᠭᠠᠨ᠂ ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠢ ᠪᠦᠲᠦᠭᠡᠨ ᠪᠠᠶᠢᠭᠤᠯᠬᠤ ᠎ ᠪᠠᠷ ᠭᠤᠣᠯ ᠪᠣᠯᠭᠠᠵᠤ᠂ ᠭᠠᠵᠠᠷ ᠤᠷᠤᠨ ᠳᠤ ᠨᠢ ᠲᠣᠬᠢᠷᠠᠭᠤᠯᠤᠨ ᠨᠢᠭᠡᠨ ᠪᠦᠯᠦᠭ ︽ᠠᠵᠤ ᠦᠢᠯᠡᠰ ᠨᠢ ᠬᠦᠭᠵᠢᠭᠰᠡᠨ᠂ ᠣᠷᠴᠢᠨ ᠲᠣᠭᠤᠷᠢᠨ ᠨᠢ ᠭᠤᠶᠣᠯᠢᠭ᠂ ᠣᠨᠴᠠᠯᠢᠭ ᠨᠢ ᠲᠣᠳᠤᠷᠠᠭᠤᠨ᠂ ᠠᠮᠢᠳᠤᠷᠠᠯ ᠨᠢ ᠦᠨᠢᠷ ᠪᠠᠶᠠᠯᠢᠭ᠂ ᠬᠡᠪ ᠰᠤᠷᠲᠠᠯ ᠨᠢ ᠪᠣᠯᠪᠠᠰᠤᠨ︾ ᠰᠠᠭᠤᠷᠢᠰᠢᠬᠤ ᠳᠤ ᠲᠠᠭᠠᠯᠠᠮᠵᠢᠲᠠᠢ᠂ ᠠᠵᠤ ᠦᠢᠯᠡᠰ ᠴᠣᠭᠴᠠᠯᠠᠬᠤ ᠳᠤ ᠲᠣᠬᠢᠷᠠᠮᠵᠢᠲᠠᠢ᠂ ᠵᠤᠭᠠᠴᠠᠬᠤ ᠳᠤ ᠵᠣᠬᠢᠰᠲᠠᠢ ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠢ ᠪᠠᠶᠢᠭᠤᠯᠪᠠ᠃ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠢ ᠰᠠᠶᠢᠵᠢᠷᠠᠭᠤᠯᠵᠤ᠂ ᠮᠠᠯᠴᠢᠨ ᠲᠠᠷᠢᠶᠠᠴᠢᠳ ᠤᠨ ᠠᠵᠠ ᠵᠢᠷᠭᠠᠯᠲᠤ ᠰᠡᠳᠬᠢᠯᠭᠡ ᠶᠢ ᠳᠡᠭᠡᠭᠰᠢᠯᠡᠭᠦᠯᠦᠨ᠂ ᠰᠢᠨ᠎ᠡ ᠲᠠᠷᠢᠶᠠᠯᠠᠬᠤ ᠮᠠᠯᠵᠢᠬᠤ ᠣᠷᠤᠨ ᠤ ᠪᠦᠲᠦᠭᠡᠨ ᠪᠠᠶᠢᠭᠤᠯᠤᠯᠲᠠ ᠎ ᠳᠤ ᠵᠢᠱᠢᠶ᠎ᠡ ᠦᠵᠡᠭᠦᠯᠦᠨ ᠬᠦᠲᠦᠯᠦᠨ ᠳᠠᠭᠠᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号